ᠤᠯᠠᠮᠵᠢᠯᠠᠯᠳᠤ ᠰᠤᠶᠤᠯ ᠢᠶᠠᠨ ᠠᠭᠤᠳᠠᠯᠯᠠᠵᠦ ᠦᠷ᠎ᠠ ᠬᠤᠶᠢᠴᠢᠰ ᠲᠤ ᠪᠠᠨ ᠦᠪᠯᠡᠨᠡᠮ ᠬᠤᠷᠴᠢᠨ ᠪᠠᠷᠡᠭᠤᠨ ᠭᠠᠷᠣᠨ ᠳᠤᠮᠳᠠᠲᠦ ᠬᠤᠰᠢᠭᠤ ᠦᠯᠢᠭᠡᠷ ᠬᠤᠯᠪᠤᠭ᠎ᠠ ᠶᠢᠨ ᠪᠤᠯᠪᠠᠰᠦᠷᠠᠯ ᠤᠨ ᠠᠩᠬᠢ ᠡᠷᠬᠢᠯᠡᠪᠠ
ᠨᠡᠶᠢᠲᠡᠯᠡᠭᠰᠡᠨ ᠴᠠᠭ᠄
2020/12/25
      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠲᠠ ᠬᠤᠷᠠᠯ ᠤᠨ ᠵᠤᠷᠢᠬ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠵᠦ᠂ ᠪᠦᠬᠦ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠴᠢᠳ ᠤᠨ ᠡᠩᠨᠡᠭᠡ ᠶᠢ ᠦᠷᠭᠡᠳᠭᠡᠬᠦ ᠶᠢᠨ ᠲᠦᠯᠦᠭᠡ ᠤᠢᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠦᠨ ᠳᠤᠮᠳᠠᠲᠦ ᠬᠤᠰᠢᠭᠤ ᠬᠤᠷᠢᠨ ᠵᠢᠷᠭᠤᠳᠤᠭᠠᠷ ᠬᠤᠭᠤᠴᠠᠭᠠᠨ ᠤ ᠦᠯᠢᠭᠡᠷ ᠬᠤᠯᠪᠤᠭ᠎ᠠ ᠶᠢᠨ ᠪᠤᠯᠪᠠᠰᠦᠷᠠᠯ ᠤᠨ ᠠᠩᠬᠢ ᠡᠷᠬᠢᠯᠡᠪᠠ᠃        ᠲᠤᠰ ᠤᠳᠠᠭᠠᠨ ᠤ ᠪᠤᠯᠪᠠᠰᠤᠷᠠᠯ ᠢ ᠬᠤᠰᠢᠭᠤᠨ ᠤ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ ᠡᠷᠬᠢᠯᠡᠵᠦ᠂ ᠠᠷᠡᠳ ᠤᠨ ᠤᠷᠠᠯᠢᠬᠴᠢᠨ ᠪᠤᠯᠦᠨ ᠦᠯᠢᠭᠡᠷ ᠬᠤᠯᠪᠤᠭ᠎ᠠ ᠳᠤ ᠲᠤᠷ᠎ᠠ ᠪᠠᠬ᠎ᠠ ᠲᠠᠢ 40 ᠭᠠᠷᠦᠢ ᠬᠦ᠋ᠮᠦᠨ ᠤᠷᠤᠯᠴᠠᠬᠰᠠᠨ ᠪᠠᠶᠢᠨ᠎ᠠ᠃       ᠦᠯᠢᠭᠡᠷ ᠬᠤᠯᠪᠤᠭ᠎ᠠ ᠨᠢ ᠲᠤᠮᠳᠠᠲᠦ ᠬᠤᠰᠢᠭᠤᠨ ᠳᠤ ᠦᠨᠢ ᠤᠳᠠᠭᠠᠨ ᠲᠡᠤᠭᠡ ᠲᠠᠢ ᠮᠦᠷᠳᠡᠭᠡᠨ ᠤᠯᠠᠨ ᠲᠦᠮᠡᠨᠴᠢ ᠰᠠᠭᠤᠷᠢ ᠲᠠᠢ᠃ ᠲᠡᠷᠡ ᠨᠢ ᠬᠤᠷᠴᠢᠨ ᠤ ᠲᠠᠯ᠎ᠠ ᠨᠤᠲᠤᠭ ᠲᠤ ᠤᠯᠠᠮᠵᠢᠯᠠᠬᠳᠠᠨ ᠳᠡᠯᠭᠡᠷᠡᠵᠦ᠂ ᠤᠳᠤᠬᠠᠨ ᠳᠤ ᠲᠤᠮᠳᠠᠲᠦ ᠬᠤᠰᠢᠭᠤᠨ ᠤ ᠰᠤᠶᠤᠯ ᠤᠨ ᠨᠡᠷᠡᠲᠦ ᠲᠡᠮᠳᠡᠭ ᠪᠤᠯᠤᠬᠰᠠᠨ ᠪᠠᠶᠢᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠲᠤᠰ ᠬᠤᠰᠢᠭᠤᠨ ᠤ ᠨᠠᠮ ᠤᠨ ᠬᠤᠷᠢᠶ᠎ᠠ᠂ ᠵᠠᠰᠠᠬ ᠤᠨ ᠤᠷᠲᠤᠨ ᠰᠤᠶᠤᠯ ᠤᠨ ᠪᠦᠲᠦᠭᠡᠨ ᠪᠠᠶᠢᠭᠤᠯᠤᠯᠲᠠ ᠶᠢ ᠲᠤᠩ ᠴᠢᠬᠤᠯᠠᠴᠢᠯᠡᠨ ᠦᠵᠡᠵᠦ᠂ ᠦᠯᠢᠭᠡᠷ ᠬᠤᠯᠪᠤᠭ᠎ᠠ ᠶᠢ ᠦᠷᠭᠡᠨ ᠢᠶᠠᠷ ᠤᠯᠠᠮᠵᠢᠯᠠᠨ ᠪᠠᠳᠠᠷᠠᠭᠠᠬᠰᠠᠨ ᠠᠴᠠ 2006 ᠤᠨ ᠳᠤ ᠤᠯᠤᠰ ᠤᠨ ᠨᠢᠭᠡᠳᠦᠭᠡᠷ ᠪᠦᠯᠦᠭ ᠤᠨ ᠪᠤᠳᠠᠰ ᠤᠨ ᠪᠤᠰᠦ ᠤᠨ ᠦᠪ ᠤᠨ ᠨᠡᠷᠡᠰ ᠲᠤ ᠵᠢᠬᠰᠠᠭᠠᠬᠳᠠᠵᠦ᠂ 2011 ᠤᠨ ᠳᠤ ᠤᠯᠤᠰ ᠤᠨ ᠰᠤᠶᠤᠯ ᠤᠨ ᠶᠠᠮᠤᠨ ᠳᠤ ︽ᠦᠯᠢᠭᠡᠷ ᠤᠨ ᠨᠤᠲᠤᠭ︾ ᠢᠶᠠᠷ ᠦᠨᠡᠯᠡᠭᠳᠡᠭᠰᠡᠨ ᠪᠠᠶᠢᠨ᠎ᠠ᠃ ᠤᠳᠤᠬᠠᠨ ᠳᠤ᠂ ᠲᠤᠰ ᠬᠤᠰᠢᠭᠤᠨ ᠳᠤ ᠦᠯᠢᠭᠡᠷ ᠬᠤᠯᠪᠤᠭ᠎ᠠ ᠶᠢᠨ ᠤᠷᠠᠯᠢᠬᠴᠢᠨ 200 ᠭᠠᠷᠦᠢ ᠪᠠᠶᠢᠬᠤ ᠪᠦᠭᠡᠳ ᠤᠯᠤᠰ᠂ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ ᠠᠴᠠ ᠡᠷᠬᠢᠯᠡᠭᠰᠡᠨ ᠦᠯᠢᠭᠡᠷ ᠬᠤᠯᠪᠤᠭ᠎ᠠ ᠶᠢᠨ ᠲᠤᠮᠤ ᠤᠷᠤᠯᠳᠤᠭᠠᠨ ᠤ ᠰᠢᠯᠢᠳᠡᠭ ᠠᠮᠵᠢᠯᠲᠠ ᠪᠠᠷ ᠡᠩᠭᠡᠷ ᠢᠶᠠᠨ ᠮᠢᠯᠢᠶᠠᠯᠭᠠᠵᠦ ᠪᠤᠢ᠃       ᠲᠤᠰ ᠬᠤᠰᠢᠭᠤ ᠪᠤᠯᠪᠠᠰᠦᠷᠠᠯ ᠤᠨ ᠠᠩᠬᠢ ᠡᠷᠬᠢᠯᠡᠬᠦ ᠪᠠᠷ ᠳᠠᠮᠵᠢᠨ ᠠᠷᠡᠳ ᠤᠨ ᠤᠷᠠᠯᠢᠬᠴᠢᠨ ᠪᠤᠯᠦᠨ ᠦᠯᠢᠭᠡᠷ ᠬᠤᠯᠪᠤᠭ᠎ᠠ ᠳᠤ ᠲᠤᠷ᠎ᠠ ᠪᠠᠬ᠎ᠠ ᠲᠠᠢ ᠬᠦᠮᠦᠰ ᠤᠨ ᠤᠷ᠎ᠠ ᠠᠪᠢᠶᠠᠰ ᠢ ᠲᠡᠭᠡᠭᠰᠢᠯᠡᠭᠦᠯᠵᠦ᠂ ᠨᠢᠭᠡᠨ ᠪᠤᠳᠠᠲᠦ ᠠᠮᠢᠳᠦᠷᠠᠯ ᠲᠠᠢ ᠤᠢᠢᠷᠠᠳᠤᠬᠰᠠᠨ᠂ ᠰᠢᠨ᠎ᠠ ᠴᠠᠬ ᠦᠶ᠎ᠠ ᠶᠢᠨ ᠬᠦᠭᠵᠢᠯᠲᠠ ᠶᠢ ᠲᠤᠰᠬᠠᠬᠰᠠᠨ ᠰᠢᠯᠢᠳᠡᠭ ᠪᠦᠲᠦᠭᠡᠯ ᠭᠠᠷᠭᠠᠬᠤ ᠳᠤ ᠨᠢ ᠰᠠᠶᠢᠨ ᠰᠠᠶᠢᠬᠠᠨ ᠲᠠᠪᠴᠠᠩ ᠬᠠᠨᠭ᠍ᠭᠠᠵᠦ ᠦᠭᠴᠤ ᠪᠠᠶᠢᠨ᠎ᠠ᠃       ᠤᠢᠢᠯᠠᠭᠠᠯᠲᠠ ᠪᠠᠷ᠂ ᠲᠤᠰ ᠤᠳᠠᠭᠠᠨ ᠤ ᠪᠤᠯᠪᠠᠰᠦᠷᠠᠯ ᠢᠶᠠᠨ 7 ᠡᠳᠦᠷ ᠤᠨ ᠬᠤᠭᠤᠴᠠᠭ᠎ᠠ ᠲᠠᠢ ᠶᠠᠪᠤᠬᠳᠠᠭᠤᠯᠵᠦ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠴᠢᠳ ᠪᠠ ᠦᠪᠦᠷ ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠦᠹᠧᠰᠰᠤᠷ ᠢ ᠤᠷᠢᠵᠦ᠂ ᠦᠯᠢᠭᠡᠷ ᠤᠨ ᠰᠠᠭᠤᠷᠢ ᠮᠡᠳᠡᠯᠭᠡ᠂ ᠦᠯᠢᠭᠡᠷ ᠤᠨ ᠲᠡᠤᠭᠡ᠂ ᠬᠡᠪ ᠨᠠᠮᠪᠠ᠂ ᠤᠨᠴᠠᠯᠢᠭ ᠰᠢᠨᠵᠢ᠂ ᠬᠤᠯᠪᠤᠭ᠎ᠠ ᠶᠢᠨ ᠲᠠᠶᠢᠰᠠᠨ ᠳᠠᠬᠢ ᠢᠯᠡᠷᠡᠯ ᠵᠡᠷᠭᠡ ᠶᠢ ᠤᠨᠤᠯ ᠤᠢᠢᠯᠡᠳᠦᠯᠭᠡ ᠲᠠᠢ ᠤᠶᠠᠯᠳᠤᠭᠤᠯᠦᠨ ᠰᠢᠰᠲ᠋ᠧᠮ ᠲᠠᠢ ᠲᠠᠶᠢᠯᠪᠤᠷᠢᠯᠠᠭᠤᠯᠤᠬᠰᠠᠨ ᠪᠠᠶᠢᠳᠠᠭ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号