ᠬᠤᠷᠴᠢᠨ ᠪᠠᠷᠡᠭᠤᠨ ᠭᠠᠷᠣᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠠᠮ ᠤᠨ ᠪᠠᠶᠢᠭᠤᠯᠤᠯᠲᠠ ᠪᠠᠨ ᠴᠢᠩᠭᠠᠳᠬᠠᠭᠠᠳ ᠵᠢᠭᠠᠨ ᠰᠤᠷᠭᠠᠯᠳᠠ ᠳᠤ ᠪᠠᠨ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2020/12/11
      ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ ᠶᠢᠨ ᠨᠠᠮ ᠤᠨ ᠬᠤᠷᠢᠶ᠎ᠠ ᠣᠯᠠᠨ ᠵᠢᠯ ᠤᠨ ᠲᠤᠷᠰᠢ᠂ ᠨᠠᠮ ᠤᠨ ᠪᠠᠶᠢᠭᠤᠯᠤᠯᠲᠠ ᠪᠠᠨ ᠰᠠᠶᠢᠳᠤᠷ ᠴᠢᠩᠭᠠᠳᠬᠠᠬᠰᠠᠨ ᠠᠴᠠ 2007 ᠣᠨ ᠳᠤ ︽ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ︿ᠬᠤᠶᠠᠷ ᠦᠨᠳᠦᠰᠦᠨ﹀ ᠪᠤᠭᠤᠮᠲᠠ ᠰᠢᠪᠳᠤᠯᠬᠤ ᠲᠡᠷᠢᠭᠦᠨ ᠤ ᠭᠠᠵᠠᠷ ᠣᠷᠣᠨ︾ ᠢᠶᠠᠷ ᠦᠨᠡᠯᠡᠭᠳᠡᠵᠦ᠂ 2009 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠰᠢᠯᠢᠳᠡᠭ ᠬᠤᠰᠢᠭᠤ ᠪᠠᠷ ᠦᠨᠡᠯᠡᠭᠳᠡᠨ᠂ 2011 ᠤᠨ ᠳᠤ ᠠᠶᠢᠮᠠᠭ ᠤᠨ ᠨᠠᠮ ᠤᠨ ᠬᠤᠷᠢᠶᠠᠨ ᠤ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠢᠷᠠᠭᠤ ᠠᠯᠳᠠᠷ ᠢ ᠬᠦᠷᠳᠡᠵᠦ᠂ 2013 ᠤᠨ ᠳᠤ ︽ᠠᠶᠢᠮᠠᠭ ᠤᠨ ᠲᠠᠰ ᠤᠨ ᠪᠣᠯᠪᠠᠰᠤᠨ ᠨᠢᠭᠡᠴᠢ︾ ᠪᠠᠷ ᠦᠨᠡᠯᠡᠭᠳᠡᠨ᠂ 2016 ᠳᠤ ︽ᠪᠥᠬᠦ ᠠᠶᠢᠮᠠᠭ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠢᠷᠠᠭᠤ ᠠᠯᠳᠠᠷ ᠢ ᠭᠥᠷᠳᠡᠪᠡ᠃ ᠡᠳᠡᠭᠡᠷ ᠠᠮᠵᠢᠯᠲᠠ ᠶᠢ ᠤᠯᠤᠬᠰᠠᠨ ᠨᠢ 20 ᠨᠠᠮ ᠤᠨ ᠡᠭᠦᠷ ᠵᠢᠴᠢ 698 ᠨᠠᠮ ᠤᠨ ᠭᠡᠰᠢᠭᠦᠨ ᠤ ᠵᠢᠳᠭᠦᠯ ᠴᠢᠷᠮᠠᠶᠢᠯᠭ᠎ᠠ ᠠᠴᠠ ᠰᠠᠯᠵᠦ ᠴᠢᠳᠠᠬᠤ ᠦᠭᠡᠢ ᠶᠤᠮ᠃       ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠦ ᠨᠠᠮ ᠤᠨ ᠪᠠᠶᠢᠭᠤᠯᠤᠯᠲᠠ ᠳᠤ ᠪᠠᠨ ︽ᠵᠢᠭᠦᠷ︾ ᠤᠷᠭᠤᠭᠤᠯᠵᠠᠢ       ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠬᠤᠷᠢᠶ᠎ᠠ ᠰᠤᠷᠤᠯᠴᠠᠬᠤ ᠮᠠᠶ᠋ᠢᠭ ᠤᠨ ᠤᠳᠤᠷᠢᠳᠬᠤ ᠪᠠᠭ ᠪᠠ ᠰᠤᠷᠤᠯᠴᠠᠬᠤ ᠬᠡᠯᠪᠡᠷᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠴᠤᠬᠴᠡᠯᠡᠨ ᠪᠠᠶᠢᠭᠤᠯᠬᠤ ᠪᠠᠷ ᠬᠠᠷᠠᠯᠳᠠ ᠪᠠᠨ ᠪᠤᠯᠭᠠᠵᠤ᠂ ᠨᠠᠮ ᠤᠨ ᠭᠡᠰᠢᠭᠦᠨ ᠪᠠᠭᠰᠢ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠵᠦ᠂ ᠵᠢᠭᠠᠨ ᠰᠤᠷᠭᠠᠯᠳᠠ ᠪᠠ ᠰᠤᠳᠤᠯᠭᠠᠨ ᠳᠤ ᠪᠠᠨ ᠭᠦᠨᠵᠡᠭᠡᠶᠢᠷᠡᠵᠤ᠂ ᠬᠢᠴᠢᠶᠡᠯ ᠤᠨ ᠥᠭᠡᠷᠡᠴᠢᠯᠡᠯᠲᠡ ᠶᠢ ᠠᠬᠢᠭᠤᠯᠤᠨ᠂ ᠣᠷᠣᠨ ᠪᠠ ᠠᠶᠢᠮᠠᠭ ᠤᠨ ᠲᠠᠰ ᠤᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠤᠳᠠᠭ᠎ᠠ ᠳᠠᠷᠠᠭᠠᠯᠠᠨ ᠱᠠᠩᠨᠠᠯ ᠭᠥᠷᠳᠡᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠪᠡ᠃ ᠣᠳᠣᠬᠠᠨ ᠳᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠪᠠᠭᠰᠢ᠂ ᠵᠢᠭᠠᠨ ᠰᠤᠷᠭᠠᠬᠤ ᠴᠢᠳᠠᠪᠤᠷᠢᠲᠠᠨ ᠵᠢᠴᠢ ᠬᠢᠴᠢᠶᠡᠯ ᠲᠦᠷᠦᠯ ᠤᠨ ᠳᠠᠭᠠᠭᠤᠯᠤᠭᠴᠢ ᠶᠢᠨ ᠳᠣᠲᠣᠷ᠎ᠠ ᠨᠠᠮ ᠤᠨ ᠭᠡᠰᠢᠭᠦᠨ ᠪᠠᠭᠰᠢ 60% ᠶᠢ ᠡᠵᠡᠯᠡᠵᠦ ᠪᠠᠶᠢᠨ᠎ᠠ᠃ ᠮᠦᠨ ᠤᠯᠤᠰ ᠤᠨ ᠲᠡᠰ ᠤᠨ ᠰᠢᠯᠢᠳᠡᠭ ᠪᠠᠭᠰᠢ 3᠂ ᠣᠷᠣᠨ ᠤ ᠲᠡᠰ ᠤᠨ ᠰᠢᠯᠢᠳᠡᠭ ᠪᠠᠭᠰᠢ ᠪᠠ ᠪᠠᠭᠰᠢ ᠶᠢᠨ ᠮᠣᠷᠠᠯ ᠤᠨ ᠵᠢᠱᠢᠶᠡᠴᠢ 26 ᠴᠤᠯᠭᠤᠷᠠᠨ ᠭᠠᠷᠴᠤ᠂ ︽ᠲᠦᠷᠦᠯᠵᠢ ᠶᠢᠨ ᠴᠦᠨ ᠯᠸᠢ ᠬᠦᠰᠡᠯ ᠪᠠᠭ᠎ᠠ ᠰᠤᠷᠭᠠᠭᠤᠯᠢ︾ ᠶᠢᠨ ᠦ᠋ ᠳ᠋ᠧ ᠱᠧᠩ ᠪᠠᠭᠰᠢ ᠪᠥᠬᠦ ᠤᠯᠤᠰ ᠤᠨ ᠪᠠᠭᠰᠢ ᠶᠢᠨ ᠮᠣᠷᠠᠯ ᠤᠨ ᠵᠢᠱᠢᠶᠡᠴᠢ ᠪᠠ ᠪᠥᠬᠦ ᠣᠷᠣᠨ ᠤ ᠠᠵᠢᠯ ᠤᠨ ᠪᠠᠶᠢᠷᠢ ᠳᠤ ᠪᠠᠨ ᠯᠸᠢ ᠹᠧᠩ ᠠᠴᠠ ᠲᠠᠭᠠᠨ ᠰᠤᠷᠤᠯᠴᠠᠬᠰᠠᠨ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠵᠤ᠂ ᠪᠠᠶᠠᠨᠬᠤᠰᠢᠭᠤ ᠪᠠᠯᠭᠠᠰᠤᠨ ᠤ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠰᠤᠷᠤᠬᠴᠢ ᠡᡁᠧ ᠭᠤᠸᠠᠩ ᠶᠢᠩ ᠪᠦᠬᠦ ᠤᠯᠤᠰ ᠤᠨ ᠵᠠᠩ ᠰᠤᠷᠲᠠᠯ ᠰᠠᠶᠢᠳᠠᠢ ᠪᠠᠭᠠᠴᠤᠳ ᠤᠨ ᠵᠢᠱᠢᠭᠳᠡᠭᠴᠢ ᠪᠠᠷ ᠰᠣᠩᠭᠤᠭᠳᠠᠪᠠ᠃       ᠦᠢᠷ᠎ᠡ ᠶᠢᠨ ᠵᠢᠯ ᠠᠴᠠ ᠨᠠᠭᠠᠰᠢ᠂ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠠᠮᠲᠤ ᠶᠢᠨ ᠬᠦᠴᠦᠨ ᠢ ᠨᠢᠭᠲᠠᠷᠠᠭᠤᠯᠵᠤ᠂ ᠬᠠᠪᠰᠤᠷᠤᠨ ᠲᠡᠳᠬᠦᠬᠦ ᠬᠦᠴᠤᠯᠡᠴᠠ ᠪᠠᠨ ᠴᠢᠩᠭᠠᠷᠠᠭᠤᠯᠵᠠᠢ᠃ ᠡᠭᠦᠨ ᠳᠤ ︽ᠺᠠᠳ᠋ᠷᠴᠤᠳ ᠦᠨᠳᠦᠰᠦᠨ ᠱᠠᠲᠤᠨ ᠳᠤ ᠪᠠᠭᠤᠵᠤ ᠪᠣᠳᠠᠲᠤ ᠠᠵᠢᠯ ᠬᠢᠵᠦ ᠣᠪᠣᠷ ᠰᠤᠷᠲᠠᠯ ᠢᠶᠠᠨ ᠬᠤᠪᠢᠷᠠᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠣᠷᠣᠨ ᠤ ᠮᠢᠩᠭᠠᠨ ᠭᠠᠴᠠᠭ᠎ᠠ ᠲᠣᠰᠬᠤᠨ ᠢ ᠬᠠᠪᠰᠤᠷᠤᠨ ᠲᠡᠳᠭᠦᠬᠦ ᠠᠵᠢᠯᠯᠠᠭ᠎ᠠ ᠲᠠᠢ ᠤᠶᠠᠯᠳᠤᠭᠤᠯᠤᠨ᠂ 2 ᠺᠠᠳ᠋ᠷ ᠢ ᠭᠠᠴᠠᠭ᠎ᠠ ᠲᠣᠰᠬᠤᠨ ᠤ ᠴᠡᠭ ᠲᠤ ᠰᠠᠭᠤᠯᠭᠠᠨ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠦᠯᠦᠭᠰᠡᠨ ᠪᠦᠭᠡᠳ ᠲᠤᠰ ᠲᠣᠪᠴᠢᠶ᠎ᠠ ᠬᠡᠲᠦᠨ ᠭᠠᠴᠠᠭᠠᠨ ᠤ ᠶᠠᠳᠠᠭᠤ ᠬᠦᠴᠢᠷᠳᠡᠯ ᠲᠠᠢ ᠡᠷᠦᠬᠡ ᠲᠠᠢ ᠬᠠᠪᠰᠤᠷᠤᠨ ᠲᠡᠳᠭᠦᠬᠦ ᠬᠠᠷᠢᠴᠠᠭ᠎ᠠ ᠪᠠᠶᠢᠭᠤᠯᠵᠤ᠂ ᠤᠷᠢᠳ ᠬᠤᠵᠢᠳ 70 ᠲᠦᠮᠡᠨ ᠲᠥᠭᠦᠷᠢᠭ ᠤᠨ ᠪᠡᠯᠡ ᠤᠷᠤᠭᠤᠯᠤᠬᠰᠠᠨ ᠪᠠᠶᠢᠨ᠎ᠠ᠃ ᠬᠡᠬᠦ ᠳᠤ ᠪᠠᠨ ᠬᠡᠷᠡᠮ ᠬᠠᠨ᠎ᠠ ᠶᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠭᠠᠴᠠᠭᠠᠨ ᠤ ᠬᠡᠦᠬᠡᠳ ᠤᠨ ᠴᠡᠴᠡᠷᠯᠢᠭ ᠪᠠ ᠭᠠᠴᠠᠭᠠᠨ ᠤ ᠠᠯᠪᠠᠨ ᠭᠡᠷ ᠢ ᠰᠡᠯᠪᠢᠨ ᠵᠠᠰᠠᠵᠤ᠂ ᠬᠦᠷᠢᠶ᠎ᠠ ᠶᠢ ᠨᠢ ᠬᠠᠲᠠᠭᠤᠷᠠᠭᠤᠯᠤᠨ᠂ ᠵᠠᠮ ᠤᠨ ᠬᠠᠵᠠᠭᠤ ᠶᠢ ᠨᠢ ᠨᠣᠭᠤᠭᠠᠷᠠᠭᠤᠯᠵᠦ᠂ ᠨᠡᠶᠢᠳᠡ 126 ᠶᠠᠳᠠᠭᠤ ᠡᠷᠦᠬᠡ ᠶᠢᠨ ᠨᠤᠷᠠᠬᠤ ᠠᠶᠤᠯ ᠲᠠᠢ ᠭᠡᠷ ᠢ ᠰᠡᠯᠪᠢᠨ ᠵᠠᠰᠠᠪᠠ᠃       ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠤᠨ ᠨᠠᠮ ᠤᠨ ᠪᠠᠶᠢᠭᠤᠯᠤᠯᠲᠠ ᠳᠤ ᠪᠠᠨ ︽ᠠᠮᠢᠵᠢᠷᠠᠯ ᠤᠨ ᠬᠦᠴᠦᠨ︾ ᠤᠯᠭᠤᠵᠠᠢ       ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ ᠶᠢᠨ ᠨᠠᠮ ᠤᠨ ᠬᠤᠷᠢᠶ᠎ᠠ ᠠᠵᠢᠯ ᠤᠨ ᠭᠤᠤᠯᠳᠠᠯᠭ᠎ᠠ ᠲᠠᠢ ᠪᠠᠨ ᠤᠶᠠᠯᠳᠤᠭᠤᠯᠵᠦ᠂ ︽ᠠᠵᠢᠯ ᠤᠨ ᠪᠠᠶᠢᠷᠢ ᠳᠤ ᠪᠠᠨ ᠬᠤᠪᠢ ᠨᠡᠮᠡᠷᠢ ᠦᠵᠡᠭᠦᠯᠬᠦ︾᠂ ︽ᠨᠠᠮᠴᠢ ᠴᠢᠨᠠᠷ ᠤᠨ ᠬᠥᠮᠦᠵᠢᠯ ᠢ ᠴᠢᠩᠭᠠᠳᠬᠠᠬᠤ︾᠂ ︽ᠣᠯᠠᠨ ᠲᠦᠮᠡᠨ ᠳᠤ ᠣᠶᠢᠯᠡᠴᠢᠯᠡᠬᠦ︾᠂ ︽ᠵᠣᠬᠢᠶᠠᠨ ᠪᠠᠶᠢᠭᠤᠯᠵᠤ ᠰᠢᠨ᠎ᠡ ᠶᠢ ᠡᠭᠦᠳᠬᠦ︾ ᠵᠡᠷᠭᠡ ᠲᠠᠪᠤᠨ ᠵᠣᠶᠢᠯ ᠤᠨ ᠠᠵᠢᠯᠯᠠᠭ᠎ᠠ ᠦᠷᠨᠢᠭᠦᠯᠦᠭᠰᠡᠨ ᠪᠦᠭᠡᠳ ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ︾ ᠠᠵᠢᠯᠯᠠᠭ᠎ᠠ ᠦᠷᠨᠢᠭᠦᠯᠪᠡ᠃ ᠮᠦᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠳᠤ ᠪᠠᠨ ᠪᠠᠲᠤᠯᠠᠭ᠎ᠠ ᠬᠠᠨᠭ᠍ᠭᠠᠵᠠᠢ᠃ ᠲᠡᠳᠡ ᠪᠠᠰᠠ ᠨᠠᠮ ᠤᠨ ᠡᠭᠦᠷ ᠢᠶᠠᠷ ᠨᠢᠭᠡᠴᠢ ᠪᠣᠯᠭᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠠᠰᠤᠭ ᠪᠠᠶᠢᠭᠤᠯᠵᠤ᠂ ᠣᠯᠠᠨ ᠵᠠᠭᠤᠴᠢᠳᠤ ᠲᠥᠬᠦᠭᠡᠷᠦᠮᠵᠢ ᠲᠣᠬᠢᠷᠠᠭᠤᠯᠤᠬᠰᠠᠨ ᠪᠠ ᠲᠡᠯᠭᠡᠨ ᠦᠵᠡᠭᠦᠯᠭᠡ ᠶᠢᠨ ᠰᠠᠮᠪᠠᠷ᠎ᠠ ᠭᠠᠷᠭᠠᠵᠤ᠂ ᠨᠠᠮ ᠤᠨ ᠭᠡᠰᠢᠭᠦᠳ ᠰᠤᠷᠤᠯᠴᠠᠬᠤ᠂ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠦᠷᠨᠢᠭᠦᠯᠬᠦ ᠳᠤ ᠲᠦᠭᠦᠮ ᠨᠥᠬᠦᠴᠡᠯ ᠬᠠᠩᠭᠠᠵᠠᠢ᠃ 2015 ᠣᠨ ᠳᠤ᠂ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠬᠦᠯᠬᠦ ᠠᠵᠢᠯ ᠤᠨ ᠲᠠᠯ᠎ᠠ ᠪᠠᠷ ᠪᠤᠳᠠᠳᠤ ᠦᠷ᠎ᠠ ᠪᠦᠳᠦᠮᠵᠢ ᠤᠯᠤᠬᠰᠠᠨ ᠪᠦᠭᠡᠳ ᠪᠦᠬᠦ ᠬᠤᠰᠢᠭᠤᠨ ᠤ ᠰᠤᠷᠭᠠᠭᠤᠯᠢ ᠶᠢᠨ ᠬᠠᠮᠢᠶᠠᠷᠤᠯᠲᠠ ᠶᠢᠨ ᠲᠤᠬᠠᠶ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠢ ᠠᠮᠵᠢᠯᠲᠠ ᠲᠠᠢ ᠬᠤᠷᠠᠯᠳᠤᠭᠤᠯᠪᠡ᠃ ᠪᠠᠰᠠ ᠲᠤᠰ ᠬᠤᠰᠢᠭᠤᠨ ᠤ ᠬᠤᠶᠠᠷᠰᠤᠮᠤ ᠰᠤᠷᠭᠠᠭᠤᠯᠢ ᠵᠡᠷᠭᠡ 10 ᠰᠤᠷᠭᠠᠭᠤᠯᠢ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠤᠳᠤᠯᠭᠠᠨ ᠤ ᠰᠡᠳᠦᠪ ᠢ ᠲᠠᠭᠠᠭᠠᠴᠢᠯᠡᠨ ᠪᠡᠶᠡᠯᠡᠭᠦᠯᠦᠭᠰᠡᠨ ᠲᠡᠷᠢᠭᠦᠨ ᠤ ᠰᠤᠷᠭᠠᠭᠤᠯᠢ ᠪᠠᠷ ᠦᠨᠡᠯᠡᠭᠳᠡᠵᠦ᠂ ᠪᠦᠬᠦ ᠤᠯᠤᠰ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ ᠠᠵᠢᠯ ᠤᠨ ᠳᠦᠷᠢᠮ ᠢ ᠲᠤᠭᠤᠰᠢᠯᠠᠭᠤᠯᠤᠬᠰᠠᠨ ᠲᠡᠷᠢᠭᠦᠨ ᠤ ᠰᠤᠷᠭᠠᠭᠤᠯᠢ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠢᠶᠠᠷᠤᠯᠲᠠ ᠶᠢᠨ ᠲᠡᠷᠢᠭᠦᠨ ᠤ ᠰᠤᠷᠭᠠᠭᠤᠯᠢ 1᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ 8᠂ ᠣᠳᠣ ᠦᠶ᠎ᠡ ᠶᠢᠨ ᠰᠤᠷᠭᠠᠨ ᠬᠥᠮᠦᠵᠢᠯ ᠤᠨ ᠮᠡᠷᠭᠡᠵᠢᠯ ᠤᠨ ᠰᠢᠯᠢᠳᠡᠭ ᠰᠤᠷᠭᠠᠭᠤᠯᠢ 9᠂ ᠵᠢᠱᠢᠶ᠎ᠡ ᠦᠵᠡᠭᠦᠯᠬᠦ ᠬᠡᠤᠬᠡᠳ ᠤᠨ ᠴᠡᠴᠡᠷᠯᠢᠭ 1 ᠵᠡᠷᠭᠡ ᠵᠢᠱᠢᠶᠡᠴᠢ ᠰᠤᠷᠭᠠᠭᠤᠯᠢ ᠤᠳᠠᠭ᠎ᠠ ᠲᠠᠷᠠᠭᠠᠯᠠᠨ ᠴᠤᠯᠭᠤᠷᠠᠨ ᠭᠠᠷᠪᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号