ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠬᠡᠬᠡᠷᠡᠯᠡᠨ ᠭᠦᠶᠦᠬᠦ ᠤᠷᠤᠯᠳᠤᠭᠠᠨ ᠢᠶᠠᠨ ᠠᠮᠵᠢᠯᠲᠠ ᠲᠠᠢ ᠶᠠᠪᠤᠭᠤᠯᠵᠠᠢ
ᠨᠡᠶᠢᠲᠡᠯᠡᠭᠰᠡᠨ ᠴᠠᠭ᠄
2020/12/11
      ᠰᠤᠷᠤᠭᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠪᠤᠯᠤᠨ ᠦᠷᠢᠰᠦᠯᠳᠦᠭᠡᠨ ᠤ ᠬᠢᠷᠢ ᠲᠦᠪᠰᠢᠨ ᠢ ᠦᠨᠳᠦᠷᠵᠢᠭᠦᠯᠬᠦ ᠪᠠᠷ ᠤᠢᠢᠷ᠎ᠠ ᠶᠢᠨ ᠡᠳᠤᠷ᠂ ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠡᠪᠦᠯ ᠤᠨ ᠤᠯᠠᠷᠢᠯ ᠤᠨ ᠬᠡᠬᠡᠷᠡᠯᠡᠨ ᠭᠦᠶᠦᠬᠦ ᠤᠷᠤᠯᠳᠤᠭᠠᠨ ᠦᠷᠨᠢᠭᠦᠯᠦᠭᠰᠡᠨ ᠪᠠᠶᠢᠨ᠎ᠠ᠃       ᠰᠤᠷᠭᠠᠭᠤᠯᠢ ᠶᠢᠨ ᠪᠡᠶ᠎ᠡ ᠲᠠᠮᠢᠷ ᠪᠤᠯ ᠵᠠᠯᠠᠭᠤᠴᠤᠳ ᠤᠨ ᠪᠡᠶ᠎ᠡ ᠮᠠᠬᠠᠪᠤᠳ ᠢ ᠪᠦᠬᠦ ᠲᠠᠯ᠎ᠠ ᠪᠠᠷ ᠬᠦᠭᠵᠢᠬᠦᠯᠬᠦ ᠪᠦᠳᠤᠮᠵᠢᠳᠠᠢ ᠠᠷᠭ᠎ᠠ ᠠᠪᠴᠠᠯ ᠮᠦᠨ᠃ ᠡᠨᠡᠬᠦ ᠦᠵᠡᠯᠳᠡ ᠲᠠᠨᠢᠯᠳᠠ ᠶᠢ ᠪᠤᠳᠠᠳᠠᠢ ᠦᠢᠯᠡᠳᠦᠯᠭᠡᠵᠢᠭᠦᠯᠬᠦ ᠠᠵᠢᠯ ᠢ ᠰᠠᠶᠢᠳᠤᠷ ᠬᠢᠵᠦ ᠶᠠᠪᠤᠭ᠎ᠠ ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠪᠦᠬᠦ ᠪᠠᠭᠰᠢ ᠠᠵᠢᠯᠳᠠᠳ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠢᠶᠠᠷ ᠬᠦᠭᠵᠢᠬᠦ ᠶᠢ ᠴᠢᠬᠤᠯᠠᠴᠢᠯᠠᠨ ᠦᠵᠡᠵᠤ᠂ ᠲᠠᠮᠢᠷᠴᠢᠳ ᠤᠨ ᠦᠵᠡᠯ ᠰᠠᠨᠠᠭ᠎ᠠ ᠶᠤᠰᠤ ᠰᠤᠷᠳᠠᠬᠤᠨ ᠪᠤᠯᠤᠨ ᠠᠮᠤᠷ ᠲᠦᠪᠰᠢᠨ ᠤ ᠬᠦᠮᠦᠵᠢᠯ ᠢ ᠴᠢᠩᠭᠠᠳᠬᠠᠬᠤ ᠪᠠᠷ᠂ ᠡ᠊ᠨᠡ ᠤᠳᠠᠭᠠᠨ ᠤ ᠬᠡᠬᠡᠷᠡᠯᠡᠨ ᠭᠦᠶᠦᠬᠦ ᠤᠷᠤᠯᠳᠤᠭᠠᠨ ᠢ ᠲᠦᠢᠯ ᠢᠶᠠᠷ ᠬᠦᠨᠳᠦᠳᠭᠡᠨ᠂ ᠰᠤᠷᠭᠠᠭᠤᠯᠢ ᠶᠢᠨ ᠵᠠᠬᠢᠷᠤᠯ ᠲᠦᠷᠦᠬᠦᠳᠡᠢ ᠪᠠᠭᠰᠢ ᠨᠠᠷ ᠲᠤᠭᠤᠶᠢᠯᠠᠩ ᠬᠤᠪᠢᠶᠠᠨ ᠬᠤᠪᠢᠳᠠᠨ ᠤᠯᠤᠭᠰᠠᠨ ᠤᠷᠤᠯᠳᠤᠭᠠᠨ ᠤ ᠴᠡᠭ ᠲᠤ ᠪᠠᠨ ᠰᠤᠷᠤᠭᠴᠢᠳ ᠤᠨ ᠠᠮᠤᠷ ᠲᠦᠪᠰᠢᠨ ᠢ ᠬᠠᠷᠢᠭᠤᠴᠠᠨ ᠬᠢᠨᠠᠭᠰᠠᠨ ᠪᠠᠶᠢᠨ᠎ᠠ᠃       ᠤᠷᠤᠯᠳᠤᠭᠠᠨ ᠠᠴᠠ ᠡᠮᠦᠨ᠎ᠡ ᠤᠷᠤᠯᠴᠠᠭᠰᠠᠳ ᠲᠤ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠳᠠ ᠪᠠ ᠦᠵᠡᠯ ᠰᠠᠨᠠᠭᠠᠨ ᠤ ᠬᠦᠮᠦᠵᠢᠯ ᠢ ᠴᠢᠨᠠᠷᠯᠢᠭ ᠬᠢᠭᠰᠡᠨ ᠰᠠᠭᠤᠷᠢᠨ ᠲᠡᠭᠡᠷ᠎ᠡ᠂ ᠤᠷᠤᠯᠳᠤᠭᠠᠨ ᠢᠶᠠᠨ ᠤᠨ ᠢᠶᠠᠷ ᠨᠢᠭᠡᠴᠡᠯᠡᠨ ᠶᠠᠪᠤᠭᠳᠠᠭᠤᠯᠵᠤ᠂ ᠠᠩᠭᠢ ᠪᠦᠷᠢ ᠠᠴᠠ 5 ᠨᠡᠷᠡᠰ ᠡᠷᠡᠭᠳᠡᠢ ᠡᠮᠡᠭᠳᠡᠢ ᠲᠠᠮᠢᠷᠴᠢᠨ ᠰᠢᠯᠢᠭᠳᠡᠨ ᠤᠷᠤᠯᠴᠠᠵᠤ᠂ ᠡᠮᠡᠭᠳᠡᠢ ᠲᠠᠮᠢᠷᠴᠢᠳ 3000 ᠮᠧᠲᠷ᠂ ᠡᠷᠡᠭᠳᠡᠢ ᠲᠠᠮᠢᠷᠴᠢᠳ 5000 ᠮᠧᠲᠷ ᠤᠨ ᠵᠠᠢ ᠳᠤ ︽ᠨᠦᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ︾ ᠭᠡᠬᠦ ᠤᠷᠢᠶ᠎ᠠ ᠪᠠᠷ ᠢᠳᠡᠭᠡᠯ ᠵᠤᠷᠢᠭ ᠢᠶᠠᠨ ᠬᠦᠪᠴᠢᠯᠡᠨ᠂ ᠢᠳᠡ ᠬᠦᠴᠦ ᠲᠠᠢ᠂ ᠢᠳᠡᠭᠡᠯ ᠵᠤᠷᠢᠭ ᠲᠠᠢ᠂ ᠴᠤᠭ ᠵᠤᠯᠪᠤᠭ᠎ᠠ ᠲᠠᠢ ᠦᠷᠢᠰᠦᠯᠳᠦᠨ ᠭᠦᠶᠦᠵᠡᠭᠡᠵᠦ᠂ ᠪᠡᠶ᠎ᠡ ᠮᠠᠬᠠᠪᠤᠳ ᠢᠶᠠᠨ ᠴᠢᠬᠢᠷᠠᠬᠵᠢᠭᠤᠯᠵᠤ ᠪᠤᠯᠪᠠᠰᠤᠷᠠᠭᠤᠯᠤᠭᠰᠠᠨ ᠨᠢᠭᠡᠨ ᠤᠳᠠᠭᠠᠨ ᠤ ᠤᠷᠤᠯᠳᠤᠭᠠᠨ ᠪᠤᠯᠵᠠᠢ᠃       ᠤᠷᠤᠯᠳᠤᠭᠠᠨ ᠤ ᠦᠷ᠎ᠡ ᠳ᠋ᠦᠩ ᠳᠤ᠂ ᠲᠡᠭᠡᠳᠦ ᠨᠢᠭᠡ ᠶᠢᠨ ᠲᠠᠪᠤ᠂ ᠲᠡᠭᠡᠳᠦ ᠬᠤᠶᠠᠷ ᠤᠨ ᠨᠠᠢᠮᠠ᠂ ᠲᠠᠭᠡᠳᠦ ᠭᠤᠷᠪᠠ ᠶᠢᠨ ᠵᠢᠷᠭᠤᠭ᠎ᠠ ᠶᠢᠨ ᠠᠩᠭᠢ ᠲᠤᠰ ᠲᠤᠰ ᠠᠩᠭᠢ ᠨᠢᠭᠡᠴᠢ ᠳᠤ ᠪᠠᠨ ᠦᠵᠦᠭᠦᠷᠯᠡᠵᠦ ᠱᠠᠩᠨᠠᠯ ᠲᠤᠰᠤᠭᠰᠠᠨ ᠪᠦᠭᠡᠳ ᠲᠠᠰ ᠲᠤ ᠲᠤᠳᠤᠷᠠᠭᠰᠠᠨ ᠬᠤᠪᠢ ᠬᠦᠮᠦᠨ ᠴᠦ ᠬᠦᠬᠢᠭᠦᠯᠦᠯ ᠱᠠᠩᠨᠠᠯ ᠬᠦᠷᠳᠡᠨ᠂ ᠢᠳᠡᠭᠡᠯ ᠵᠤᠷᠢᠭ ᠢ ᠨᠢ ᠡᠷᠴᠢᠯᠡᠵᠤ᠂ ᠤᠷᠤᠯᠳᠤᠭᠠᠨ ᠠᠮᠵᠢᠯᠳᠠ ᠲᠠᠢ ᠦᠨᠳᠦᠷᠯᠡᠪᠡ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号