ᠦᠨᠳᠦᠰᠦᠳᠡᠨ ᠤ ᠦᠪ ᠰᠤᠶᠤᠯ ᠢᠶᠠᠨ ᠦᠷ᠎ᠠ ᠬᠤᠶᠢᠴᠢᠰ ᠲᠤ ᠪᠠᠨ ᠰᠠᠶᠢᠳᠤᠷ ᠤᠯᠠᠮᠵᠢᠯᠠᠬᠤ ᠪᠠᠷ ᠪᠠᠶ᠋ᠬᠠᠤᠯᠠᠭᠠᠨ ᠭᠤᠥᠯ ᠰᠤᠷᠭᠠᠭᠤᠯᠢ ᠠᠷᠠᠳ ᠤᠨ ᠲᠠᠭᠤᠥ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/12/11
      ᠦᠰᠪᠤᠷᠢ ᠶᠢᠨ ᠬᠡᠤᠬᠡᠳ ᠲᠤ ᠪᠠᠨ ᠦᠨᠳᠤᠰᠤᠳᠡᠨ ᠤ ᠪᠠᠨ ᠤᠯᠠᠮᠵᠢᠯᠠᠯᠳᠤ ᠰᠤᠶᠤᠯ ᠤᠷᠠᠯᠢᠭ ᠢᠶᠠᠨ ᠦᠪᠯᠡᠵᠦ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠠᠮᠢᠳᠤᠷᠠᠯ ᠢᠶᠠᠨ ᠪᠠᠶᠠᠯᠢᠬᠵᠢᠭᠤᠯᠬᠤ ᠪᠠᠷ᠂ ᠤᠢᠢᠷ᠎ᠠ ᠳᠤ᠂ ᠵᠠᠯᠠᠶᠢᠳ ᠬᠤᠰᠢᠭᠤᠨ ᠤ ᠪᠠᠶ᠋ᠬᠠᠤᠯᠠᠭᠠᠨ ᠭᠤᠥᠯ ᠰᠤᠷᠭᠠᠭᠤᠯᠢ ᠠᠷᠠᠳ ᠤᠨ ᠲᠠᠭᠤᠥ ᠶᠢᠨ ᠤᠷᠤᠯᠳᠤᠭᠠᠨ ᠶᠠᠪᠤᠭᠳᠠᠭᠤᠯᠵᠦ᠂ ᠰᠤᠷᠤᠭᠴᠢᠳ ᠲᠤ ᠪᠠᠨ ᠤᠷ᠎ᠠ ᠠᠪᠢᠶᠠᠰ ᠢᠶᠠᠨ ᠪᠠᠳᠠᠷᠠᠭᠤᠯᠬᠤ ᠠᠵᠠ ᠵᠠᠪᠰᠢᠶᠠᠨ ᠤᠯᠭᠤᠵᠠᠢ᠃       ᠲᠤᠰ ᠤᠳᠠᠭᠠᠨ ᠤ ᠠᠷᠠᠳ ᠤᠨ ᠲᠠᠭᠤᠥ ᠶᠢᠨ ᠤᠷᠤᠯᠳᠤᠭᠠᠨ ᠢ ᠨᠡᠩ ᠬᠦᠷ ᠬᠦᠭᠵᠢᠶᠠᠨ ᠲᠠᠢ ᠪᠤᠯᠭᠠᠬᠤ ᠪᠠᠷ ᠬᠤᠰᠢᠭᠤᠨ ᠤ ᠠᠷᠠᠳ ᠤᠨ ᠲᠠᠭᠤᠥ ᠶᠢᠨ ᠤᠷᠠᠯᠢᠭᠴᠢᠳ ᠤᠨ ᠨᠡᠶᠢᠭᠡᠮᠯᠢᠭ ᠤᠨ ᠨᠦᠬᠦᠳ ᠪᠠ ᠠᠷᠠᠳ ᠤᠨ ᠲᠠᠭᠤᠥ ᠳᠤ ᠲᠤᠷ᠎ᠠ ᠪᠠᠬ᠎ᠠ ᠲᠠᠢ ᠨᠤᠳᠤᠭ ᠤᠨ ᠪᠤᠭᠤᠷᠤᠯᠴᠤᠳ ᠨᠢ ᠮᠦᠩᠬᠦ ᠬᠠᠨᠳᠢᠪᠯᠠᠵᠤ᠂ ᠰᠤᠷᠤᠭᠴᠢᠳ ᠤᠨ ᠠᠷᠠᠳ ᠤᠨ ᠲᠠᠭᠤᠥ ᠪᠠᠨ ᠲᠠᠭᠤᠯᠬᠠᠤ ᠳᠤ ᠤᠷᠮ᠎ᠠ ᠬᠠᠶᠢᠷᠠᠯᠠᠵᠦ᠂ ᠡᠯ᠎ᠠ ᠲᠠᠯ᠎ᠠ ᠪᠠᠷ ᠬᠦᠭᠵᠢᠭᠰᠡᠨ ᠰᠢᠯᠢᠳᠡᠭ ᠰᠤᠷᠤᠭᠴᠢ ᠪᠤᠯᠬᠤ ᠬᠦᠰᠡᠯ ᠵᠦᠩᠨᠡᠯ ᠢᠶᠠᠨ ᠲᠡᠪᠰᠢᠭᠦᠯᠪᠡ᠃ ᠲᠤᠰ ᠤᠳᠠᠭ᠎ᠠ ᠪᠠᠰᠠ ᠬᠦᠷᠤᠯᠴᠡᠨ ᠢᠷᠡᠭᠰᠡᠨ ᠤᠷᠠᠯᠢᠭᠴᠢᠳ ᠦᠪᠠᠷ ᠤᠨ ᠪᠡᠶ᠎ᠠ ᠪᠠᠷ ᠢᠶᠠᠨ ᠠᠷᠠᠳ ᠤᠨ ᠲᠠᠭᠤᠤ ᠲᠠᠭᠤᠯᠠᠵᠦ ᠲᠦᠷᠢᠮᠵᠢ ᠦᠵᠡᠭᠦᠯᠦᠨ᠂ ᠦᠰᠪᠤᠷᠢ ᠶᠢᠨ ᠬᠡᠥᠬᠡᠳ ᠲᠤ ᠪᠠᠨ ᠦᠪ ᠰᠤᠶᠤᠯ ᠢᠶᠠᠨ ᠦᠪᠯᠡᠨ ᠵᠠᠯᠭᠠᠮᠵᠢᠯᠠᠬᠤ ᠢᠳᠡᠭᠡᠯ ᠵᠤᠷᠢᠭ ᠤᠯᠭᠤᠵᠠᠢ᠃ ᠪᠠᠭᠰᠢ ᠰᠤᠷᠤᠭᠴᠢ᠂ ᠠᠷᠠᠳ ᠤᠨ ᠤᠷᠠᠯᠢᠭᠴᠢᠳ ᠵᠢᠴᠢ ᠠᠷᠠᠳ ᠤᠨ ᠲᠠᠭᠤᠥ ᠳᠤ ᠲᠤᠷ᠎ᠠ ᠪᠠᠭ᠋ᠠᠳᠠᠢ ᠭᠤᠷᠪᠠᠨ ᠵᠠᠭᠤ ᠭᠠᠷᠤᠢ ᠬᠦᠮᠤᠨ ᠲᠤᠰ ᠤᠳᠠᠭᠠᠨ ᠤ ᠤᠷᠤᠯᠳᠤᠭᠠᠨ ᠢ ᠰᠤᠨᠢᠷᠬᠠᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号