ᠬᠦᠳᠡᠭᠡ ᠲᠤᠰᠬᠤᠨ ᠤ ᠰᠡᠳᠦᠪᠯᠡᠭᠦᠨᠲᠦ ᠵᠤᠬᠢᠶᠠᠨ ᠪᠦᠲᠦᠭᠡᠯᠭᠡ ᠶᠢᠨ ᠰᠠᠭᠤᠳᠠᠯ ᠤᠨ ᠬᠤᠷᠠᠯ ᠵᠢᠴᠢ ᠲᠦᠰᠢᠶᠡᠲᠦ ᠶᠢᠨ ᠵᠢᠷᠭᠤᠭᠠᠨ ᠵᠤᠬᠢᠶᠠᠯᠴᠢ ᠶᠢᠨ ᠰᠢᠨ᠎ᠠ ᠨᠤᠮ ᠤᠨ ᠮᠢᠯᠢᠶᠠᠯᠭ᠎ᠠ ᠨᠢᠵᠢᠬᠢᠷ ᠰᠠᠶᠢᠬᠠᠨ ᠪᠤᠯᠤᠯ᠎ᠠ
ᠨᠡᠶᠢᠲᠡᠯᠡᠭᠰᠡᠨ ᠴᠠᠭ᠄
2020/12/18
   12 ᠰᠠᠷ᠎ᠠ ᠶᠢᠨ 12 ᠤᠨ ᠡᠳᠦᠷ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠤᠯᠦᠨ ᠵᠤᠬᠢᠶᠠᠯᠴᠢᠳ ᠤᠨ ᠨᠡᠶᠢᠭᠡᠮᠯᠢᠭ ᠠᠴᠠ ᠬᠠᠮᠲᠦᠷᠠᠨ ᠡᠷᠬᠢᠯᠡᠭᠰᠡᠨ ᠬᠦᠳᠡᠭᠡ ᠲᠤᠰᠬᠤᠨ ᠤ ᠰᠡᠳᠦᠪᠯᠡᠭᠦᠨᠲᠦ ᠵᠤᠬᠢᠶᠠᠨ ᠪᠦᠲᠦᠭᠡᠯᠭᠡ ᠶᠢᠨ ᠰᠠᠭᠤᠳᠠᠯ ᠤᠨ ᠬᠤᠷᠠᠯ ᠵᠢᠴᠢ ᠲᠦᠰᠢᠶᠡᠲᠦ ᠶᠢᠨ ᠵᠢᠷᠭᠤᠭᠠᠨ ᠵᠤᠬᠢᠶᠠᠯᠴᠢ ᠶᠢᠨ ᠰᠢᠨ᠎ᠠ ᠨᠤᠮ ᠤᠨ ᠮᠢᠯᠢᠶᠠᠯᠭ᠎ᠠ ᠠᠶᠢᠮᠠᠭ ᠤᠨ ᠨᠠᠮ ᠵᠠᠰᠠᠬ ᠤᠨ ᠶᠡᠷᠦᠩᠬᠡᠶᠢᠯᠡᠭᠰᠡᠨ ᠲᠤᠮᠤ ᠠᠰᠠᠷ ᠲᠤ ᠨᠢᠵᠢᠬᠢᠷ ᠰᠠᠶᠢᠬᠠᠨ ᠪᠤᠯᠤᠯ᠎ᠠ᠃    ᠲᠤᠰ ᠤᠳᠠᠭᠠᠨ ᠤ ᠠᠵᠢᠯᠯᠠᠭ᠎ᠠ ᠨᠢ ᠦᠷᠭᠡᠨ ᠤᠯᠠᠨ ᠵᠤᠬᠢᠶᠠᠯᠴᠢᠳ ᠰᠢᠨ᠎ᠠ ᠴᠠᠬ  ᠦᠶ᠎ᠡ ᠶᠢ ᠤᠯᠠᠮ ᠨᠢᠭᠡ ᠠᠯᠬᠤᠮ ᠤᠢᠢᠯᠠᠭᠠᠵᠦ᠂ ᠰᠢᠨ᠎ᠠ ᠨᠢᠭᠡ ᠰᠡᠳᠬᠢᠴᠡ᠂ ᠰᠢᠨ᠎ᠠ ᠨᠢᠭᠡ ᠵᠤᠬᠰᠤᠴᠠ ᠠᠴᠠ ᠠᠷᠡᠳ ᠲᠦᠮᠡᠨ ᠲᠠᠢ ᠤᠢᠢᠷᠠᠤᠡᠴᠤ᠂ ᠠᠮᠢᠳᠦᠷᠠᠯ ᠲᠠᠢ ᠤᠢᠢᠷᠠᠤᠡᠴᠦ᠂ ᠰᠢᠨ᠎ᠠ ᠴᠠᠬ ᠤᠨ ᠬᠦᠲᠡᠭᠡ ᠲᠤᠰᠬᠤᠨ ᠤ ᠬᠦᠭᠵᠢᠯᠲᠠ ᠬᠤᠪᠢᠷᠠᠯᠲᠠ ᠶᠢ ᠲᠤᠰᠬᠠᠬᠰᠠᠨ ᠰᠢᠯᠢᠳᠡᠭ ᠪᠦᠲᠦᠭᠡᠯ ᠪᠦᠳᠦᠭᠡᠬᠦ ᠶᠢ ᠨᠢ ᠠᠬᠢᠭᠤᠯᠬᠤ ᠪᠠᠷ ᠭᠤᠤᠯ ᠵᠤᠷᠢᠯᠭ᠎ᠠ ᠪᠠᠨ ᠪᠤᠯᠭᠠᠬᠰᠠᠨ ᠪᠠᠶᠢᠳᠠᠭ᠃    ᠬᠦᠳᠡᠭᠡ ᠲᠤᠰᠬᠤᠨ ᠤ ᠰᠡᠳᠦᠪᠯᠡᠭᠦᠨᠲᠦ ᠵᠤᠬᠢᠶᠠᠨ ᠪᠦᠲᠦᠭᠡᠯᠭᠡ ᠶᠢᠨ ᠰᠠᠭᠤᠳᠠᠯ ᠤᠨ ᠬᠤᠷᠠᠯ ᠵᠢᠴᠢ ᠲᠦᠰᠢᠶᠡᠲᠦ ᠶᠢᠨ ᠵᠢᠷᠭᠤᠭᠠᠨ ᠵᠤᠬᠢᠶᠠᠯᠴᠢ ᠶᠢᠨ ᠰᠢᠨ᠎ᠠ ᠨᠤᠮ ᠤᠨ ᠮᠢᠯᠢᠶᠠᠯᠭ᠎ᠠ ᠶᠢᠨ ᠶᠤᠰᠤᠯᠡᠯ ᠳᠤ ᠬᠢᠨᠭ᠍ᠭᠠᠨ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ ᠪᠤᠤ ᠯᠢ ᠴᠢᠶᠦ᠋ᠨ᠂ ᠬᠢᠨᠭ᠍ᠭᠠᠨ ᠠᠶᠢᠮᠠᠭ ᠤᠨ ᠵᠤᠬᠢᠶᠠᠯᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠠ᠊ · ᠰᠠᠶᠢᠨᠴᠤᠨᠨᠲᠦ ᠵᠢᠴᠢ ᠠᠶᠢᠮᠠᠭ ᠬᠤᠰᠢᠭᠤᠨ ᠤ ᠵᠤᠬᠢᠶᠠᠯᠴᠢᠳ ᠤᠨ ᠲᠦᠯᠦᠭᠡᠯᠡᠭᠴᠢᠳ ᠤᠷᠤᠯᠴᠠᠬᠰᠠᠨ ᠪᠠᠶᠢᠨ᠎ᠠ᠃ ᠠᠵᠢᠯᠯᠠᠭᠠᠨ ᠤ ᠡᠬᠢᠨ ᠳᠤ᠂ ᠵᠤᠬᠢᠶᠠᠯᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠠᠴᠠ ᠪᠦᠬᠦ ᠤᠯᠤᠰ᠂ ᠪᠦᠬᠦ ᠤᠷᠤᠨ ᠤ ᠬᠦᠳᠡᠭᠡ ᠲᠤᠰᠬᠤᠨ ᠤ ᠰᠡᠳᠦᠪᠯᠡᠭᠦᠨᠲᠦ ᠵᠤᠬᠢᠶᠠᠨ ᠪᠦᠲᠦᠭᠡᠯᠭᠡ ᠶᠢᠨ ᠬᠤᠷᠠᠯ ᠤᠨ ᠵᠤᠷᠢᠬ ᠰᠠᠨᠠᠭ᠎ᠠ ᠶᠢ ᠳᠠᠮᠵᠢᠭᠤᠯᠬᠤ ᠶᠢᠨ ᠬᠠᠮᠲᠦ ᠵᠤᠬᠢᠶᠠᠨ ᠪᠦᠲᠦᠭᠡᠯᠭᠡ ᠶᠢᠨ ᠬᠤᠵᠢᠮ ᠤᠨ ᠬᠠᠷᠠᠯᠲᠠ ᠴᠢᠭᠯᠡᠯ ᠤᠨ ᠲᠤᠬᠠᠢ ᠶᠠᠷᠢᠬᠰᠠᠨ ᠪᠠᠶᠢᠨ᠎ᠠ᠃ ᠳᠠᠷᠠᠭ᠎ᠠ ᠳᠤ ᠨᠢ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ ᠮᠠᠨ ᠤ ᠠᠶᠢᠮᠠᠭ ᠤᠨ ᠤᠳᠬ᠎ᠠ ᠵᠤᠬᠢᠶᠠᠯ ᠤᠨ ᠬᠦᠭᠵᠢᠯᠲᠠ ᠪᠠ ᠵᠤᠬᠢᠶᠠᠯᠴᠢᠳ ᠤᠨ ᠤᠢᠢᠷ᠎ᠠ ᠶᠢᠨ ᠵᠢᠯ ᠳᠤ ᠤᠯᠤᠬᠰᠡᠨ ᠠᠮᠵᠢᠯᠲᠠ ᠪᠦᠲᠦᠭᠡᠯ ᠢ ᠳ᠋ᠦᠩᠨᠡᠭᠦ ᠶᠢᠨ ᠬᠠᠮᠲᠦ ᠦᠷᠭᠡᠨ ᠤᠯᠠᠨ ᠵᠤᠬᠢᠶᠠᠯᠴᠢᠳ ᠢ ᠦᠨᠳᠦᠰᠦᠨ ᠱᠠᠲᠦᠨ ᠳᠤ ᠭᠦᠨᠵᠡᠭᠡᠶᠢᠷᠡᠵᠦ᠂ ᠠᠷᠡᠳ ᠲᠦᠮᠡᠨ ᠤ ᠠᠮᠢᠳᠦᠷᠠᠯ ᠳᠤ ᠤᠢᠢᠷᠠᠳᠤᠬᠰᠠᠨ᠂ ᠦᠨᠳᠦᠰᠦᠨ ᠱᠠᠲᠦᠨ ᠤ ᠠᠮᠢᠳᠦᠷᠠᠯ ᠢ ᠲᠤᠰᠬᠠᠬᠰᠠᠨ ᠰᠢᠯᠢᠳᠡᠭ ᠪᠦᠲᠦᠭᠡᠯ ᠭᠠᠷᠭᠠᠵᠦ᠂ ᠤᠳᠬ᠎ᠠ ᠤᠷᠠᠯᠢᠭ ᠤᠨ ᠲᠠᠯ᠎ᠠ ᠪᠠᠷ ᠨᠡᠩ ᠦᠨᠳᠦᠷ ᠬᠢᠷᠢ ᠪᠦᠲᠦᠮᠵᠢ ᠤᠯᠬᠤ ᠶᠢ ᠨᠢ ᠬᠦᠰᠡᠨ ᠵᠦᠡᠭᠨᠡᠭᠰᠡᠨ ᠪᠠᠶᠢᠨ᠎ᠠ᠃ ᠠᠵᠢᠯᠯᠠᠭᠠᠨ ᠳᠤ᠂ ᠲᠦᠰᠢᠶᠡᠲᠦ ᠶᠢᠨ ᠵᠤᠬᠢᠶᠠᠯᠴᠢ ᠬᠦᠨᠡᠰᠦᠲᠦ᠂ ᠰᠠᠶᠢᠨᠬᠡᠰᠢᠭ᠂ ᠪᠤᠶᠠᠨᠬᠡᠰᠢᠭ ᠨᠠᠷ ᠦᠪᠡᠷ ᠤᠨ ᠵᠤᠬᠢᠶᠠᠬᠰᠠᠨ ᠰᠢᠯᠦᠭ ᠤᠨ ᠲᠡᠭᠦᠪᠦᠷᠢ᠂ ᠷᠤᠮᠠᠨ᠂ ᠰᠢᠯᠦᠭ ᠤᠨ ᠰᠤᠩᠭᠤᠮᠠᠯ᠂ ᠦᠭᠦᠯᠡᠯᠭᠡ ᠶᠢᠨ ᠲᠡᠭᠦᠪᠦᠷᠢ ᠪᠠᠨ ᠵᠤᠬᠢᠶᠠᠨ ᠪᠦᠳᠤᠭᠡᠭᠰᠡᠨ ᠲᠤᠬᠠᠢ ᠲᠠᠨᠢᠯᠴᠠᠭᠤᠯᠵᠦ᠂ ᠤᠷᠠᠨ ᠵᠤᠬᠢᠶᠠᠯ ᠤᠨ ᠰᠢᠭᠦᠮᠵᠢᠯᠡᠭᠴᠢᠤᠨ ᠠᠴᠠ ᠪᠦᠲᠦᠭᠡᠯ ᠤᠨ ᠲᠤᠮᠳᠠ ᠤᠷᠤᠰᠢᠵᠦ ᠪᠠᠶᠢᠭ᠎ᠠ ᠪᠠᠶᠢᠳᠠᠯ ᠪᠠ ᠠᠯᠢ ᠲᠠᠯ᠎ᠠ ᠠᠴᠠ ᠬᠡᠷᠬᠢᠨ ᠪᠢᠴᠢᠬᠦ᠂ ᠶᠠᠭᠠᠬᠢᠵᠦ ᠪᠢᠴᠢᠪᠡᠯ ᠨᠡᠩ ᠰᠢᠯᠢᠳᠡᠭ ᠪᠤᠯᠬᠤ ᠲᠤᠬᠠᠢ ᠪᠤᠳᠤᠯ ᠰᠠᠨᠠᠯ ᠢᠶᠠᠨ ᠰᠤᠯᠢᠯᠴᠠᠵᠠᠢ᠃ ᠪᠠᠰᠠ ᠡᠯ᠎ᠠ ᠬᠤᠰᠢᠭᠤ ᠠᠴᠠ ᠢᠷᠡᠭᠰᠡᠨ ᠵᠤᠬᠢᠶᠠᠯᠴᠢᠳ ᠠᠶᠢᠮᠠᠭ ᠤᠨ ᠨᠤᠮ ᠤᠨ ᠰᠠᠩ ᠳᠤ ᠮᠤᠩᠭᠤᠯ ᠨᠤᠮ ᠳᠡᠪᠳᠡᠷ ᠬᠠᠨᠳᠢᠪᠯᠠᠬᠰᠠᠨ ᠪᠠᠶᠢᠨ᠎ᠠ᠃    ︽ᠲᠤᠰ ᠤᠳᠠᠭᠠᠨ ᠤ ᠠᠵᠢᠯᠯᠠᠭᠠᠨ ᠳᠤ 2005 ᠤᠨ ᠠᠴᠠ ᠤᠳᠤᠬᠠᠨ ᠪᠤᠯᠳᠠᠯ᠎ᠠ ᠠᠷᠪᠠᠨ ᠭᠠᠷᠤᠢ ᠵᠢᠯ ᠪᠢᠴᠢᠭᠰᠡᠨ ︿ᠲᠦᠷᠪᠡᠳᠦᠭᠡᠷ ᠰᠠᠷ᠎ᠠ ᠶᠢᠨ ᠬᠦᠭ ᠠᠶᠠᠯᠭᠤᠨ﹀ ᠭᠡᠬᠦ ᠰᠢᠯᠦᠭ ᠤᠨ ᠲᠡᠭᠦᠪᠦᠷᠢ ᠪᠠᠨ ᠠᠪᠴᠢᠷᠠᠵᠠᠢ᠃ ᠡᠭᠦᠨ ᠳᠤ᠂ ᠡᠭᠡ ᠤᠯᠤᠰ᠂ ᠨᠤᠲᠤᠭ ᠤᠰᠤ ᠪᠠᠨ ᠮᠠᠬᠳᠠᠨ ᠳᠠᠭᠤᠯᠠᠬᠰᠠᠠ ᠪᠠ ᠢᠨᠠᠬ ᠬᠠᠶᠢᠷ᠎ᠠ ᠶᠢᠨ ᠲᠤᠬᠠᠢ ᠨᠡᠶᠢᠲᠡ ᠵᠠᠭᠤ ᠢᠯᠡᠭᠦᠦ ᠰᠢᠯᠦᠭ ᠪᠠᠶᠢᠳᠠᠬ᠂ ᠭᠠᠭᠴᠠ ᠬᠦ ᠠᠷᠡᠳ ᠲᠦᠮᠡᠨ ᠤ ᠲᠤᠮᠲᠠ ᠭᠦᠨᠵᠡᠭᠡᠶᠢᠷᠡᠪᠠᠯ ᠰᠠᠶ᠋ᠢ ᠰᠢᠨ᠎ᠠ ᠴᠠᠬ ᠦᠶ᠎ᠠ ᠶᠢᠨ ᠵᠤᠷᠢᠬ ᠰᠠᠨᠠᠭ᠎ᠠ ᠶᠢ ᠲᠤᠰᠬᠠᠬᠰᠠᠨ᠂ ᠦᠨᠳᠦᠰᠦᠨ ᠱᠠᠲᠦᠨ ᠤ ᠬᠦᠭᠵᠢᠯᠲᠠ ᠬᠤᠪᠢᠷᠠᠯᠲᠠ ᠶᠢ ᠲᠤᠰᠬᠠᠬᠰᠡᠨ ᠰᠢᠯᠢᠳᠡᠭ ᠪᠦᠲᠦᠭᠡᠯ ᠪᠦᠳᠦᠭᠡᠵᠦ ᠴᠢᠳᠠᠨ᠎ᠠ︾ ᠭᠡᠵᠦ ᠬᠤᠷᠴᠢᠨ ᠪᠠᠷᠠᠭᠤᠨ ᠭᠠᠷᠦᠨ ᠳᠤᠮᠳᠠᠲᠦ ᠬᠤᠰᠢᠭᠤᠨ ᠤ ᠬᠠᠮ ᠵᠠᠭᠤᠴᠢᠯᠠᠭᠤᠷ ᠤᠨ ᠡᠷᠬᠢᠯᠡᠭᠴᠢ᠂ ᠬᠢᠨᠭ᠍ᠭᠠᠨ ᠠᠶᠢᠮᠠᠭ ᠤᠨ ᠵᠤᠬᠢᠶᠠᠯᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠲᠤᠮᠳᠠᠲᠦ ᠬᠤᠰᠢᠭᠤᠨ ᠤ ᠵᠤᠬᠢᠶᠠᠯᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠬᠦᠨᠡᠰᠦᠲᠦ ᠦᠪᠡᠷ ᠤᠨ ᠪᠤᠳᠤᠯ ᠢᠶᠠᠨ ᠶᠠᠷᠢᠵᠦ ᠪᠠᠶᠢᠯ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号