ᠢᠨᠳᠡᠷ ᠲᠠᠬᠢ ᠬᠤᠶᠠᠳᠤᠭᠠᠷ ᠳᠤᠮᠳᠠᠳᠤ ᠰᠤᠷᠭᠠᠭᠤᠯᠢ ︽ᠮᠦᠩᠭᠦᠨ ᠠᠶᠠᠯᠭᠤ︾ ᠮᠤᠩᠭᠤᠯ ᠢᠷᠠᠭᠤ ᠨᠠᠶᠢᠷᠠᠭ ᠤᠨ ᠤᠷᠠᠨ ᠲᠤᠳᠤ ᠤᠩᠰᠢᠯᠭ᠎ᠠ ᠶᠢᠨ ᠤᠷᠤᠯᠳᠤᠭᠠᠨ ᠵᠠᠪᠤᠭᠤᠯᠪᠠ
ᠨᠡᠶᠢᠲᠡᠯᠡᠭᠰᠡᠨ ᠴᠠᠭ᠄
2020/12/18
   ᠤᠶᠢᠷ᠎ᠠ ᠳᠤ᠂ ᠵᠠᠯᠠᠶᠢᠳ ᠬᠤᠰᠢᠭᠤᠨ ᠤ ᠢᠨᠳᠡᠷ ᠲᠠᠬᠢ ᠬᠤᠶᠠᠳᠤᠭᠠᠷ ᠳᠤᠮᠳᠠᠳᠤ ᠰᠤᠷᠭᠠᠭᠤᠯᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠭᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠦᠬᠦᠯᠡᠯᠲᠡ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠰᠤᠷᠤᠭᠴᠢᠳ ᠤᠨ ᠡᠬᠡ ᠤᠷᠤᠨᠴᠢ ᠦᠵᠡᠯ᠂ ᠬᠠᠮᠳᠤᠴᠢ ᠦᠵᠡᠯ ᠤᠨ ᠵᠤᠷᠢᠭ ᠰᠠᠨᠠᠭ᠎ᠠ ᠶᠢ ᠬᠦ᠋ᠭᠵᠢᠭᠡᠨ᠂ ᠡᠶ᠎ᠡ ᠵᠤᠬᠢᠴᠠᠯ ᠲᠠᠢ᠂ ᠪᠤᠯᠪᠠᠰᠤᠨ ᠰᠤᠷᠭᠠᠭᠤᠯᠢ ᠶᠢᠨ ᠰᠤᠶᠤᠯ ᠤᠨ ᠤᠷᠴᠢᠨ ᠢ ᠪᠦᠷᠢᠯᠳᠦᠭᠦᠯᠬᠦ ᠪᠠᠷ ︽ᠦᠨᠳᠦᠰᠦᠲᠡᠨ ᠤ ᠪᠦᠯᠬᠦᠮᠳᠡᠯ ᠤᠨ ᠭᠤᠤᠯ ᠬᠦᠭ ᠠᠶᠠᠰ ᠢ ᠴᠢᠪᠬᠠᠳᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ︾ ᠭᠡᠬᠦ ᠭᠤᠤᠯ ᠰᠡᠳᠦᠪᠳᠤ ᠭᠤᠷᠪᠠᠳᠤᠭᠠᠷ ᠬᠤᠭᠤᠴᠠᠭᠠᠨ ᠤ ︽ᠮᠦᠩᠭᠦᠨ ᠠᠶᠠᠯᠭᠤ︾ ᠮᠤᠩᠭᠤᠯ ᠢᠷᠠᠭᠤ ᠨᠠᠶᠢᠷᠠᠭ ᠤᠨ ᠤᠷᠠᠨ ᠲᠤᠳᠤ ᠤᠩᠰᠢᠯᠭ᠎ᠠ ᠶᠢᠨ ᠤᠷᠤᠯᠳᠤᠭᠠᠨ ᠶᠠᠪᠤᠭᠳᠠᠭᠤᠯᠤᠭᠰᠠᠨ ᠪᠠᠶᠢᠨ᠎ᠠ᠃    ᠤᠯᠤᠰ ᠤᠨ ᠰᠦᠯᠲᠡ ᠲᠠᠭᠤᠤ ᠪᠠᠷ ᠤᠷᠤᠯᠳᠤᠭᠠᠨ ᠤ ᠬᠦᠰᠢᠭᠡ ᠪᠠᠨ ᠰᠡᠭᠦᠵᠦ᠂ ᠦᠨᠳᠦᠷ ᠨᠢᠭᠡ ᠶᠢᠨ ᠲᠤᠭᠤᠢᠢᠯᠠᠩ᠂ ᠦᠨᠳᠦᠷ ᠬᠤᠶᠠᠷ ᠤᠨ ᠲᠤᠭᠤᠢᠢᠯᠠᠩ ᠭᠡᠵᠤ ᠬᠤᠶᠠᠷ ᠳᠤᠭᠤᠶᠢᠯᠠᠩ ᠬᠤᠪᠢᠶᠠᠨ ᠶᠠᠪᠤᠭᠳᠠᠭᠤᠯᠵᠠᠢ᠃ ᠤᠷᠤᠯᠳᠤᠭᠴᠢᠤᠨ ᠤᠨ ᠢᠷᠠᠭᠤ ᠤᠶᠠᠩᠭᠠᠯᠢᠭ ᠴᠡᠭᠡᠯᠭᠡᠨ ᠲᠤᠳᠤ ᠠᠶᠠᠯᠭᠤ ᠪᠠ ᠤᠷᠮ᠎ᠠ ᠶᠢ ᠬᠦᠭᠵᠢᠭᠡᠬᠦ ᠭᠤᠴᠤ ᠲᠤᠭᠯᠠᠯᠲᠠ ᠨᠢ ᠤᠯᠠᠨ ᠤ ᠰᠤᠨᠤᠷ ᠢ ᠪᠠᠶᠠᠰᠬᠠᠨ᠂ ᠰᠡᠳᠬᠢᠯ ᠤᠨ ᠬᠦᠪᠴᠢ ᠶᠢ ᠳᠤᠷᠭᠢᠭᠤᠯᠵᠤ᠂ ᠤᠷᠤᠯᠳᠤᠭᠠᠨ ᠤ ᠲᠠᠯᠠᠪᠤᠷ ᠢ ᠬᠦᠷ ᠬᠦᠭᠵᠢᠶᠠᠨ ᠢᠶᠠᠷ ᠪᠢᠯᠬᠠᠭᠤᠯᠵᠠᠢ᠃ ᠨᠢᠭᠡ ᠦᠳᠡ ᠶᠢᠨ ᠬᠤᠶᠢᠨ᠎ᠠ ᠶᠢᠨ ᠰᠢᠯᠭᠠᠷᠠᠭᠤᠯᠤᠯᠲᠠ ᠪᠠᠷ ᠳᠠᠮᠵᠢᠨ ᠦᠨᠳᠦᠷ ᠨᠢᠭᠡ ᠶᠢᠨ ᠠᠷᠪᠠ ᠶᠢᠨ ᠨᠤᠮᠢᠨ᠂ ᠦᠨᠳᠦᠷ ᠬᠤᠶᠠᠷ ᠤᠨ ᠭᠤᠷᠪᠠ ᠶᠢᠨ ᠡᠸ᠋ᠨ ᠾᠦᠢ᠂ ᠦᠨᠳᠦᠷ ᠬᠤᠶᠠᠷ ᠤᠨ ᠠᠷᠪᠠᠨ ᠨᠢᠭᠡ ᠶᠢᠨ ᠸᠧᠨ ᠵᠢᠩ ᠲᠤᠰ ᠲᠤᠰ ᠤᠨ ᠪᠦᠯᠦᠭ ᠲᠤ ᠪᠠᠨ ᠮᠠᠩᠯᠠᠶᠢᠯᠠᠭᠰᠠᠨ ᠪᠠᠶᠢᠨ᠎ᠠ᠃ᠲᠤᠰ ᠤᠳᠠᠭᠠᠨ ᠤ ᠤᠷᠤᠯᠳᠤᠭᠠᠨ ᠢᠶᠠᠷ ᠳᠠᠮᠵᠢᠨ ᠰᠤᠷᠤᠭᠴᠢᠳ ᠤᠨ ᠡᠬᠡ ᠤᠷᠤᠨᠴᠢ ᠰᠡᠳᠬᠢᠯᠭᠡ ᠶᠢ ᠨᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠨᠢ ᠪᠠᠬᠢᠵᠢᠭᠦᠯᠦᠭᠰᠡᠨ ᠢᠶᠠᠷ ᠦᠯᠦ ᠪᠠᠷᠠᠨ ᠰᠤᠷᠤᠭᠴᠢᠳ ᠲᠤ ᠤᠷ᠎ᠠ ᠠᠪᠢᠶᠠᠰ ᠢᠶᠠᠨ ᠪᠠᠳᠠᠷᠠᠭᠤᠯᠬᠤ ᠳᠤ ᠲᠠᠪᠴᠠᠩ ᠤᠯᠭᠤᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号