︽ᠬᠤᠷᠴᠢᠨ ᠭᠡᠰᠡᠷ︾ ᠤᠨ ᠪᠣᠯᠪᠠᠰᠤᠷᠠᠯ ᠤᠨ ᠳ᠋ᠥᠩᠨᠡᠯᠳᠡ ᠵᠢᠴᠢ ︽ᠬᠤᠷᠴᠢᠨ ᠬᠡᠰᠡᠷ︾ ᠰᠣᠶᠣᠯ ᠤᠨ ᠶᠠᠷᠢᠯᠴᠠᠭᠠᠨ ᠤ ᠲᠠᠪᠴᠠᠩ ᠲᠡᠭᠦᠰ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2020/12/18
   ︽ᠭᠡᠰᠡᠷ︾ ᠤᠨ ᠲᠤᠤᠯᠢᠰ ᠪᠤᠯ ᠠᠭᠤᠯᠭ᠎ᠠ ᠪᠠᠷ ᠪᠠᠶᠠᠯᠢᠭ᠂ ᠪᠦᠲᠦᠴᠡ ᠪᠠᠷ ᠪᠦᠷᠢᠨ᠂ ᠬᠠᠭᠤᠳᠠᠰᠤ ᠪᠠᠷ ᠤᠷᠳᠤ ᠂ ᠡᠷᠳᠡᠨ ᠤ ᠴᠦᠬᠡᠨ ᠲᠤᠭᠠᠳᠤ ᠦᠨᠳᠦᠰᠦᠳᠡᠨ ᠤ ᠨᠡᠶᠢᠭᠡᠮ ᠲᠡᠦᠬᠡ᠂ ᠦᠨᠳᠦᠰᠦᠳᠡᠨ ᠤ ᠰᠤᠯᠢᠯᠴᠠᠭ᠎ᠠ᠂ ᠶᠤᠰᠤ ᠰᠤᠷᠳᠠᠬᠤᠨ᠂ ᠠᠷᠠᠳ ᠤᠨ ᠵᠠᠩ ᠲᠠᠳᠬᠠᠯ ᠵᠡᠷᠭᠡ ᠶᠢ ᠰᠤᠳᠤᠯᠬᠤ ︽ᠨᠡᠪᠳᠡᠷᠬᠡᠢ ᠲᠤᠯᠢ︾ ᠪᠤᠯᠤᠨ᠎ᠠ᠃ 2019 ᠤᠨ ᠤ 7 ᠰᠠᠷ᠎ᠠ ᠶᠢᠨ 15 ᠤ ᠡᠳᠦᠷ᠂ ᠶᠡᠷᠦᠩᠬᠡᠢ ᠱᠦᠵᠢ ᠰᠢ ᠶᠢᠨ ᠫᠢᠡᠭ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠯᠳᠠ ᠬᠢᠬᠦ ᠵᠠᠪᠤᠴᠠ ᠳᠤ ᠤᠯᠠᠭᠠᠨᠬᠠᠳᠠ ᠬᠤᠳᠠ ᠶᠢᠨ ᠮᠦᠽᠸᠢ ᠳᠤ ᠭᠡᠰᠡᠷ ᠬᠠᠶᠢᠯᠠᠬᠤ ᠦᠵᠡᠭᠦᠯᠭᠡ ᠶᠢ ᠰᠤᠨᠢᠷᠬᠠᠵᠦ᠂ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠬᠠᠮᠠᠭᠠᠯᠠᠯᠳᠠ ᠪᠠ ᠵᠠᠯᠭᠠᠮᠵᠢᠯᠠᠯᠳᠡᠠ ᠢ ᠴᠢᠬᠤᠯᠠᠴᠢᠯᠠᠵᠤ᠂ ︽ᠭᠡᠰᠡᠷ︾ ᠵᠡᠷᠭᠡ ᠪᠤᠳᠠᠰ ᠤᠨ ᠪᠤᠰᠤ ᠰᠤᠶᠤᠯ ᠤᠨ ᠦᠪ᠂ ᠤᠯᠤᠰ ᠤᠨ ᠤᠬᠢ ᠰᠢᠯᠢᠳᠡᠭ ᠤᠯᠠᠮᠵᠢᠯᠠᠯ ᠪᠤᠯᠤᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢ ᠲᠡᠮᠵᠢᠬᠦ ᠪᠠ ᠲᠡᠳᠭᠦᠬᠦ ᠪᠠᠨ ᠴᠢᠩᠭᠠᠳᠬᠠᠵᠤ᠂ ᠴᠦᠬᠡᠨ ᠲᠤᠭᠠᠳᠤ ᠦᠨᠳᠦᠰᠦᠳᠡᠨ ᠤ ᠲᠡᠦᠬᠡ ᠰᠤᠶᠤᠯ ᠤᠨ ᠰᠤᠳᠤᠯᠭᠠᠨ ᠢ ᠬᠦᠨᠵᠡᠭᠡᠢ ᠦᠷᠨᠢᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠬᠤ ᠬᠡᠷᠡᠭᠳᠡᠢ ᠭᠡᠪᠡ᠃    ︽ᠭᠡᠰᠡᠷ︾ ᠤᠨ ᠲᠤᠤᠯᠢᠰ ᠤᠨ ᠭᠤᠤᠯ ᠰᠡᠳᠦᠪ ᠪᠤᠯ ᠮᠠᠩᠭᠤᠰ ᠢ ᠲᠠᠷᠤᠬᠤ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ᠂ ᠠᠷᠠᠳ ᠲᠦᠮᠡᠨ ᠳᠤ ᠪᠤᠶᠠᠨ ᠦᠢᠯᠡᠳᠬᠦ᠂ ᠲᠦᠪ ᠰᠤᠷᠳᠠᠯ ᠢ ᠪᠠᠳᠠᠷᠠᠭᠤᠯᠬᠤ᠂ ᠡᠶ᠎ᠡ ᠵᠤᠬᠢᠴᠠᠩᠭᠤᠢ ᠨᠡᠶᠢᠭᠡᠮ ᠢ ᠪᠠᠶᠢᠭᠤᠯᠬᠤ ᠵᠡᠷᠭᠡ ︽ᠢᠳᠡᠪᠬᠢ ᠬᠦᠴᠦᠨ︾ ᠢ ᠰᠤᠷᠳᠡᠯᠴᠢᠯᠠᠬᠰᠠᠨ ᠪᠠᠶᠢᠨ᠎ᠠ᠃    ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠢᠳᠡᠪᠬᠢᠲᠡᠢ ᠲᠠᠭᠠᠵᠥ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠢᠯᠢᠳᠡᠭ ᠤᠯᠠᠮᠵᠢᠯᠠᠯᠲᠤ ᠦᠨᠳᠦᠰᠦᠲᠡᠨ ᠤ ᠰᠣᠶᠣᠯ ᠢ ᠤᠯᠠᠮ ᠨᠢᠭᠡ ᠠᠯᠬᠤᠮ ᠬᠠᠮᠠᠭᠠᠯᠠᠨ᠂ ᠤᠯᠠᠮᠵᠢᠯᠠᠨ ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠪᠠᠷ 12 ᠰᠠᠷ᠎ᠠ ᠶᠢᠨ 12 ᠤᠨ ᠡᠳᠦᠷ᠂ ᠠᠶᠢᠮᠠᠭ ᠤᠨ ᠰᠣᠶᠣᠯ ᠵᠤᠭᠠᠴᠠᠯ ᠪᠡᠶ᠎ᠡ ᠲᠠᠮᠢᠷ ᠤᠨ ᠲᠣᠪᠴᠢᠶ᠎ᠠ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠢᠴᠢ ᠥᠪᠥᠷ ᠮᠣᠩᠭᠤᠯ ᠤᠨ ᠮᠣᠩᠭᠤᠯ ᠦᠨᠳᠦᠰᠦᠲᠡᠨ ᠤ ᠰᠣᠶᠣᠯ ᠤᠨ ᠬᠠᠮᠠᠭᠠᠯᠠᠯᠲᠠ ᠪᠠ ᠬᠥᠭᠵᠢᠯᠲᠡ ᠶᠢᠨ ᠰᠤᠳᠤᠯᠭᠠᠨ ᠤ ᠨᠠᠶᠢᠬᠡᠮᠯᠢᠭ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠡᠷᠭᠢᠯᠡᠭᠰᠡᠨ ︽ᠬᠤᠷᠴᠢᠨ ᠭᠡᠰᠡᠷ ᠤᠨ ᠪᠣᠯᠪᠠᠰᠤᠷᠠᠯ ᠤᠨ ᠳ᠋ᠥᠩᠨᠠᠯᠳᠡ ᠵᠢᠴᠢ ᠬᠤᠷᠴᠢᠨ ᠭᠡᠰᠡᠷ ᠰᠣᠶᠣᠯ ᠤᠨ ᠶᠠᠷᠢᠯᠴᠡᠭᠠᠨ ᠤ ᠲᠠᠪᠴᠠᠩ︾ ᠤᠯᠠᠭᠠᠨᠬᠤᠳᠠ ᠳᠤ ᠲᠡᠭᠦᠰ ᠠᠮᠵᠢᠯᠲᠠ ᠲᠠᠢ ᠶᠠᠪᠤᠭᠳᠠᠪᠠ᠃ ᠲᠤᠰ ᠶᠠᠷᠢᠯᠴᠠᠭᠠᠨ ᠤ ᠲᠠᠪᠴᠠᠩ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠬᠦᠷᠡᠯᠱᠠ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠴᠣᠭᠲᠤ ᠵᠡᠷᠭᠡ ᠣᠷᠣᠨ ᠤ ᠳᠣᠲᠣᠨ᠎ᠠ ᠭᠠᠳᠠᠨᠠᠬᠢ ︽ᠭᠡᠰᠡᠷ︾ ᠰᠤᠳᠤᠯᠭᠠᠨ ᠤ 10 ᠭᠠᠷᠤᠢ ᠲᠤᠰᠬᠠᠢ ᠮᠡᠷᠭᠡᠵᠢᠯᠲᠡᠨ᠂ ᠠᠶᠢᠮᠠᠬ ᠤᠨ ᠬᠠᠮᠢᠶ᠎ᠠ ᠪᠦᠬᠦᠢ ᠤᠳᠤᠷᠢᠳᠤᠯᠭ᠎ᠠ᠂ ᠪᠦᠬᠦ ᠠᠶᠢᠮᠠᠭ ᠤᠨ ᠭᠡᠰᠡᠷ ᠬᠠᠶᠢᠯᠠᠬᠴᠢ ᠵᠢᠴᠢ ᠲᠣᠭᠤᠷᠢᠨ ᠦᠵᠡᠵᠦ ᠰᠤᠷᠤᠯᠴᠠᠬᠤ ᠪᠠᠷ ᠢᠷᠡᠭᠰᠡᠨ 200 ᠰᠢᠬᠠᠮ ᠬᠦᠮᠦᠡ ᠣᠷᠣᠯᠴᠠᠪᠠ᠃    ᠪᠣᠯᠪᠠᠰᠤᠷᠠᠯ ᠨᠢ ᠣᠨᠣᠯ ᠢ ᠪᠣᠳᠠᠲᠠᠶ ᠲᠠᠢ ᠤᠶᠠᠯᠳᠤᠭᠤᠯᠤᠨ᠂ ᠭᠤᠣᠯᠳᠠᠭᠤ ᠭᠡᠰᠡᠷ ᠬᠠᠶᠢᠯᠠᠬᠤ ᠤᠷ᠎ᠠ ᠮᠡᠷᠭᠡᠵᠢᠯ᠂ ᠬᠤᠷᠴᠢᠨ ᠲᠤᠤᠯᠢᠰ ᠤᠨ ᠤᠷᠠᠯᠢᠭ ᠤᠨ ᠤᠨᠴᠠᠯᠢᠭ᠂ ᠭᠡᠰᠡᠷ ᠤᠨ ᠠᠶᠠᠰ᠂ ᠲᠤᠬᠠᠢ ᠶᠢᠨ ᠲᠠᠯᠠᠪᠠᠢ ᠶᠢᠨ ᠳᠡᠯᠭᠡᠨ ᠦᠵᠡᠭᠦᠯᠭᠡ ᠵᠡᠷᠭᠡ ᠠᠭᠤᠯᠭ᠎ᠠ ᠪᠠᠷ ᠶᠠᠪᠤᠭᠳᠠᠵᠦ᠂ ᠪᠤᠯᠪᠠᠰᠤᠷᠠᠯ ᠳᠤ ᠤᠷᠤᠯᠴᠠᠬᠰᠠᠳ ᠲᠤ ᠡᠯᠪᠡᠭ ᠪᠠᠶᠠᠯᠢᠭ ᠰᠣᠶᠣᠯ ᠤᠨ ᠬᠦᠨᠡᠰᠦ ᠬᠠᠩᠭᠠᠭᠰᠠᠨ ᠪᠦᠭᠡᠳ ᠪᠦᠬᠦ ᠠᠶᠢᠮᠠᠭ ᠤᠨ ᠭᠤᠷᠪᠡᠨ ᠬᠤᠭᠤᠴᠠᠭᠠᠨ ᠤ ᠴᠤᠭᠤᠷ ᠤᠨ ᠪᠤᠯᠪᠠᠰᠤᠷᠠᠯ ᠤᠨ ᠦᠷ᠎ᠡ ᠪᠦᠲᠦᠭᠡᠯ ᠤᠨ ᠲᠤᠬᠠᠢ ᠰᠢᠯᠭᠠᠨ ᠪᠠᠶᠢᠴᠠᠭᠠᠯᠲᠠ ᠪᠣᠯᠤᠬᠰᠠᠨ ᠪᠠᠶᠢᠨ᠎ᠠ᠃    ᠡᠷᠳᠡᠮᠲᠡᠨ ᠮᠡᠷᠭᠡᠳ ᠬᠢᠩᠭᠠᠨ ᠨᠤᠳᠤᠬ ᠲᠤ ᠴᠤᠭᠯᠠᠷᠠᠨ᠂ ︽ᠬᠤᠷᠴᠢᠨ ᠭᠡᠰᠡᠷ︾ ᠤᠷᠠᠯᠢᠭ ᠢ ᠬᠡᠷᠬᠢᠨ ᠨᠠᠩ ᠰᠠᠶᠢᠳᠤᠷ ᠬᠠᠮᠠᠭᠠᠯᠠᠵᠤ᠂ ᠤᠯᠠᠮᠵᠢᠯᠠᠨ ᠬᠥᠭᠵᠢᠭᠦᠯᠬᠦ ᠪᠠᠷ ᠭᠤᠤᠯ ᠠᠭᠤᠯᠭ᠎ᠠ ᠪᠣᠯᠭᠠᠵᠤ᠂ ᠬᠤᠪᠢ ᠬᠤᠪᠢᠨ ᠤ ᠰᠤᠳᠤᠯᠭᠠᠨ ᠲᠠᠢ ᠪᠠᠨ ᠤᠶᠠᠯᠳᠤᠭᠤᠯᠤᠨ᠂ ︽ᠬᠤᠷᠴᠢᠨ ᠭᠡᠰᠡᠷ︾ ᠲᠤᠤᠯᠢᠰ᠂ ᠭᠠᠵᠠᠷ ᠤᠨ ᠨᠡᠷ᠎ᠡ᠂ ᠦᠯᠢᠭᠡᠷ ᠦᠢᠯᠡ ᠶᠠᠪᠤᠳᠠᠯ᠂ ᠰᠣᠶᠣᠯ ᠤᠨ ᠠᠭᠤᠯᠤᠭᠳᠠᠬᠤᠨ᠂ ᠪᠤᠰᠤᠳ ᠭᠠᠵᠠᠷ ᠣᠷᠣᠨ ᠤ ︽ᠭᠡᠰᠡᠷ︾ ᠲᠠᠢ ᠠᠭᠤᠯᠭ᠎ᠠ ᠶᠢᠨ ᠲᠠᠯ᠎ᠠ ᠪᠠᠷ ᠬᠢ ᠢᠯᠭᠠᠭ᠎ᠠ ᠵᠡᠷᠭᠡ ᠠᠭᠤᠯᠭ᠎ᠠ ᠶᠢ ᠨᠠᠷᠢᠨ ᠨᠢᠮᠪᠠᠢ ᠶᠠᠷᠢᠯᠴᠠᠨ ᠰᠤᠳᠤᠯᠵᠠᠢ᠃ ᠲᠤᠰ ᠤᠳᠠᠭ᠎ᠠ ᠪᠠᠰᠠ ︽ᠪᠦᠲᠦᠭᠡᠯᠴᠢ ᠰᠡᠳᠬᠢᠮᠵᠢ ᠶᠢ ᠡᠭᠦᠳᠭᠦ᠂ ᠰᠢᠨ᠎ᠡ ᠶᠢ ᠡᠭᠦᠳᠬᠦ︾ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠭᠤᠯᠭ᠎ᠠ ᠲᠤᠷᠠᠳᠴᠥ᠂ ᠬᠤᠶᠢᠰᠢᠳᠠ ᠴᠠᠭ ᠦᠶ᠎ᠡ ᠲᠠᠢ ᠬᠡᠷᠬᠢᠨ ᠵᠡᠷᠭᠡᠪᠡᠷ ᠤᠷᠤᠭᠰᠢᠯᠠᠵᠤ᠂ ︽ᠬᠤᠷᠴᠢᠨ ᠭᠡᠰᠡᠷ︾ ᠤᠷᠠᠯᠢᠭ ᠢ ᠰᠠᠶᠢᠲᠤᠷ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠴᠡᠴᠡᠭᠯᠡᠭᠦᠯᠦᠨ ᠬᠥᠭᠵᠢᠭᠦᠯᠬᠦ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠴᠡᠴᠡᠭᠯᠡᠭᠦᠯᠬᠦ ᠳᠤ ᠲᠣᠳᠣᠷᠬᠠᠶ ᠴᠢᠭᠯᠡᠯ ᠵᠢᠭᠠᠵᠤ ᠥᠭᠴᠡᠶ᠃ ᠡᠨᠡ ᠨᠢ ᠮᠠᠨ ᠤ ᠠᠶᠢᠮᠠᠭ ᠤᠨ ᠦᠨᠳᠦᠰᠦᠲᠡᠨ ᠤ ᠰᠢᠯᠢᠳᠡᠭ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠵᠢᠴᠢ ᠬᠥᠭᠵᠢᠭᠦᠯᠬᠦ ᠳᠤ ᠪᠠᠲᠤ ᠪᠠᠬᠢ ᠣᠨᠣᠯ ᠤᠨ ᠰᠠᠭᠤᠷᠢ ᠬᠠᠩᠭᠠᠪᠠ᠃    ᠲᠤᠰ ᠤᠳᠡᠭᠠᠨ ᠤ ᠶᠠᠷᠢᠯᠴᠡᠭᠠᠨ ᠲᠡᠭᠡᠷ᠎ᠠ ᠪᠠᠰᠠ ᠰᠢᠨ᠎ᠡ ᠪᠠᠷ ᠨᠠᠶᠢᠷᠠᠭᠤᠯᠤᠭᠰᠠᠨ ᠦᠯᠢᠭᠡᠷ ︽ᠬᠠᠰᠠᠷ︾ ᠢ ᠰᠢᠩᠭᠡᠭᠡᠨ ᠦᠢᠯᠡᠳᠬᠦ ᠬᠠᠮᠢᠶ᠎ᠠ ᠪᠦᠬᠦᠢ ᠠᠵᠢᠯ ᠤᠨ ᠲᠤᠬᠠᠢ ᠶᠡᠷᠢᠯᠴᠠᠵᠠᠢ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号