ᠡᠮᠤᠨᠡᠳᠤ ᠬᠤᠰᠢᠭᠤᠨ ᠤ ᠬᠤᠶᠠᠳᠤᠭᠠᠷ ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠶᠢᠨ ᠪᠤᠯᠪᠠᠰᠤᠷᠠᠯ ᠤᠨ ᠠᠩᠬᠢ ᠠᠮᠵᠢᠯᠳᠠ ᠲᠠᠢ ᠲᠡᠬᠦᠰᠤᠯ᠎ᠠ
ᠨᠡᠶᠢᠲᠡᠯᠡᠭᠰᠡᠨ ᠴᠠᠭ᠄
2020/12/18
   ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠤᠯᠠᠮᠵᠢᠯᠠᠯᠳᠤ ᠰᠤᠶᠤᠯ ᠢᠶᠠᠨ ᠪᠠᠳᠠᠷᠠᠭᠤᠯᠤᠨ᠂ ᠪᠦᠬᠦ ᠬᠤᠰᠢᠭᠤᠨ ᠤ ᠪᠠᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠠᠵᠢᠯ ᠢ ᠦᠷᠬᠦᠯᠵᠢᠯᠡᠨ ᠠᠬᠢᠭᠤᠯᠵᠤ᠂ ᠰᠢᠨ᠎ᠠ ᠬᠦᠮᠤᠨ ᠢ ᠬᠦᠮᠤᠵᠢᠬᠦᠯᠤᠨ᠂ ᠦᠷᠭᠡᠨ ᠤᠯᠠᠨ ᠮᠠᠯᠴᠢᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠬᠤ ᠪᠠᠷ᠂ 12 ᠰᠠᠷ᠎ᠠ ᠶᠢᠨ 12 — 16 ᠡᠳᠤᠷ ᠪᠤᠯᠳᠠᠯ᠎ᠠ᠂ ᠡᠮᠤᠨᠡᠳᠤ ᠬᠤᠰᠢᠭᠤᠨ ᠤ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ ᠠᠴᠠ ᠭᠤᠥᠯᠯᠠᠨ ᠡᠷᠬᠢᠯᠡᠵᠤ᠂ ᠡᠮᠤᠨᠡᠳᠤ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠪ ᠬᠢᠭᠡᠳ ᠨᠡᠶᠢᠭᠡᠮ ᠲᠤᠭᠤᠷᠢᠭ ᠤᠨ ᠬᠠᠮᠢᠶᠠᠷᠤᠯᠳᠠ ᠦᠢᠯᠡᠴᠢᠯᠡᠭᠡᠨ ᠤ ᠲᠦᠪ ᠠᠴᠠ ᠲᠠᠭᠠᠭᠠᠴᠢᠯᠠᠨ ᠡᠷᠬᠢᠯᠡᠭᠰᠡᠨ ᠡᠮᠤᠨᠡᠳᠤ ᠬᠤᠰᠢᠭᠤᠨ ᠤ ᠬᠤᠶᠠᠳᠤᠭᠠᠷ ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠶᠢᠨ ᠪᠤᠯᠪᠠᠰᠤᠷᠠᠯ ᠤᠨ ᠠᠩᠬᠢ ᠠᠮᠵᠢᠯᠲᠠ ᠲᠠᠢ ᠲᠡᠭᠦᠰᠦᠯ᠎ᠠ᠃    ᠪᠤᠯᠪᠠᠰᠤᠷᠠᠯ ᠤᠨ ᠠᠩᠬᠢ ᠨᠢ 5 ᠡᠳᠤᠷ ᠤᠨ ᠬᠤᠭᠤᠴᠠᠭ᠎ᠠ ᠲᠠᠢ ᠶᠠᠪᠤᠭᠳᠠᠵᠤ᠂ ᠤᠳᠬᠤᠨᠴᠡᠴᠡᠭ᠂ ᠯᠢᠩᠬᠸ᠎ᠠ᠂ ᠮᠧᠩ ᠽᠠᠨᠳᠠᠨ᠂ ᠪᠤᠥ ᠴᠦᠨ ᠬᠤᠸᠠ ᠵᠡᠷᠭᠡ ᠤᠷᠤᠨ᠂ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠬᠤᠰᠢᠭᠤᠨ ᠤ ᠪᠠᠨ ᠡᠯ᠎ᠠ ᠭᠠᠵᠠᠷ ᠠᠴᠠ ᠬᠦᠷᠤᠯᠴᠠᠨ ᠢᠷᠡᠭᠰᠡᠨ ᠬᠠᠳᠬᠤᠮᠠᠯ ᠤᠷᠠᠯᠠᠯ ᠳᠤ ᠲᠤᠷ᠎ᠠ ᠪᠠᠭ᠋ᠠᠳᠠᠢ 50 ᠰᠢᠬᠠᠮ ᠬᠠᠳᠬᠤᠮᠠᠯᠴᠢᠨ ᠳᠤ ᠨᠠᠭᠠᠮᠠᠯ ᠨᠠᠭᠠᠬᠤ ᠠᠷᠭ᠎ᠠ᠂ ᠵᠠᠰᠠᠭᠳᠤ ᠬᠠᠳᠬᠤᠮᠠᠯ ᠤᠨ ᠦᠨᠳᠤᠰᠤᠨ ᠤᠨᠴᠠᠯᠢᠭ᠂ ᠮᠤᠩᠭᠤᠯ ᠬᠤᠪᠴᠠᠰᠤ ᠵᠠᠰᠠᠯ ᠤᠨ ᠤᠳᠤᠬᠢ ᠪᠠ ᠡᠷᠳᠡᠨ ᠤ ᠤᠨᠴᠠᠯᠢᠭ ᠢ ᠤᠶᠠᠯᠳᠤᠭᠤᠯᠤᠨ ᠤᠶᠤᠬᠤ ᠠᠷᠭ᠎ᠠ᠂ ᠡᠰᠭᠡᠭᠰᠡᠨ ᠪᠦᠰ ᠢᠶᠠᠨ ᠬᠡᠷᠬᠢᠨ ᠪᠦᠳᠤᠭᠡᠬᠦ ᠵᠡᠷᠭᠡ ᠠᠭᠤᠯᠭ᠎ᠠ ᠪᠠᠷ ᠬᠢᠴᠢᠶᠡᠯ ᠤᠷᠤᠵᠠᠢ᠃ 5 ᠡᠳᠤᠷ ᠤᠨ ᠬᠢᠴᠢᠶᠡᠯ ᠤᠨ ᠲᠠᠷᠠᠭ᠎ᠠ᠂ ᠬᠦᠮᠤᠨ ᠪᠦᠷᠢ ᠶᠢᠨ ᠪᠦᠳᠦᠭᠡᠭᠰᠡᠨ ᠪᠦᠳᠤᠭᠡᠯ ᠠᠴᠠ ᠡᠮᠤᠨ᠎ᠠ ᠭᠤᠷᠪᠠᠨ ᠨᠡᠷᠡᠰ ᠪᠠ ᠰᠢᠯᠢᠳᠡᠭ ᠨᠡᠷᠡᠰ ᠢ ᠰᠢᠯᠭᠠᠷᠠᠭᠤᠯᠤᠨ ᠭᠠᠷᠭᠠᠵᠦ᠂ ᠪᠠᠰᠠ ᠪᠤᠯᠪᠠᠰᠤᠷᠠᠯ ᠲᠡᠬᠦᠰᠥᠭᠰᠡᠨ ᠦᠨᠡᠮᠯᠡᠯ ᠭᠠᠷᠳᠠᠭᠤᠯᠤᠬᠰᠠᠨ ᠪᠠᠶᠢᠨ᠎ᠠ᠃ ᠪᠤᠯᠪᠠᠰᠤᠷᠠᠯ ᠤᠨ ᠡᠬᠢᠯᠡᠯᠳᠠ ᠶᠢᠨ ᠶᠤᠰᠤᠯᠠᠯ ᠳᠤ᠂ ᠤᠳᠬᠤᠨᠴᠡᠴᠡᠭ ᠪᠠᠭᠰᠢ ᠦᠪᠠᠷ ᠤᠨ ᠪᠢᠴᠢᠵᠤ ᠨᠠᠶᠢᠷᠠᠭᠤᠯᠤᠭᠰᠠᠨ ︽ᠵᠠᠰᠠᠭᠳᠤ ᠮᠤᠩᠭᠤᠯᠴᠤᠳ ᠤᠨ ᠤᠯᠠᠮᠵᠢᠯᠠᠯᠳᠤ ᠤᠶᠤᠳᠠᠯ ᠬᠠᠳᠬᠤᠮᠠᠯ ᠤᠨ ᠲᠠᠶᠢᠯᠤᠮᠵᠢ︾ ᠭᠡᠬᠦ ᠨᠤᠮ ᠢᠶᠠᠨ ᠤᠯᠠᠨ ᠳᠤ ᠪᠡᠯᠡᠭ ᠪᠤᠯᠭᠠᠨ ᠬᠦᠷᠭᠡᠯ᠎ᠠ᠃    ︽ᠡᠮᠤᠨᠡᠳᠤ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠶᠢᠨ ᠪᠤᠯᠪᠠᠰᠤᠷᠠᠯ ᠤᠨ ᠠᠩᠬᠢ ᠬᠤᠶᠠᠳᠤᠭᠠᠷ ᠬᠤᠭᠤᠴᠠᠭ᠎ᠠ ᠪᠠᠨ ᠡᠬᠢᠯᠡᠬᠦᠯᠤᠯ᠎ᠠ᠃ ᠡ᠊ᠨᠠ ᠵᠢᠯ ᠤᠨ ᠬᠢᠵᠢᠭ ᠤᠨ ᠪᠠᠶᠢᠳᠠᠯ ᠠᠴᠠ ᠪᠤᠯᠤᠭᠠᠳ ᠤᠷᠤᠯᠴᠠᠭᠰᠠᠨ ᠬᠦᠮᠤᠨ ᠤ ᠲᠤᠭ᠎ᠠ ᠬᠡᠳᠦ᠋ᠢᠪᠠᠷ ᠨᠢᠳᠤᠨᠤᠨ ᠤ ᠬᠢ ᠠᠴᠠ ᠪᠠᠭ᠎ᠠ ᠪᠤᠯᠪᠠᠴᠤ ᠪᠤᠯᠪᠠᠰᠤᠷᠠᠯ ᠤᠨ ᠠᠩᠬᠢ ᠳᠤ ᠬᠦᠷᠤᠯᠴᠠᠨ ᠢᠷᠡᠭᠰᠡᠨ ᠤᠶᠤᠳᠠᠯᠴᠢᠨ ᠬᠠᠳᠬᠤᠮᠠᠯᠴᠢᠨ ᠤ ᠲᠤᠳᠤᠷ᠎ᠠ ᠵᠠᠯᠠᠭᠤᠴᠤᠳ ᠤᠯᠠᠰᠢᠷᠠᠭᠰᠠᠨ ᠪᠠᠶᠢᠨ᠎ᠠ᠃ ᠦᠨᠳᠤᠰᠤᠳᠡᠨ ᠤ ᠤᠯᠠᠮᠵᠢᠯᠠᠯᠳᠤ ᠰᠤᠶᠤᠯ ᠭᠠᠷ ᠤᠷᠠᠯᠠᠯ᠂ ᠬᠠᠳᠬᠤᠮᠠᠯ ᠤᠶᠤᠳᠠᠯ ᠢᠶᠠᠨ ᠨᠡᠩ ᠰᠠᠶᠢᠨ ᠬᠦᠭᠵᠢᠬᠦᠯᠤᠨ ᠪᠠᠳᠠᠷᠠᠭᠤᠯᠬᠤ ᠵᠤᠷᠢᠯᠭ᠎ᠠ ᠠᠴᠠ ᠶᠠᠪᠤᠭᠳᠠᠭᠤᠯᠤᠭᠰᠠᠨ ᠲᠤᠰ ᠪᠤᠯᠪᠠᠰᠤᠷᠠᠯ ᠤᠨ ᠠᠩᠬᠢ ᠬᠠᠳᠬᠤᠮᠠᠯ ᠤᠶᠤᠳᠠᠯ ᠤᠨ ᠦᠢᠯᠡᠰ ᠤᠨ ᠬᠦᠭᠵᠢᠯᠳᠠ ᠶᠢ ᠨᠡᠩ ᠰᠠᠶᠢᠨ ᠠᠬᠢᠭᠤᠯᠵᠤ ᠴᠢᠳᠠᠬᠤ ᠶᠤᠮ︾ ᠭᠡᠵᠤ ᠡᠮᠤᠨᠡᠳᠤ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠪ ᠤᠨ ᠡᠷᠬᠢᠯᠡᠭᠴᠢ ᠤᠶᠤᠨᠭᠡᠷᠡᠯ ᠠᠴᠠ ᠶᠠᠷᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号