ᠰᠤᠷ ᠬᠠᠷᠪᠤᠯᠳᠠ ᠶᠢᠨ ᠮᠦᠷᠦ᠋ᠢᠴᠡᠭᠡᠨ ᠰᠤᠶᠤᠯ ᠢᠷᠭᠡᠨᠰᠢᠯ ᠤᠨ ᠷᠢᠳᠢ ᠰᠢᠳᠢ ᠶᠢ ᠭᠠᠶᠢᠬᠠᠭᠤᠯᠤᠨ᠎ᠠ
ᠨᠡᠶᠢᠲᠡᠯᠡᠭᠰᠡᠨ ᠴᠠᠭ᠄
2020/12/25
      ᠨᠠᠭᠠᠳᠤᠮ ᠤᠨ ᠬᠤᠷᠠᠯ ᠪᠤᠯ ᠮᠤᠩᠭᠤᠯ ᠦᠨᠳᠤᠰᠤᠳᠡᠨ ᠤ ᠦᠢᠯᠡᠳᠪᠤᠷᠢᠯᠠᠯ ᠠᠮᠢᠳᠤᠷᠠᠯ ᠢ ᠲᠤᠰᠬᠠᠵᠦ᠂ ᠦᠨᠳᠤᠰᠤᠳᠡᠨ ᠤ ᠰᠤᠶᠤᠯ ᠤᠷᠠᠯᠢᠭ ᠢ ᠲᠠᠶᠠᠭᠠᠷ ᠲᠤ ᠮᠡᠳᠡᠬᠦᠯᠬᠦ ᠶᠢᠨ ᠲᠦᠯᠦᠭᠡ ᠶᠠᠪᠤᠭᠳᠠᠭᠤᠯᠵᠦ ᠪᠠᠶᠢᠭ᠎ᠠ ᠦᠪᠡᠳᠡᠭᠰᠢ ᠴᠤᠭᠯᠠᠭᠠᠨ ᠪᠤᠯᠤᠨ᠎ᠠ᠃ ᠡᠭᠦᠨ ᠳᠤ ᠨᠠᠭᠠᠳᠤᠮ ᠤᠨ ᠬᠤᠷᠠᠯ ᠤᠨ ᠤᠷᠤᠯᠳᠤᠭᠠᠨ ᠤ ᠴᠢᠬᠤᠯᠠ ᠨᠢᠭᠡ ᠲᠦᠷᠤᠯ ᠵᠦᠢᠯ ᠪᠤᠯᠬᠤ ᠰᠤᠷ ᠬᠠᠷᠪᠤᠯᠳᠠ ᠶᠢᠨ ᠤᠷᠤᠯᠳᠤᠭᠠᠨ ᠨᠢ ᠦᠷᠭᠡᠨ ᠤᠯᠠᠨ ᠰᠤᠷᠴᠢᠨ ᠤ ᠤᠷ᠎ᠠ ᠠᠪᠢᠶᠠᠰ ᠢᠶᠠᠨ ᠪᠠᠳᠠᠷᠠᠭᠤᠯᠬᠤ ᠰᠠᠶᠢᠨ ᠲᠠᠪᠴᠠᠩ ᠪᠤᠯᠬᠤ ᠪᠦᠭᠡᠳ ᠦᠵᠡᠭᠴᠢ ᠤᠯᠠᠨ ᠳᠤ ᠪᠠᠨ ᠪᠠᠶᠠᠷ ᠴᠡᠩᠭᠡᠯ ᠤᠯᠭᠤᠬᠤ ᠠᠵᠠ ᠵᠠᠪᠰᠢᠶᠠᠨ ᠪᠤᠯᠬᠤ ᠶᠤᠮ᠃       12 ᠰᠠᠷ᠎ᠠ ᠶᠢᠨ 19 — 20 ᠤ ᠡᠳᠤᠷ ᠪᠤᠯᠳᠠᠯ᠎ᠠ ᠶᠠᠪᠤᠭᠳᠠᠭᠰᠠᠨ ᠤᠯᠠᠭᠠᠨᠮᠤᠳᠤ ᠲᠠᠯ᠎ᠠ ᠨᠤᠳᠤᠭ ᠤᠨ ᠮᠦᠩᠬᠦᠨ ᠡᠪᠤᠯ ᠤᠨ ᠨᠠᠭᠠᠳᠤᠮ ᠤᠨ ᠨᠠᠶᠢᠷ ᠤᠨ ᠲᠠᠯᠠᠪᠠᠢ ᠶᠢᠨ ᠨᠢᠭᠡ ᠦᠨᠴᠥᠭ ᠲᠤ ᠭᠠᠵᠠᠷ ᠤᠷᠤᠨ ᠤ ᠪᠠᠨ ᠤᠨᠴᠠᠯᠢᠭ ᠢ ᠲᠤᠪᠤᠶᠢᠯᠭᠠᠬᠰᠠᠨ ᠰᠤᠷᠴᠢᠳ ᠰᠤᠷ ᠬᠠᠷᠪᠤᠯᠳᠠ ᠶᠢᠨ ᠤᠷᠤᠯᠳᠤᠭᠠᠨ ᠳᠤ ᠤᠷᠤᠯᠴᠠᠵᠦ᠂ ᠤᠷ᠎ᠠ ᠮᠡᠷᠭᠡᠵᠢᠯ ᠢᠶᠠᠨ ᠮᠦᠷᠦ᠋ᠢᠴᠡᠨ᠎ᠠ᠃ ᠤᠢᠢᠯᠠᠭᠠᠭᠰᠠᠨ ᠢᠶᠠᠷ᠂ ᠲᠤᠰ ᠤᠳᠠᠭᠠᠨ ᠤ ᠨᠠᠶᠢᠷ ᠤᠨ ᠰᠤᠷ ᠬᠠᠷᠪᠤᠯᠳᠠ ᠶᠢᠨ ᠤᠷᠤᠯᠳᠤᠭᠠᠨ ᠳᠤ ᠬᠦᠯᠤᠨ ᠪᠤᠶᠢᠷ ᠤᠨ ᠡᠸᠡᠩᠬᠢ ᠬᠤᠰᠢᠭᠤ᠂ ᠰᠢᠨ᠎ᠠ ᠪᠠᠷᠭᠤ ᠵᠡᠬᠦᠨ ᠬᠤᠰᠢᠭᠤ᠂ ᠰᠢᠨ᠎ᠠ ᠪᠠᠷᠭᠤ ᠪᠠᠷᠠᠭᠤᠨ ᠬᠤᠰᠢᠭᠤ᠂ ᠰᠢᠯᠢ ᠶᠢᠨ ᠭᠤᠥᠯ ᠤᠨ ᠵᠡᠬᠦᠨ ᠦᠵᠤᠮᠤᠴᠢᠨ ᠬᠤᠰᠢᠭᠤ᠂ ᠪᠠᠷᠠᠭᠤᠨ ᠦᠵᠤᠮᠤᠴᠢᠨ ᠬᠤᠰᠢᠭᠤ᠂ ᠰᠦᠨᠢᠳ ᠵᠡᠬᠦᠨ ᠬᠤᠰᠢᠭᠤ᠂ ᠲᠦᠩᠯᠢᠶᠤᠥ ᠬᠤᠳᠠ᠂ ᠤᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤ ᠂ ᠬᠢᠷᠢᠨ ᠮᠤᠵᠢ ᠶᠢᠨ ᠡᠮᠤᠨᠡᠳᠤ ᠭᠤᠷᠯᠤᠰ ᠵᠡᠷᠭᠡ ᠭᠠᠵᠠᠷ ᠤᠷᠤᠨ ᠵᠢᠴᠢ ᠮᠠᠨ ᠤ ᠠᠶᠢᠮᠠᠭ ᠤᠨ ᠨᠡᠶᠢᠳᠡ 120 ᠭᠠᠷᠤᠢ ᠰᠤᠷᠴᠢᠨ ᠤᠷᠤᠯᠴᠠᠵᠠᠢ᠃       ︽ᠭᠤᠷᠪᠠᠨ ᠵᠢᠯ ᠲᠠᠷᠠᠭᠠᠯᠠᠨ ᠶᠠᠪᠤᠭᠳᠠᠵᠤ ᠪᠠᠶᠢᠭ᠎ᠠ ᠮᠦᠩᠭᠦᠨ ᠡᠪᠦᠯ ᠤᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠳᠤ ᠤᠷᠤᠯᠴᠠᠵᠤ ᠪᠠᠶᠢᠭ᠎ᠠ ᠰᠤᠷᠴᠢᠳ ᠤᠨ ᠲᠤᠭ᠎ᠠ ᠵᠢᠯ ᠲᠠᠷᠠᠭᠠᠯᠠᠨ ᠨᠡᠮᠡᠭᠳᠡᠵᠤ᠂ ᠬᠢᠷᠢ ᠪᠦᠳᠤᠮᠵᠢ ᠨᠢ ᠴᠤ ᠨᠡᠯᠢᠶᠡᠳ ᠲᠡᠭᠡᠭᠰᠢᠯᠡᠯᠳᠠ ᠲᠠᠢ᠃ ᠮᠠᠨ ᠤ ᠠᠶᠢᠮᠠᠭ ᠤᠨ ᠰᠤᠷᠴᠢᠳ ᠭᠤᠷᠪᠠᠨ ᠵᠢᠯ ᠤᠨ ᠴᠢᠷᠮᠠᠶᠢᠯᠭ᠎ᠠ ᠪᠠᠷ ᠲᠠᠮᠵᠢᠨ ᠤᠷ᠎ᠠ ᠮᠡᠷᠭᠡᠵᠢᠯ ᠢᠶᠠᠨ ᠲᠡᠭᠡᠭᠰᠢᠯᠡᠭᠦᠯᠵᠦ᠂ ᠪᠤᠰᠤᠳ ᠭᠠᠵᠠᠷ ᠤᠷᠤᠨ ᠤ ᠰᠤᠷᠴᠢᠳ ᠠᠴᠠ ᠲᠤᠤᠷ᠎ᠠ ᠦᠭᠡᠢ ᠰᠢᠯᠢᠳᠡᠭ ᠬᠢᠷᠢ ᠪᠦᠳᠦᠮᠵᠢ ᠤᠯᠵᠦ ᠪᠠᠶᠢᠨ᠎ᠠ᠃ ᠡ᠊ᠨᠠ ᠨᠢ ᠮᠠᠨ ᠤ ᠠᠶᠢᠮᠠᠭ ᠤᠨ ᠰᠤᠷ ᠬᠠᠷᠪᠤᠯᠳᠠ ᠶᠢᠨ ᠬᠦᠭᠵᠢᠯᠳᠠ ᠳᠤ ᠪᠠᠳᠤ ᠰᠠᠭᠤᠷᠢ ᠶᠢ ᠲᠠᠯᠪᠢᠵᠤ ᠦᠭᠴᠠᠢ︾ ᠭᠡᠵᠤ ᠰᠤᠷ ᠬᠠᠷᠪᠤᠯᠳᠠ ᠶᠢᠨ ᠤᠷᠤᠯᠳᠤᠭᠠᠨ ᠤ ᠬᠢᠨᠠᠭᠴᠢ ᠪᠠᠶᠠᠨᠪᠤᠯᠠᠭ ᠲᠠᠨᠢᠯᠴᠠᠭᠤᠯᠤᠨ᠎ᠠ᠃       ︽ᠵᠤᠨ ᠤ ᠤᠯᠠᠷᠢᠯ ᠤᠨ ᠨᠠᠭᠠᠳᠤᠮ ᠤᠨ ᠬᠤᠷᠠᠯ ᠢ ᠪᠤᠳᠤᠪᠠᠯ ᠪᠢ ᠬᠢᠩᠭᠠᠨ ᠠᠶᠢᠮᠠᠭ ᠲᠤ ᠬᠤᠶᠠᠳᠡᠬᠢ ᠤᠳᠠᠭ᠎ᠠ ᠢᠷᠡᠵᠦ᠂ ᠰᠤᠷ ᠬᠠᠷᠪᠤᠯᠳᠠ ᠶᠢᠨ ᠤᠷᠤᠯᠳᠤᠭᠠᠨ ᠳᠤ ᠤᠷᠤᠯᠴᠠᠵᠤ ᠪᠠᠶᠢᠨ᠎ᠠ᠃ ᠪᠢ ᠰᠤᠷ ᠬᠠᠷᠪᠤᠯᠳᠠ ᠶᠢᠨ ᠮᠡᠷᠭᠡᠵᠢᠯ ᠢ ᠰᠤᠷᠤᠭᠠᠳ ᠠᠷᠠᠢ ᠵᠢᠯ ᠪᠤᠯᠤᠭᠠᠳᠤᠢ᠂ ᠲᠤᠰ ᠤᠳᠠᠭᠠᠨ ᠤ ᠤᠷᠤᠯᠳᠤᠭᠠᠨ ᠬᠤᠷᠴᠠ ᠰᠢᠷᠥᠬᠦᠨ ᠶᠠᠪᠤᠭᠳᠠᠵᠤ᠂ ᠪᠢ ᠶᠢᠰᠤᠳᠤᠭᠡᠷ ᠨᠡᠷᠡᠰ ᠲᠤ ᠲᠤᠳᠤᠷᠠᠪᠠ᠃ ᠤᠨᠴᠠᠭᠠᠢᠢᠯᠠᠨ ᠬᠤᠪᠴᠠᠰᠤ ᠵᠠᠰᠠᠯ᠂ ᠰᠤᠷ ᠬᠠᠷᠪᠤᠬᠤ ᠮᠡᠷᠭᠡᠵᠢᠯ ᠵᠡᠷᠭᠡ ᠲᠠᠯ᠎ᠠ ᠪᠠᠷ ᠲᠤᠩ ᠶᠡᠭᠡ ᠤᠯᠤᠯᠳᠠ ᠲᠠᠢ︾ ᠭᠡᠵᠤ ᠬᠦᠯᠤᠨ ᠪᠤᠶᠢᠷ ᠬᠤᠳᠠ ᠶᠢᠨ ᠰᠢᠨ᠎ᠠ ᠪᠠᠷᠭᠤ ᠵᠡᠬᠦᠨ ᠬᠤᠰᠢᠭᠤᠨ ᠤ ᠪᠦᠷᠢᠨᠴᠢᠮᠡᠭ ᠰᠤᠷᠪᠤᠯᠵᠢᠯᠠᠭ᠎ᠠ ᠬᠦᠯᠢᠶᠡᠬᠦ ᠳᠤ ᠪᠠᠨ ᠶᠠᠷᠢᠵᠦ ᠪᠠᠶᠢᠯ᠎ᠠ᠃       ᠤᠯᠠᠭᠠᠨᠮᠤᠳᠤ ᠲᠠᠯ᠎ᠠ ᠨᠤᠳᠤᠭ ᠤᠨ ᠮᠦᠩᠬᠦᠨ ᠡᠪᠤᠯ ᠤᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠨᠢ ᠲᠡᠬᠦᠰ ᠠᠮᠵᠢᠯᠳᠠ ᠲᠠᠢ ᠦᠨᠳᠤᠷᠯᠡᠵᠤ᠂ ᠤᠯᠠᠮᠵᠢᠯᠠᠯᠳᠤ ᠰᠤᠶᠤᠯ ᠢᠶᠠᠨ ᠭᠠᠶᠢᠬᠠᠭᠤᠯᠤᠨ᠂ ᠰᠤᠷᠴᠢᠨ ᠪᠠ ᠦᠵᠡᠭᠴᠢᠳ ᠤᠨ ᠪᠠᠭ᠋ᠠᠷᠬᠠᠯ ᠢ ᠲᠠᠳᠠᠭᠰᠠᠨ ᠪᠠᠰᠠ ᠨᠢᠭᠡᠨ ᠤᠳᠠᠭᠠᠨ ᠤ ᠨᠢᠵᠢᠬᠢᠷ ᠰᠠᠶᠢᠬᠠᠨ ᠤᠷᠤᠯᠳᠤᠭᠠᠨ ᠪᠤᠯᠤᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号