ᠪᠦᠬᠦ ᠠᠶᠢᠮᠠᠬ ᠤᠨ ︽ᠮᠦᠡᠭᠬᠦᠨ ᠬᠤᠨᠭ᠍ᠬᠤ︾ ᠬᠤᠨᠳᠠᠭᠠᠳᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠬᠤᠤᠰ ᠭᠡᠯᠡᠨ ᠤ ᠢᠷᠡᠭᠤ ᠨᠠᠶᠢᠷᠠᠬ ᠤᠨ ᠤᠷᠠᠨ ᠤᠡᠭᠰᠢᠯᠭ᠎ᠠ ᠶᠢᠨ ᠤᠷᠤᠯᠳᠤᠭᠠᠨ ᠤᠯᠠᠨ ᠤ ᠲᠠᠭᠠᠰᠢᠶᠠᠯ ᠢ ᠤᠯᠤᠯ᠎ᠠ
ᠨᠡᠶᠢᠲᠡᠯᠡᠭᠰᠡᠨ ᠴᠠᠭ᠄
2020/12/25
      ᠤᠯᠤᠰ ᠤᠨ ᠨᠢᠭᠡᠳᠦᠯᠳᠠᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠲᠦᠭᠡᠮᠡᠯᠵᠢᠬᠦᠯᠤᠨ ᠳᠡᠯᠭᠡᠷᠡᠬᠦᠯᠬᠦ ᠠᠵᠢᠯ ᠢ ᠲᠦᠯᠬᠢᠨ ᠠᠬᠢᠭᠤᠯᠵᠦ᠂ ᠴᠦᠭᠡᠨ ᠳᠤᠭᠠᠳᠦ ᠦᠨᠳᠦᠰᠦᠳᠡᠨ ᠤ ᠰᠤᠷᠤᠬᠴᠢᠳ ᠤᠨ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠦᠭ ᠪᠢᠴᠢᠭ ᠢ ᠰᠤᠷᠤᠯᠴᠠᠬᠤ ᠢᠳᠡᠪᠬᠢᠵᠢᠯ ᠢ ᠲᠠᠶᠢᠴᠢᠯᠠᠨ᠂ ᠬᠤᠤᠰ ᠭᠡᠯᠡᠨ ᠤ ᠬᠢᠷᠢ ᠲᠦᠪᠰᠢᠨ ᠢ ᠳᠡᠭᠡᠭᠰᠢᠯᠡᠬᠦᠯᠵᠦ᠂ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠪᠠᠳᠤᠳᠬᠠᠬᠤ ᠪᠠᠷ᠂ 12 ᠰᠠᠷ᠎ᠠ ᠶᠢᠨ 19 ᠤ ᠡᠳᠦᠷ᠂ ᠠᠶᠢᠮᠠᠬ ᠤᠨ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ᠂ ᠠᠶᠢᠮᠠᠬ ᠤᠨ ᠰᠤᠷᠭᠠᠨ ᠬᠦᠮᠦᠵᠢᠯ ᠤᠨ ᠳᠤᠪᠴᠢᠶ᠎ᠠ ᠵᠢᠴᠢ ᠬᠢᠩᠭᠠᠨ ᠤ ᠷᠠᠳᠢᠣ᠋ ᠲᠧᠯᠸᠢᠰ ᠬᠤᠷᠢᠶ᠎ᠠ ᠠᠴᠠ ᠬᠠᠮᠳᠤᠷᠠᠨ ᠡᠷᠭᠢᠯᠡᠭᠰᠡᠨ ︽ᠳᠤᠮᠳᠠᠳᠤ ᠶᠢᠨ ᠦᠨᠳᠦᠰᠦᠳᠡᠨ ᠨᠢᠭᠡᠨ ᠭᠡᠷ ᠪᠦᠯᠢ ᠮᠡᠳᠦ ᠳᠤᠳᠤᠨᠤᠰᠤᠬ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠵᠡᠬᠦᠳᠦ ᠶᠢ ᠬᠠᠮᠳᠦ ᠪᠠᠷ ᠳᠡᠷᠭᠡᠯᠰᠢᠬᠦᠯᠦᠶ᠎ᠠ︾ ᠭᠤᠤᠯ ᠰᠡᠳᠦᠪᠳᠦ ᠪᠦᠬᠦ ᠠᠶᠢᠮᠠᠬ ᠤᠨ ᠠᠷᠪᠠᠨ ᠨᠢᠭᠡᠳᠦᠭᠡᠷ ᠬᠤᠭᠤᠴᠠᠭᠠᠨ ᠤ ︽ᠮᠦᠡᠭᠬᠦᠨ ᠬᠤᠨᠭ᠍ᠬᠤ︾ ᠬᠤᠨᠳᠠᠭᠠᠳᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠬᠤᠤᠰ ᠭᠡᠯᠡᠨ ᠤ ᠢᠷᠡᠭᠤ ᠨᠠᠶᠢᠷᠠᠬ ᠤᠨ ᠤᠷᠠᠨ ᠤᠡᠭᠰᠢᠯᠭ᠎ᠠ ᠶᠢᠨ ᠤᠷᠤᠯᠳᠤᠭᠠᠨ ᠤᠯᠠᠨ ᠤ ᠲᠠᠭᠠᠰᠢᠶᠠᠯ ᠢ ᠤᠯᠤᠬᠰᠠᠨ ᠪᠠᠶᠢᠨ᠎ᠠ᠃       ᠤᠨᠠᠭᠠᠨ ᠪᠠᠭ᠎ᠠ ᠨᠠᠰᠤᠨ ᠠᠴᠠ ᠪᠠᠨ ᠡᠭᠡ ᠭᠡᠯᠡᠨ ᠤ ᠪᠠᠨ ᠤᠭᠤᠷᠠᠬ ᠰᠢᠮ᠎ᠠ ᠶᠢ ᠬᠦᠷᠳᠡᠵᠦ᠂ ᠢᠷᠡᠭᠤ ᠳᠠᠩᠰᠤᠬ ᠰᠢᠯᠦᠭ ᠳᠠᠭᠤᠯᠠᠯ ᠢ ᠳᠠᠷᠢᠬᠢᠨ ᠳᠤ ᠪᠠᠨ ᠰᠢᠩᠭᠡᠭᠡᠨ ᠶᠠᠪᠤᠭ᠎ᠠ ᠡᠯ᠎ᠠ ᠬᠤᠰᠢᠭᠤ ᠰᠢᠶᠠᠨ ᠬᠤᠳᠠ ᠠᠴᠠ ᠬᠦᠷᠦᠯᠴᠡᠨ ᠢᠷᠡᠭᠰᠡᠨ ᠪᠢᠴᠢᠬᠠᠨ ᠤᠡᠭᠰᠢᠬᠴᠢᠳ ᠮᠠᠨᠢ ᠠᠶᠢᠮᠠᠬ ᠤᠨ ᠷᠠᠳᠢᠣ᠋ ᠲᠧᠯᠸᠢᠰ ᠤᠨ ᠬᠤᠷᠢᠶ᠎ᠠ ᠶᠢᠨ ᠳᠤᠬᠯᠠᠯᠳᠠ ᠶᠢᠨ ᠦᠷᠦᠭᠡ ᠳᠤ ᠬᠤᠷᠠᠨ ᠴᠤᠬᠯᠠᠷᠠᠵᠦ᠂ ᠮᠤᠩᠭᠤᠯ ᠭᠡᠯᠡᠨ ᠤ ᠪᠠᠨ ᠢᠷᠡᠭᠤ ᠰᠤᠨᠤᠰᠬᠤᠯᠠᠩ ᠢ ᠬᠠᠨᠭ᠍ᠬᠢᠨᠠᠭᠤᠯᠵᠦ᠂ ᠤᠷᠠᠨ ᠤᠡᠭᠰᠢᠯᠭ᠎ᠠ ᠶᠢᠨ ᠷᠢᠳᠢ ᠰᠢᠳᠢ ᠶᠢ ᠭᠠᠶᠢᠬᠠᠭᠤᠯᠪᠠ᠃ ᠲᠤᠰ ᠤᠳᠠᠭᠠᠨ ᠤ ᠤᠷᠤᠯᠳᠤᠭᠠᠨ ᠢᠶᠠᠨ ᠪᠠᠭ᠎ᠠ ᠰᠤᠷᠭᠠᠭᠤᠯᠢ ᠶᠢᠨ ᠳᠤᠭᠤᠢᠢᠯᠠᠩ᠂ ᠠᠩᠬ᠎ᠠ ᠳᠤᠮᠳᠠᠳᠤ ᠶᠢᠨ ᠳᠤᠭᠤᠢᠢᠯᠠᠩ᠂ ᠦᠨᠳᠦᠷ ᠳᠤᠮᠳᠠᠳᠤ ᠶᠢᠨ ᠳᠤᠭᠤᠢᠢᠯᠠᠩ ᠭᠡᠵᠦ ᠭᠤᠷᠪᠡᠨ ᠲᠤᠭᠤᠢᠢᠯᠠᠩ ᠬᠤᠪᠢᠶᠠᠨ ᠶᠠᠪᠤᠬᠳᠠᠭᠤᠯᠵᠦ᠂ ᠠᠭᠤᠤ ᠨᠠᠮ᠂ ᠡᠭᠡ ᠤᠯᠤᠰ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠵᠢᠴᠢ ᠭᠡᠷ ᠤᠷᠤᠨ᠂ ᠰᠠᠶᠢᠨ ᠰᠠᠶᠢᠬᠠᠨ ᠠᠮᠢᠳᠤᠷᠠᠯ᠂ ᠬᠦᠰᠡᠯ ᠵᠡᠬᠦᠳᠦ ᠪᠠᠨ ᠮᠠᠬᠳᠠᠨ ᠳᠠᠭᠤᠯᠠᠵᠠᠢ᠃ ᠤᠷᠠᠨ ᠤᠩᠰᠢᠯᠭ᠎ᠠ ᠪᠠᠨ ᠪᠠᠰᠠ ᠬᠢᠳᠠᠳ ᠭᠡᠯᠡᠨ ᠤ ᠤᠷᠠᠨ ᠤᠡᠭᠰᠢᠯᠭ᠎ᠠ ᠪᠠ ᠮᠤᠩᠭᠤᠯ ᠭᠡᠯᠡᠨ ᠤ ᠤᠷᠠᠨ ᠤᠡᠭᠰᠢᠯᠭ᠎ᠠ ᠭᠡᠵᠦ ᠲᠦᠷᠦᠯ ᠬᠤᠪᠢᠶᠠᠨ ᠠᠯᠬᠤᠮ ᠳᠠᠷᠠᠭ᠎ᠠ ᠲᠠᠢ᠂ ᠬᠦᠷ ᠬᠦᠭᠵᠢᠶᠡᠨ ᠲᠠᠢ ᠰᠠᠶᠢᠬᠠᠨ ᠶᠠᠪᠤᠬᠳᠠᠭᠤᠯᠤᠬᠰᠠᠨ ᠪᠠᠶᠢᠨ᠎ᠠ᠃ ᠤᠷᠤᠯᠳᠤᠭᠠᠨ ᠤ ᠳᠠᠷᠠᠭ᠎ᠠ ᠬᠢᠨᠭ᠍ᠭᠠᠨ ᠤ ᠷᠠᠳᠢᠣ᠋ ᠲᠧᠯᠸᠢᠰ ᠬᠤᠷᠢᠶᠠᠨ ᠤ ᠴᠠᠭᠠᠨᠬᠤᠸᠠᠷ ᠪᠠᠭᠰᠢ ᠪᠦᠬᠦ ᠬᠢᠨᠠᠬᠴᠢ ᠪᠠᠭᠰᠢ ᠨᠠᠷ ᠢ ᠲᠦᠯᠦᠭᠡᠯᠡᠨ᠂ ᠳᠤᠰ ᠤᠳᠠᠭᠠᠨ ᠤ ᠤᠷᠤᠯᠳᠤᠭᠠᠨ ᠳᠤ ᠦᠨᠡᠯᠠᠯᠳᠠ ᠦᠭᠴᠦ᠂ ᠳᠠᠷᠠᠭᠠᠴᠢ ᠶᠢᠨ ᠬᠤᠭᠤᠴᠠᠭᠠᠨ ᠤ ︽ᠮᠦᠡᠭᠬᠦᠨ ᠬᠤᠨᠭ᠍ᠬᠤ︾ ᠬᠤᠨᠳᠠᠭᠠᠳᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠬᠤᠤᠰ ᠭᠡᠯᠡᠨ ᠤ ᠢᠷᠡᠭᠤ ᠨᠠᠶᠢᠷᠠᠬ ᠤᠨ ᠤᠷᠠᠨ ᠤᠡᠭᠰᠢᠯᠭ᠎ᠠ ᠶᠢᠨ ᠤᠷᠤᠯᠳᠤᠭᠠᠨ ᠢᠶᠠᠨ ᠨᠠᠩ ᠰᠠᠶᠢᠬᠠᠨ ᠶᠠᠪᠤᠬᠳᠠᠭᠤᠯᠬᠤ ᠲᠤᠬᠠᠢ ᠬᠦᠰᠡᠯ ᠵᠦᠡᠭᠨᠡᠯ ᠢᠶᠠᠨ ᠳᠠᠯᠪᠢᠬᠰᠠᠨ ᠪᠠᠶᠢᠨ᠎ᠠ᠃ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠢᠢᠯᠠᠩ ᠳᠤ ᠤᠯᠠᠭᠠᠨᠬᠤᠳᠠ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠲᠦᠡᠭ ᠰᠦᠶ᠎ᠠ᠂ ᠸᠠᠩ ᠴᠢ ᠯᠠᠨ ︵ᠬᠠᠮᠳᠤᠯᠢᠬ︶ ᠳᠡᠷᠢᠬᠦᠯᠡᠵᠦ᠂ ᠠᠩᠬ᠎ᠠ ᠳᠤᠮᠳᠠᠳᠤ ᠶᠢᠨ ᠳᠤᠭᠤᠢᠢᠯᠠᠩ ᠳᠤ ᠢᠨᠳᠡᠷ ᠲᠠᠬᠢ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠠᠪᠢᠶᠠᠰ ᠳᠡᠷᠢᠬᠦᠯᠡᠵᠦ᠂ ᠦᠨᠳᠦᠷ ᠳᠤᠮᠳᠠᠳᠤ ᠶᠢᠨ ᠳᠤᠭᠤᠢᠢᠯᠠᠩ ᠳᠤ ᠤᠯᠠᠭᠠᠨᠬᠤᠳᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠦᠡᠭ ᠳᠤᠬᠴᠢᠨ ᠳᠡᠷᠢᠬᠦᠯᠡᠭᠰᠡᠨ ᠪᠠᠶᠢᠨ᠎ᠠ᠃       ︽ᠮᠠᠨ ᠤ ᠠᠷᠪᠠᠨ ᠨᠢᠭᠡᠳᠦᠭᠡᠷ ᠬᠤᠭᠤᠴᠠᠭᠠᠨ ᠤ ︿ᠮᠦᠡᠭᠬᠦᠨ ᠬᠤᠨᠭ᠍ᠬᠤ﹀ ᠬᠤᠨᠳᠠᠭᠠᠳᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠬᠤᠤᠰ ᠭᠡᠯᠡᠨ ᠤ ᠢᠷᠡᠭᠤ ᠨᠠᠶᠢᠷᠠᠬ ᠤᠨ ᠤᠷᠠᠨ ᠲᠤᠳᠤ ᠤᠡᠭᠰᠢᠯᠭ᠎ᠠ ᠶᠢᠨ ᠤᠷᠤᠯᠳᠤᠭᠠᠨ ᠡᠮᠦᠨᠡᠬᠢ ᠭᠡᠳᠤᠨ ᠬᠤᠭᠤᠴᠠᠭᠠᠨ ᠤ ᠤᠷᠤᠯᠳᠤᠭᠠᠨ ᠠᠴᠠ ᠤᠨᠴᠠᠯᠢᠬᠳᠠᠬᠤ ᠳᠠᠯ᠎ᠠ ᠭᠡᠪᠡᠯ᠂ ᠠᠩᠬ᠎ᠠ ᠤᠳᠠᠭ᠎ᠠ ᠮᠤᠩᠭᠤᠯ ᠬᠢᠳᠡᠳ ᠬᠤᠤᠰ ᠭᠡᠯᠡᠨ ᠤ ᠢᠷᠡᠭᠤ ᠨᠠᠶᠢᠷᠠᠬ ᠤᠨ ᠤᠷᠠᠨ ᠲᠤᠳᠤ ᠤᠡᠭᠰᠢᠯᠭ᠎ᠠ ᠶᠢᠨ ᠤᠷᠤᠯᠳᠤᠭᠠᠨ ᠳᠤᠬᠢᠷᠠᠭᠤᠯᠵᠠᠢ᠃ ᠡᠨᠡ ᠨᠢ ᠮᠠᠨ ᠤ ᠮᠤᠩᠭᠤᠯ ᠰᠤᠷᠤᠬᠴᠢᠳ ᠤᠨ ᠭᠡᠯᠡᠨ ᠤ ᠮᠡᠳᠡᠷᠡᠮᠵᠢ ᠶᠢᠨ ᠭᠠᠶᠢᠬᠠᠮᠰᠢᠬ ᠪᠠ ᠤᠷᠠᠨ ᠤᠡᠭᠰᠢᠯᠭ᠎ᠠ ᠶᠢᠨ ᠰᠤᠶᠤᠯ ᠤᠨ ᠦᠨᠳᠦᠷ ᠲᠦᠪᠰᠢᠨ ᠢ ᠢᠯᠡᠷᠡᠬᠦᠯᠦᠭᠰᠡᠨ ᠮᠦᠷᠳᠡᠭᠡᠨ ᠮᠤᠩᠭᠤᠯ ᠰᠤᠷᠤᠬᠴᠢᠳ ᠤᠨ ᠬᠤᠤᠰ ᠭᠡᠯᠨ ᠪᠠᠷ ᠶᠠᠷᠢᠬᠤ ᠴᠢᠳᠠᠪᠤᠷᠢ᠂ ᠬᠤᠤᠰ ᠭᠡᠯᠡ ᠶᠢ ᠡᠵᠡᠮᠰᠢᠵᠦ ᠪᠠᠶᠢᠭ᠎ᠠ ᠭᠡᠯᠡᠨ ᠤ ᠮᠡᠳᠡᠷᠡᠮᠵᠢ ᠶᠢ ᠤᠯᠵᠦ ᠬᠠᠷᠠᠭᠰᠠᠨ ᠪᠠᠶᠢᠳᠠᠭ᠃ ᠮᠦᠨ ᠴᠦ ᠤᠷᠤᠯᠳᠤᠭᠠᠨ ᠢᠶᠠᠷ ᠳᠠᠮᠵᠢᠨ᠂ ᠮᠠᠨ ᠤ ᠰᠤᠷᠤᠬᠴᠢᠳ ᠤᠨ ᠢᠶᠠᠨ ᠤᠷᠠᠨ ᠤᠡᠭᠰᠢᠯᠭ᠎ᠠ ᠶᠢᠨ ᠠᠯᠳᠠᠭ᠎ᠠ ᠳᠤᠳᠠᠬᠳᠠᠯ᠂ ᠬᠦᠷᠦᠯᠴᠡᠬᠦ ᠦᠭᠡᠢ ᠳᠠᠯ᠎ᠠ ᠶᠢ ᠢᠯᠡᠷᠡᠬᠦᠯᠦᠭᠰᠡᠨ ᠪᠠᠶᠢᠨ᠎ᠠ ᠁︾ ᠭᠡᠵᠦ ᠲᠤᠰ ᠤᠳᠠᠭᠠᠨ ᠤ ᠤᠷᠤᠯᠳᠤᠭᠠᠨ ᠤ ᠬᠢᠨᠠᠬᠴᠢ ᠪᠠᠭᠰᠢ ᠯ᠊ · ᠨᠠᠶᠠᠨᠳᠠᠢ ᠶᠠᠷᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号