ᠰᠤᠷᠤᠬᠴᠢ ᠪᠠᠨ ᠪᠦᠬᠦ ᠲᠠᠯ᠎ᠠ ᠪᠠᠷ ᠬᠦᠮᠦᠵᠢᠭᠦᠯᠵᠦ᠂ ᠰᠤᠷᠭᠠᠭᠤᠯᠢ ᠶᠢᠨ ᠶᠤᠰᠤ ᠰᠤᠷᠲᠠᠬᠤᠨ ᠤ | ᠬᠦᠮᠦᠵᠢᠯ ᠢᠶᠠᠨ ᠴᠢᠩᠭᠠᠳᠬᠠᠬᠤ ᠪᠠᠷ ᠦᠢᠷ᠎ᠠ ᠳᠤ᠂ ᠬᠤᠷᠴᠢᠨ ᠪᠠᠷᠠᠭᠤᠨ ᠭᠠᠷᠦᠨ ᠳᠤᠮᠳᠠᠲᠦ ᠬᠤᠰᠢᠭᠤᠨ ᠤ | ᠲᠠᠶᠢᠴᠢᠨᠳᠠᠯ᠎ᠠ ᠭᠤᠤᠯ ᠪᠠᠭ᠎ᠠ ᠰᠤᠷᠭᠠᠭᠤᠯᠢ ︽ᠰᠤᠷᠭᠠᠭᠤᠯᠢ ᠶᠢᠨ ᠬᠦᠷᠢᠶᠠᠨ ᠤ ᠤᠳᠤᠨ︾ ᠢᠶᠠᠨ ᠬᠦᠬᠢᠬᠦᠯᠬᠦ | ᠠᠵᠢᠯᠯᠠᠭ᠎ᠠ ᠶᠠᠪᠤᠬᠳᠠᠭᠤᠯᠪᠠ᠃ | ᠲᠤᠰ ᠤᠳᠠᠭᠠᠨ ᠤ ᠠᠵᠢᠯᠯᠠᠭᠠᠨ ᠳᠤ᠂ ︽ᠰᠤᠷᠤᠯᠴᠠᠯᠭ᠎ᠠ ᠶᠢᠨ ᠤᠳᠤᠨ︾᠂ ︽ᠬᠦᠳᠡᠯᠮᠤᠷᠢ ᠶᠢᠨ ᠤᠳᠤᠨ︾ | ᠂ ︽ᠠᠷᠪᠢᠯᠡᠨ ᠭᠠᠮᠨᠠᠬᠤ ᠤᠳᠤᠨ︾᠂ ︽ᠪᠤᠯᠪᠠᠰᠦᠨ ᠶᠤᠰᠤᠷᠬᠠᠬ ᠤᠳᠤᠨ︾ ᠵᠡᠷᠭᠡ ︽ᠰᠤᠷᠭᠠᠭᠤᠯᠢ ᠶᠢᠨ | ᠬᠦᠷᠢᠶᠠᠨ ᠤ ᠤᠳᠤᠨ︾ ᠢ ᠰᠢᠯᠭᠠᠷᠠᠭᠤᠯᠤᠨ ᠱᠠᠩᠨᠠᠵᠦ᠂ ᠰᠤᠷᠤᠭᠴᠢᠳ ᠤᠨ ᠤᠨᠴᠠ ᠴᠢᠳᠠᠪᠦᠷᠢ ᠶᠢ ᠬᠦᠭᠵᠢᠭᠦᠯᠦᠨ᠂ | ᠢᠳᠡᠪᠬᠢᠲᠠᠢ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠵᠦ᠂ ᠰᠤᠷᠤᠬᠴᠢᠳ ᠤᠨ ᠵᠤᠷᠢᠬᠲᠠᠢ ᠪᠠᠷ ᠤᠷᠤᠬᠰᠢᠯᠡᠨ | ᠲᠠᠪᠰᠢᠬᠤ ᠡᠷᠴᠢᠨ ᠵᠤᠷᠢᠬ ᠢ ᠨᠢ ᠬᠦᠪᠴᠢᠯᠡᠵᠦ᠂ ᠠᠮᠢᠳᠦᠯᠢᠬ᠂ ᠡᠷᠡᠭᠦᠯ ᠰᠠᠷᠠᠭᠤᠯ᠂ ᠰᠠᠨᠠᠭᠠᠴᠢᠯᠠᠭ᠎ᠠ ᠲᠠᠢ ᠪᠠᠷ | ᠰᠤᠷᠤᠯᠴᠠᠬᠤ ᠳᠤ ᠢᠳᠡᠭᠡᠯ ᠵᠤᠷᠢᠬ ᠤᠯᠭᠤᠵᠦ᠂ ᠪᠦᠬᠦ ᠲᠠᠯ᠎ᠠ ᠪᠠᠷ ᠬᠦᠭᠵᠢᠬᠦ ᠶᠢ ᠨᠢ ᠠᠬᠢᠭᠤᠯᠪᠠ᠃ |