2020 ᠬᠢᠩᠭᠠᠨ ᠠᠶᠢᠮᠠᠬ · ᠤᠯᠠᠭᠠᠨᠮᠤᠳᠥ ᠲᠠᠯ᠎ᠠ ᠨᠤᠳᠤᠬ ᠤᠨ ᠮᠥᠩᠭᠦᠨ ᠡᠪᠤᠯ ᠤᠨ ᠨᠠᠭᠠᠳᠤᠮ ᠨᠢᠵᠢᠬᠢᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2020/12/22
      ᠮᠥᠩᠭᠦᠨ ᠡᠪᠤᠯ ᠤᠨ ᠤᠯᠠᠭᠠᠨᠮᠤᠳᠥ ᠶᠢᠨ ᠲᠠᠯ᠎ᠠ ᠨᠤᠳᠤᠬ ᠪᠠᠶᠠᠷ ᠨᠠᠶᠢᠷ ᠢᠶᠠᠷ ᠪᠢᠯᠬᠠᠨ᠎ᠠ᠃ ᠬᠢᠩᠭᠠᠨ ᠠᠶᠢᠮᠠᠬ ᠤᠨ ᠡᠪᠤᠯ ᠤᠨ ᠤᠯᠠᠷᠢᠯ ᠤᠨ ᠵᠤᠭᠠᠴᠠᠯ ᠤᠨ ᠭᠥᠭᠵᠢᠯᠳᠡ ᠶᠢ ᠠᠬᠢᠭᠤᠯᠵᠥ᠂ ᠡᠪᠤᠯ ᠤᠨ ᠤᠯᠠᠷᠢᠯ ᠤᠨ ᠵᠤᠭᠠᠴᠠᠯ ᠤᠨ ᠨᠠᠷᠠᠳᠥ ᠲᠡᠮᠳᠡᠭ ᠢ ᠡᠭᠦᠳᠭᠦ ᠪᠠᠷ᠂ 12 ᠰᠠᠷ᠎ᠠ ᠶᠢᠨ 19 — 20 ᠤ ᠡᠳᠤᠷ ᠪᠤᠯᠳᠠᠯ᠎ᠠ᠂ 2020 ᠬᠢᠩᠭᠠᠨ ᠠᠶᠢᠮᠠᠬ · ᠤᠯᠠᠭᠠᠨᠮᠤᠳᠥ ᠲᠠᠯ᠎ᠠ ᠨᠤᠳᠤᠬ ᠤᠨ ᠮᠥᠩᠭᠦᠨ ᠡᠪᠤᠯ ᠤᠨ ᠨᠠᠭᠠᠳᠤᠮ ᠬᠤᠷᠴᠢᠨ ᠪᠠᠷᠠᠭᠤᠨ ᠭᠠᠷᠤᠨ ᠡᠮᠤᠨᠡᠳᠥ ᠬᠤᠰᠢᠭᠤᠨ ᠤ ᠤᠯᠠᠭᠠᠨᠮᠤᠳᠥ ᠶᠢᠨ ᠦᠨᠳᠤᠰᠤᠳᠡᠨ ᠤ ᠤᠯᠠᠮᠵᠢᠯᠠᠯᠳᠤ ᠪᠡᠶ᠎ᠠ ᠲᠠᠮᠢᠷ ᠤᠨ ᠶᠡᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠲᠤ ᠨᠢᠵᠢᠬᠢᠷ ᠰᠠᠶᠢᠬᠠᠨ ᠶᠠᠪᠤᠭᠳᠠᠵᠠᠢ᠃       ᠡᠬᠢᠯᠠᠯᠳᠡ ᠶᠢᠨ ᠶᠤᠰᠤᠯᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠲᠡᠳ᠋ ᠲᠠᠷᠤᠭ᠎ᠠ ᠮᠧᠩ ᠸᠧᠨ ᠲᠤᠥ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠰᠢᠥᠢ ᠪᠤᠥ ᠴᠢᠤᠸᠠᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠲᠡᠳ᠋ ᠲᠠᠷᠤᠭ᠎ᠠ ᠬᠤᠩ ᠭᠤᠸᠠᠨ᠂ ᠠᠶᠢᠮᠠᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ ᠪᠤᠥ ᠰᠢᠨ ᠮᠢᠨ᠂ ᠠᠶᠢᠮᠠᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠥ ᠴᠧᠩ ᠪᠠᠩ᠂ ᠠᠶᠢᠮᠠᠭ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠳᠤᠷᠢᠳᠤᠯᠭ᠎ᠠ ᠵᠢᠴᠢ ᠡᠯ᠎ᠠ ᠬᠤᠰᠢᠭᠤ ᠰᠢᠶᠠᠨ ᠬᠤᠳᠡ ᠶᠢᠨ ᠮᠠᠯᠴᠢᠨ ᠲᠠᠷᠢᠶᠠᠴᠢᠳ ᠪᠡ ᠭᠥᠯᠥᠨ ᠪᠤᠶᠢᠷ ᠬᠤᠳᠡ᠂ ᠤᠯᠠᠭᠠᠨᠬᠠᠳᠡ ᠬᠤᠳᠡ᠂ ᠰᠢᠯᠢ ᠶᠢᠨ ᠭᠤᠤᠯ ᠠᠶᠢᠮᠠᠬ᠂ ᠲᠥᠩᠯᠢᠶᠤᠤ ᠬᠤᠳᠡ ᠵᠠᠷᠬᠡ ᠠᠶᠢᠮᠠᠬ ᠬᠤᠳᠠ ᠠᠴᠠ ᠭᠥᠷᠥᠯᠴᠡᠨ ᠢᠷᠡᠭᠰᠡᠨ 1000 ᠭᠠᠷᠤᠢ ᠦᠵᠡᠭᠴᠢ ᠲᠠᠮᠢᠷᠴᠢᠨ ᠤᠷᠤᠯᠴᠡᠪᠡ᠃       ᠥᠳᠡ ᠶᠢᠨ ᠡᠮᠤᠨᠡᠬᠢ 10 ᠴᠠᠬ ᠲᠤ ᠨᠠᠭᠠᠳᠤᠮ ᠤᠨ ᠡᠬᠢᠯᠠᠯᠳᠡ ᠶᠢᠨ ᠶᠤᠰᠤᠯᠠᠯ ᠵᠤᠷᠰᠢᠯ ᠶᠤᠰᠥ ᠪᠠᠷ ᠶᠠᠪᠤᠬᠳᠡᠵᠥ᠂ ᠮᠤᠩᠭᠤᠯ ᠢᠶᠠᠷ ᠭᠤᠶᠤᠯᠠᠬᠰᠡᠨ ᠥᠵᠡᠭᠴᠢᠳ᠂ ᠬᠤᠯᠠ ᠥᠢᠷ᠎ᠠ ᠠᠴᠠ ᠭᠥᠷᠥᠯᠴᠡᠨ ᠢᠷᠡᠭᠰᠡᠨ ᠵᠤᠭᠠᠴᠠᠬᠰᠠᠳ ᠤᠯᠠᠭᠠᠨᠮᠤᠳᠥ ᠶᠢᠨ ᠦᠨᠳᠤᠰᠤᠳᠡᠨ ᠤ ᠤᠯᠠᠮᠵᠢᠯᠠᠯᠳᠤ ᠪᠡᠶ᠎ᠠ ᠲᠠᠮᠢᠷ ᠤᠨ ᠶᠡᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠲᠤ ᠴᠤᠬᠯᠠᠷᠠᠨ ᠭᠥᠮᠥᠨ ᠤ ᠲᠠᠯᠠᠢ ᠪᠤᠯᠤᠯ᠎ᠠ᠃ ᠡᠬᠢᠯᠠᠯᠳᠡ ᠶᠢᠨ ᠶᠤᠰᠤᠯᠠᠯ ᠳᠤ᠂ ᠤᠯᠤᠰ ᠤᠨ ᠲᠤᠬ ᠤᠨ ᠠᠩᠬᠢ᠂ ᠬᠤᠷᠠᠯ ᠤᠨ ᠲᠤᠬ ᠤᠨ ᠠᠩᠬᠢ᠂ ᠰᠥᠯᠳᠡ ᠶᠢᠨ ᠠᠩᠬᠢ᠂ ᠮᠠᠯᠴᠢᠳ ᠤᠨ ᠤᠯᠠᠭᠠᠨᠮᠦ᠋ᠴᠢᠷ ᠤᠨ ᠲᠤᠭᠯᠠᠯᠳᠠ ᠶᠢᠨ ᠠᠩᠬᠢ᠂ ᠬᠠᠩᠭᠠᠢ ᠲᠡᠷᠭᠡ ᠶᠢᠨ ᠠᠩᠬᠢ᠂ ᠬᠤᠪᠴᠠᠰᠤ ᠵᠠᠰᠠᠯ ᠤᠨ ᠠᠩᠬᠢ᠂ ᠮᠠᠯᠵᠢᠬᠤ ᠤᠷᠤᠨ ᠤ ᠲᠦᠯᠤᠭᠡᠯᠡᠭᠴᠢ ᠶᠢᠨ ᠠᠩᠬᠢ᠂ ᠪᠦᠬᠡ ᠶᠢᠨ ᠠᠩᠬᠢ᠂ ᠰᠤᠷ ᠬᠠᠷᠪᠤᠯᠳᠠ ᠶᠢᠨ ᠠᠩᠬᠢ᠂ ᠬᠢᠨᠠᠭᠴᠢ ᠶᠢᠨ ᠠᠩᠬᠢ᠂ ᠮᠤᠷᠢᠳᠠᠳ ᠤᠨ ᠠᠩᠬᠢ ᠵᠡᠷᠭᠡ 12 ᠠᠩᠬᠢ ᠢᠳᠡᠷᠡᠬᠦᠨ ᠠᠯᠬᠤᠭ᠎ᠠ ᠪᠠᠷ ᠴᠤᠭ ᠰᠦᠯᠳᠠ ᠲᠠᠢ᠂ ᠡᠮᠬᠢ ᠴᠡᠭᠴᠠ ᠲᠠᠢ ᠪᠠᠷ ᠨᠠᠭᠠᠳᠤᠮ ᠤᠨ ᠳᠠᠯᠠᠪᠠᠢ ᠳᠤ ᠤᠷᠤᠵᠤ᠂ ᠮᠠᠯᠴᠢᠳ ᠤᠨ ᠤᠯᠠᠭᠠᠨᠮᠦ᠋ᠴᠢᠷ ᠤᠨ ᠲᠤᠭᠯᠠᠯᠳᠠ ᠶᠢᠨ ᠠᠩᠬᠢ ᠭᠤᠶᠤ ᠰᠠᠶᠢᠬᠠᠨ ᠲᠤᠭᠯᠠᠯᠳᠠ ᠭᠠᠷᠭᠠᠪᠠ᠃       ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠰᠢᠥᠢ ᠪᠤᠥ ᠴᠢᠤᠸᠠᠨ ᠨᠠᠭᠠᠳᠤᠮ ᠡᠭᠢᠯᠡᠬᠦ ᠶᠢ ᠵᠠᠷᠯᠠᠪᠠ᠃       ᠲᠤᠰ ᠤᠳᠠᠭᠠᠨ ᠤ ᠨᠠᠭᠠᠳᠤᠮ ᠳᠤ᠂ ᠡᠷ᠎ᠠ ᠶᠢᠨ ᠭᠤᠷᠪᠠᠨ ᠨᠠᠭᠠᠳᠤᠮ ᠤᠨ ᠤᠯᠠᠮᠵᠢᠯᠠᠯᠳᠤ ᠪᠡᠶ᠎ᠠ ᠲᠠᠮᠢᠷ ᠤᠨ ᠲᠦᠷᠤᠯ ᠵᠦᠢᠯ ᠤᠨ ᠤᠷᠤᠯᠳᠤᠭᠠᠨ ᠠᠴᠠ ᠭᠠᠳᠠᠨ᠎ᠠ᠂ ᠮᠤᠩᠭᠤᠯ ᠰᠢᠳᠠᠷ᠎ᠠ᠂ ᠱᠠᠭ᠎ᠠ ᠨᠠᠭᠠᠳᠤᠮ᠂ ᠡᠪᠤᠯ ᠤᠨ ᠤᠯᠠᠷᠢᠯ ᠤᠨ ᠮᠤᠩᠭᠤᠯ ᠦᠨᠳᠤᠰᠤᠳᠡᠨ ᠤ ᠬᠤᠪᠴᠠᠰᠤ ᠵᠠᠰᠠᠯ ᠤᠨ ᠦᠵᠡᠬᠦᠯᠭᠡ ᠵᠡᠷᠭᠡ ᠤᠷᠤᠯᠳᠤᠭᠠᠨ ᠦᠵᠡᠭᠦᠯᠭᠡ ᠲᠤᠬᠢᠷᠠᠭᠤᠯᠵᠤ᠂ ᠬᠦᠷ ᠬᠦᠭᠵᠢᠶᠡᠨᠳᠤ ᠨᠠᠭᠠᠳᠤᠮ ᠢᠶᠠᠷ ᠢᠶᠠᠨ ᠡᠪᠤᠯ ᠤᠨ ᠤᠯᠠᠷᠢᠯ ᠤᠨ ᠵᠤᠭᠠᠴᠠᠯ ᠤᠨ ᠠᠭᠤᠯᠭ᠎ᠠ ᠶᠢ ᠪᠠᠶᠠᠯᠢᠭᠵᠢᠭᠤᠯᠬᠤ ᠶᠢᠨ ᠬᠠᠮᠳᠤ ᠨᠤᠳᠤᠭ ᠤᠰᠤᠨ ᠤ ᠪᠠᠨ ᠦᠩᠭᠡ ᠦᠵᠡᠮᠵᠢ᠂ ᠦᠨᠳᠤᠰᠤᠳᠡᠨ ᠤ ᠰᠤᠶᠤᠯ ᠤᠷᠠᠯᠢᠭ ᠢ ᠰᠠᠶᠢᠳᠤᠷ ᠤᠬᠠᠭᠤᠯᠵᠦ᠂ ᠡᠪᠤᠯ ᠤᠨ ᠤᠯᠠᠷᠢᠯ ᠤᠨ ᠵᠤᠭᠠᠴᠠᠯ ᠤᠨ ᠦᠢᠯᠡᠰ ᠤᠨ ᠬᠦᠭᠵᠢᠯᠳᠠ ᠶᠢ ᠲᠦᠯᠬᠢᠨ ᠠᠬᠢᠭᠤᠯᠤᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号