ᠵᠠᠯᠠᠶᠢᠳ ᠬᠤᠰᠢᠭᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠴᠢᠳᠠᠪᠦᠷᠢᠳᠠᠨ ᠢ ᠰᠢᠯᠭᠠᠷᠠᠭᠤᠯᠬᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2020/12/11
       ᠤᠢᠢᠷ᠎ᠠ ᠶᠢᠨ ᠡᠳᠦᠷ᠂ ᠵᠠᠯᠠᠶᠢᠳ ᠬᠤᠰᠢᠭᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠴᠢᠳᠠᠪᠦᠷᠢᠳᠠᠨ ᠢ ᠰᠢᠯᠭᠠᠷᠠᠭᠤᠯᠬᠤ ᠤᠷᠤᠯᠳᠤᠭᠠᠨ ᠢᠶᠠᠨ ᠢᠨᠳᠡᠷ ᠲᠠᠬᠢ ᠵᠢᠷᠭᠤᠳᠤᠭᠠᠷ ᠳᠤᠮᠳᠠᠲᠦ ᠰᠤᠷᠭᠠᠭᠤᠯᠢ ᠳᠤ ᠶᠠᠪᠤᠬᠳᠠᠭᠤᠯᠪᠠ᠃       ᠲᠤᠰ ᠤᠳᠠᠭᠠᠨ ᠤ ᠤᠷᠤᠯᠳᠤᠭᠠᠨ ᠢ ᠵᠠᠯᠠᠶᠢᠳ ᠬᠤᠰᠢᠭᠤᠨ ᠤ ᠵᠢᠭᠠᠬᠤ ᠶᠢ ᠰᠤᠳᠤᠯᠬᠤ ᠭᠡᠷ ᠡᠷᠬᠢᠯᠡᠵᠦ᠂ ᠥᠨᠳᠥᠷ ᠪᠠᠷᠢᠮᠵᠢᠶ᠎ᠠ ᠪᠠᠷ ᠰᠤᠩᠭᠤᠨ ᠰᠢᠯᠭᠠᠷᠠᠭᠤᠯᠤᠬᠰᠠᠨ ᠠᠴᠠ ᠪᠠᠭᠰᠢ ᠨᠠᠷ ᠤᠨ ᠵᠢᠭᠠᠨ ᠰᠤᠷᠭᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠠᠰᠢᠳᠠᠢ ᠰᠠᠶᠢᠬᠠᠨ ᠵᠠᠪᠰᠢᠶᠠᠨ ᠪᠤᠯᠤᠬᠰᠠᠨ ᠪᠠᠶᠢᠨ᠎ᠠ᠃       ᠤᠷᠤᠯᠳᠤᠭᠠᠨ ᠳᠤ ᠯᠠᠪᠯᠠᠯᠳᠠ ᠶᠢᠨ ᠵᠢᠭᠠᠬᠤ ᠮᠠᠲ᠋ᠧᠷᠢᠶᠠᠯ ᠦᠭᠡᠢ ᠪᠠᠶᠢᠳᠠᠯ ᠲᠤᠤᠷ᠎ᠠ ᠤᠷᠤᠯᠳᠤᠬᠴᠢᠤᠨ ᠢᠶᠠᠷ ᠵᠢᠭᠠᠬᠤ ᠠᠭᠤᠯᠭ᠎ᠠ ᠳᠤ ᠪᠠᠨ ᠰᠠᠭᠤᠷᠢᠯᠡᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠬᠢᠯᠭᠡᠵᠤ᠂ ᠪᠠᠭ᠎ᠠ ᠰᠤᠷᠭᠠᠭᠤᠯᠢ ᠶᠢᠨ ᠱᠠᠲᠤᠨ ᠤ ᠵᠢᠭᠠᠬᠤ ᠮᠠᠲ᠋ᠧᠷᠢᠶᠠᠯ ᠢ ᠪᠦᠬᠦᠯᠢ ᠴᠤᠬᠴᠠ ᠪᠠᠷ ᠨᠢ ᠡᠵᠡᠮᠰᠢᠭᠰᠡᠨ ᠪᠠᠶᠢᠳᠡᠯ ᠢ ᠰᠢᠨᠵᠢᠯᠡᠨ ᠪᠠᠶᠢᠴᠠᠭᠠᠵᠦ᠂ ᠪᠠᠭᠰᠢ ᠨᠠᠷ ᠤᠨ ᠵᠢᠭᠠᠨ ᠰᠤᠷᠭᠠᠯᠲᠠ ᠶᠢᠨ ᠲᠤᠬᠠᠢ ᠤᠢᠢᠯᠠᠭᠠᠭᠳᠠᠬᠤᠨ ᠢᠶᠠᠨ ᠪᠣᠳᠠᠲᠠᠢ ᠦᠢᠯᠡ ᠠᠵᠢᠯᠯᠠᠭ᠎ᠠ ᠳᠤ ᠪᠠᠨ ᠦᠢᠯᠡᠳᠤᠯᠭᠡᠵᠢᠬᠦᠯᠵᠤ ᠴᠢᠳᠠᠬᠰᠠᠨ ᠡᠰᠡᠬᠦ ᠶᠢ ᠤᠯᠵᠤ ᠬᠠᠷᠠᠵᠠᠢ᠃      ᠤᠢᠢᠯᠠᠭᠠᠬᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠳᠤ ᠪᠠᠨ ᠨᠡᠶᠢᠲᠡ 135 ᠪᠠᠭᠰᠢ ᠶᠢ ᠤᠷᠤᠯᠴᠠᠭᠤᠯᠵᠦ᠂ ᠪᠢᠷ ᠤᠨ ᠰᠢᠯᠭᠠᠯᠲᠠ ᠪᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠵᠡᠷᠭᠡ ᠬᠤᠶᠠᠷ ᠭᠤᠬᠴᠤᠭ᠎ᠠ ᠪᠠᠷ ᠶᠠᠪᠤᠬᠳᠠᠭᠤᠯᠬᠤ ᠪᠠᠷ ᠲᠦᠯᠦᠪᠯᠡᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠵᠡᠭᠦᠯᠭᠡ ᠶᠢ 2021 ᠣᠨ ᠤ 5 ᠰᠠᠷ᠎ᠠ ᠳᠤ ᠶᠠᠪᠤᠭᠳᠠᠭᠤᠯᠬᠤ ᠪᠤᠯᠤᠨ᠎ᠠ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号