ᠪᠦᠬᠦ ᠠᠶᠢᠮᠠᠭ ᠤᠨ ᠬᠤᠶᠠᠳᠤᠭᠠᠷ ᠬᠤᠭᠤᠴᠠᠭᠠᠨ ᠤ ᠵᠠᠯᠠᠭᠤ ᠪᠠᠭᠠᠴᠤᠤᠨ ᠤᠨ ᠪᠦᠬᠡ ᠶᠢᠨ ᠮᠦᠷᠦ᠋ᠢᠴᠡᠭᠡᠨ ᠶᠠᠪᠤᠨᠨᠳᠠᠪᠠ
ᠨᠡᠶᠢᠲᠡᠯᠡᠭᠰᠡᠨ ᠴᠠᠭ᠄
2020/12/21
      ᠦᠨᠳᠦᠰᠦᠳᠡᠨ ᠤ ᠪᠡᠶ᠎ᠠ ᠲᠠᠮᠢᠷ ᠢ ᠤᠯᠠᠮᠵᠢᠯᠠᠨ ᠬᠦᠭᠵᠢᠬᠦᠯᠵᠤ᠂ ᠪᠦᠬᠦ ᠠᠷᠠᠤᠨ ᠤᠨ ᠪᠡᠶ᠎ᠠ ᠰᠡᠤᠡᠬᠢᠴᠡ ᠶᠢ ᠡᠷᠡᠭᠦᠯᠵᠢᠭᠦᠯᠦᠨ᠂ ᠵᠠᠯᠠᠭᠤ ᠪᠠᠭᠠᠴᠤᠤᠨ ᠤᠨ ᠪᠦᠬᠡ ᠶᠢᠨ ᠮᠡᠷᠭᠡᠵᠢᠯ ᠤᠨ ᠬᠢᠷᠢ ᠲᠦᠪᠰᠢᠨ ᠢ ᠲᠡᠭᠡᠭᠰᠢᠯᠡᠭᠦᠯᠵᠦ᠂ ᠪᠦᠬᠡ ᠶᠢᠨ ᠬᠦᠭᠵᠢᠯᠳᠡ ᠶᠢ ᠲᠦᠯᠬᠢᠨ ᠠᠬᠢᠭᠤᠯᠬᠤ ᠪᠠᠷ᠂ 12 ᠰᠠᠷ᠎ᠠ ᠶᠢᠨ 17 ᠤ ᠦᠳᠡ ᠶᠢᠨ ᠬᠤᠶᠢᠨ᠎ᠠ ᠠᠶᠢᠮᠠᠭ ᠤᠨ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ᠂ ᠠᠶᠢᠮᠠᠭ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠠᠯ᠂ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ ᠠᠴᠠ ᠭᠤᠤᠯᠯᠠᠨ ᠡᠷᠬᠢᠯᠡᠭᠰᠡᠨ ᠪᠦᠬᠦ ᠠᠶᠢᠮᠠᠭ ᠤᠨ ᠬᠤᠶᠠᠳᠤᠭᠠᠷ ᠬᠤᠭᠤᠴᠠᠭᠠᠨ ᠤ ᠵᠠᠯᠠᠭᠤ ᠪᠠᠭᠠᠴᠤᠤᠨ ᠤᠨ ᠪᠦᠬᠡ ᠶᠢᠨ ᠮᠦᠷᠦ᠋ᠢᠴᠡᠭᠡᠨ ᠠᠶᠢᠮᠠᠭ ᠤᠨ ᠪᠡᠶ᠎ᠠ ᠲᠠᠮᠢᠷ ᠤᠨ ᠤᠷᠳᠤᠨ ᠳᠤ ᠪᠤᠯᠵᠤᠭ᠎ᠠ ᠶᠤᠰᠤ ᠪᠠᠷ ᠶᠠᠪᠤᠭᠳᠠᠪᠠ᠃       ᠪᠦᠬᠡ ᠶᠢᠨ ᠮᠦᠷᠦ᠋ᠢᠴᠡᠭᠡᠨ ᠤ ᠡᠬᠢᠯᠡᠯᠳᠡ ᠶᠢᠨ ᠶᠤᠰᠤᠯᠠᠯ ᠳᠤ ᠲᠤᠬᠢᠷᠠᠭᠤᠯᠤᠬᠰᠠᠨ ᠰᠤᠷᠤᠨᠨᠴᠢᠤᠨ ᠤᠨ ᠤᠷᠠᠨ ᠰᠠᠶᠢᠬᠠᠨ ᠤ ᠲᠤᠨᠨᠯᠠᠯᠳᠠ ᠨᠢ ᠬᠦᠷᠦᠯᠴᠡᠨ ᠢᠷᠡᠭᠰᠡᠨ ᠪᠦᠬᠡ ᠶᠢᠨ ᠪᠠᠭ᠋ᠠᠳᠠᠤᠨ ᠤᠨ ᠬᠠᠷᠠᠭ᠎ᠠ ᠶᠢ ᠮᠢᠯᠢᠶᠠᠵᠦ ᠰᠤᠨᠤᠷ ᠢ ᠨᠢ ᠪᠠᠶᠠᠰᠬᠠᠬᠰᠠᠨ ᠪᠦᠭᠡᠳ ᠡᠯ᠎ᠠ ᠬᠤᠰᠢᠭᠤ ᠰᠢᠶᠠᠨ ᠬᠤᠳᠠ ᠠᠴᠠ ᠬᠦᠷᠦᠯᠴᠡᠨ ᠢᠷᠡᠭᠰᠡᠨ ᠪᠦᠬᠡ ᠶᠢᠨ ᠲᠦᠯᠦᠭᠡᠯᠡᠭᠴᠢ ᠶᠢᠨ ᠠᠩᠬᠢ ᠲᠠᠯᠠᠪᠠᠢ ᠳᠤ ᠤᠷᠤᠵᠦ᠂ ᠬᠢᠨ᠋ᠬᠠᠴᠢ ᠶᠢᠨ ᠲᠦᠯᠦᠭᠡᠯᠡᠭᠴᠢ᠂ ᠪᠦᠬᠡᠴᠢᠤᠨ ᠤᠨ ᠲᠦᠯᠦᠭᠡᠯᠡᠭᠴᠢ ᠲᠠᠩᠭᠠᠷᠢᠬᠯᠠᠨ᠂ ᠮᠦᠷᠦ᠋ᠢᠴᠡᠭᠡᠨ ᠢᠶᠠᠨ ᠠᠮᠵᠢᠯᠳᠠ ᠲᠠᠢ ᠡᠬᠢᠯᠡᠭᠦᠯᠵᠠᠢ᠃       ᠮᠦᠷᠦ᠋ᠢᠴᠡᠭᠡᠨ ᠢ 12 ᠰᠠᠷ᠎ᠠ ᠶᠢᠨ 17 ᠤ ᠦᠳᠡ ᠶᠢᠨ ᠬᠤᠶᠢᠨ᠎ᠠ ᠠᠴᠠ 18 ᠤ ᠡᠳᠦᠷ ᠤᠨ ᠦᠳᠡ ᠶᠢᠨ ᠡᠮᠦᠨ᠎ᠠ ᠪᠤᠯᠳᠠᠯ᠎ᠠ ᠲᠦᠷᠪᠡᠨ ᠲᠤᠭᠤᠢᠢᠯᠠᠩ ᠬᠤᠪᠢᠶᠠᠨ ᠶᠠᠪᠤᠨᠨᠳᠠᠭᠤᠯᠬᠤ ᠪᠠᠷ ᠲᠦᠯᠦᠪᠯᠡᠵᠦ᠂ ᠠᠶᠢᠮᠠᠭ ᠤᠨ ᠰᠢᠭᠤᠤᠨ ᠬᠠᠷᠢᠶ᠎ᠠ ᠪᠠᠶᠢᠭᠤᠯᠭ᠎ᠠ ᠪᠠ ᠡᠯ᠎ᠠ ᠬᠤᠰᠢᠭᠤ ᠰᠢᠶᠠᠨ ᠬᠤᠳᠠ ᠶᠢᠨ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ᠂ ᠠᠩᠬ᠎ᠠ ᠵᠡᠷᠭᠡ ᠶᠢᠨ ᠲᠤᠮᠳᠠᠳᠦ ᠰᠤᠷᠭᠠᠭᠤᠯᠢ ᠶᠢᠨ ᠡᠷᠡᠭᠳᠠᠢ ᠡᠮᠡᠭᠳᠠᠢ 130 ᠭᠠᠷᠤᠢ ᠪᠦᠬᠡᠴᠢᠨ ᠵᠤᠳᠤᠨᠨᠯᠠᠨ ᠤᠷᠤᠯᠴᠠᠬᠤ ᠪᠠᠷ ᠪᠤᠢ᠃ ᠡᠭᠦᠨ ᠳᠤ ᠵᠠᠯᠠᠭᠤᠴᠤᠤᠨ ᠤᠨ ᠲᠤᠭᠤᠢᠢᠯᠠᠩ ︵ᠦᠨᠳᠦᠷ ᠵᠡᠷᠭᠡ︶ ᠳᠤ ᠡᠷᠡᠭᠳᠠᠢ 10 ᠨᠡᠷᠡᠰ᠂ ᠡᠮᠡᠭᠳᠠᠢ 6 ᠨᠡᠷᠡᠰ᠂ ᠪᠠᠭᠠᠴᠤᠤᠨ ᠤᠨ ᠲᠤᠭᠤᠢᠢᠯᠠᠩ ︵ᠠᠩᠬ᠎ᠠ ᠵᠡᠷᠭᠡ︶ ᠳᠤ ᠡᠷᠡᠭᠳᠠᠢ 10 ᠨᠡᠷᠡᠰ᠂ ᠡᠮᠡᠭᠳᠠᠢ 6 ᠨᠡᠷᠡᠰ ᠤᠷᠤᠯᠴᠠᠵᠤ᠂ ᠬᠠᠮᠳᠦ ᠨᠢᠭᠡᠴᠢ ᠶᠢᠨ ᠪᠠᠷᠢᠯᠳᠤᠭᠠᠨ ᠢ ᠬᠤᠭᠤᠷᠤᠨᠳᠤ ᠨᠢ ᠡᠭᠡᠯᠵᠢᠯᠡᠨ ᠪᠠᠷᠢᠯᠳᠤᠭᠤᠯᠵᠦ᠂ ᠬᠤᠪᠢ ᠬᠦᠮᠦᠨ ᠤ ᠪᠠᠷᠢᠯᠳᠤᠭᠠᠨ ᠢ ᠰᠢᠪᠠᠭ᠎ᠠ ᠲᠠᠳᠠᠬᠤ ᠮᠠᠶ᠋ᠢᠭ ᠢᠶᠠᠷ ᠶᠠᠪᠤᠨᠨᠳᠠᠭᠤᠯᠵᠦ᠂ ᠪᠠᠷᠢᠯᠳᠤᠬᠤ ᠴᠠᠭ ᠢ 7 ᠮᠢᠨᠦ᠋ᠲ ᠢᠶᠠᠷ ᠬᠢᠵᠠᠭᠠᠷᠯᠠᠬᠤ ᠪᠤᠯᠤᠨ᠎ᠠ᠃       ᠲᠤᠰ ᠤᠳᠠᠭ᠎ᠠ ᠬᠠᠮᠳᠦ ᠨᠢᠭᠡᠴᠢ ᠶᠢᠨ ᠪᠠᠷᠢᠯᠳᠤᠭᠠᠨ ᠤ ᠡᠮᠦᠨ᠎ᠠ ᠭᠤᠷᠪᠠᠨ ᠨᠡᠷᠡᠰ ᠢ ᠱᠠᠩᠨᠠᠵᠦ᠂ ᠬᠤᠪᠢ ᠬᠦᠮᠦᠨ ᠤ ᠪᠠᠷᠢᠯᠳᠤᠭᠠᠨ ᠤ ᠡᠷᠡᠭᠳᠠᠢ ᠶᠢᠨ ᠲᠤᠭᠤᠢᠢᠯᠠᠩ ᠤᠨ ᠡᠮᠦᠨ᠎ᠠ 16 ᠨᠡᠷᠡᠰ᠂ ᠡᠮᠡᠭᠳᠠᠢ ᠶᠢᠨ ᠲᠤᠭᠤᠢᠢᠯᠠᠩ ᠤᠨ ᠡᠮᠦᠨ᠎ᠠ 8 ᠨᠡᠷᠡᠰ ᠢ ᠱᠠᠩᠨᠠᠨ ᠬᠦᠬᠢᠭᠦᠯᠬᠦ ᠪᠦᠭᠡᠳ ᠡᠮᠦᠨ᠎ᠠ ᠭᠤᠷᠪᠠᠨ ᠨᠡᠷᠡᠰ ᠲᠤ ᠲᠤᠳᠤᠷᠬᠠᠰᠠᠨ ᠬᠠᠮᠳᠦ ᠨᠢᠭᠡᠴᠢ ᠶᠢᠨ ᠲᠤᠭᠤᠢᠢᠯᠠᠩ ᠤᠨ ᠲᠠᠰᠬᠠᠯᠵᠢᠭᠤᠯᠤᠨᠨᠴᠢ ᠶᠢ ︽ᠰᠢᠯᠢᠳᠡᠭ ᠲᠠᠰᠬᠠᠯᠵᠢᠭᠤᠯᠤᠨᠨᠴᠢ︾ ᠪᠠᠷ ᠰᠤᠩᠭᠤᠵᠦ᠂ ︽ᠰᠢᠯᠢᠳᠡᠭ ᠬᠢᠨ᠋ᠬᠠᠴᠢ︾ ᠶᠢ 5 ᠨᠡᠷᠡᠰ ᠱᠠᠩᠨᠠᠬᠤ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号