ᠢᠨᠳᠡᠷ ᠲᠠᠬᠢ ᠵᠢᠷᠭᠤᠳᠤᠭᠠᠷ ᠲᠤᠮᠳᠠᠳᠤ ᠰᠤᠷᠭᠠᠭᠤᠯᠢ ᠰᠤᠷᠤᠬᠴᠢᠳ ᠤᠨ ᠢᠶᠠᠨ ᠨᠤᠮ ᠲᠠᠢ ᠨᠦᠬᠦᠷᠯᠡᠬᠦ ᠲᠠᠳᠬᠠᠯ ᠢ ᠰᠠᠶᠢᠳᠤᠷ ᠬᠦᠮᠤᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2020/12/25
      ᠦᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠢᠨᠳᠡᠷ ᠲᠠᠬᠢ ᠵᠢᠷᠭᠤᠳᠤᠭᠠᠷ ᠲᠤᠮᠳᠠᠳᠤ ᠰᠤᠷᠭᠠᠭᠤᠯᠢ ᠰᠤᠷᠤᠭᠴᠢᠳ ᠤᠨ ᠬᠢᠴᠢᠶᠡᠯ ᠤᠨ ᠭᠠᠳᠠᠨᠠᠬᠢ ᠤᠩᠰᠢᠯᠭ᠎ᠠ ᠶᠢ ᠲᠦᠢᠯ ᠢᠶᠠᠷ ᠬᠦᠨᠳᠦᠳᠭᠡᠵᠤ᠂ ᠬᠠᠷᠠᠭ᠎ᠠ ᠶᠢ ᠨᠢ ᠲᠡᠯᠡᠵᠤ᠂ ᠮᠡᠳᠡᠯᠭᠡ ᠶᠢ ᠨᠢ ᠦᠷᠭᠡᠵᠢᠬᠦᠯᠵᠤ᠂ ᠰᠡᠳᠬᠢᠬᠦᠢ ᠶᠢ ᠨᠢ ᠬᠦᠭᠵᠢᠭᠦᠯᠭᠦ ᠪᠠᠷ ᠬᠠᠷᠠᠯᠳᠠ ᠪᠤᠯᠭᠠᠨ ᠤᠩᠰᠢᠯᠭ᠎ᠠ ᠲᠠᠢ ᠬᠤᠯᠪᠤᠭᠳᠠᠬᠤ ᠬᠠᠮᠢᠶ᠎ᠠ ᠪᠦᠬᠦᠢ ᠠᠵᠢᠯᠯᠠᠭ᠎ᠠ ᠶᠢ ᠤᠯᠠᠨᠳᠠ ᠵᠤᠬᠢᠶᠠᠨ ᠪᠠᠶᠢᠭᠤᠯᠵᠤ ᠰᠤᠷᠤᠭᠴᠢ ᠶᠢᠨ ᠤᠩᠰᠢᠯᠭ᠎ᠠ ᠶᠢᠨ ᠲᠠᠳᠬᠠᠯ ᠢ ᠬᠦᠮᠦᠵᠢᠬᠦᠯᠵᠤ ᠤᠷᠤᠰᠤᠮ᠎ᠠ ᠰᠠᠶᠢᠬᠠᠨ ᠤᠷᠠᠨ ᠤᠩᠰᠢᠯᠭ᠎ᠠ ᠶᠢ ᠴᠢᠩᠭᠠᠳᠬᠠᠵᠤ ᠪᠠᠶᠢᠨ᠎ᠠ᠃       ᠲᠤᠰ ᠰᠤᠷᠭᠠᠭᠤᠯᠢ ᠰᠤᠷᠤᠭᠴᠢ ᠶᠢᠨ ᠤᠩᠰᠢᠯᠭ᠎ᠠ ᠶᠢ ᠴᠢᠬᠤᠯᠠᠴᠢᠯᠠᠨ᠂ ᠭᠠᠷᠠᠭ ᠪᠦᠷᠢ ᠲᠤᠰᠬᠠᠢ ᠤᠩᠰᠢᠯᠭ᠎ᠠ ᠶᠢᠨ ᠬᠢᠴᠢᠶᠡᠯ ᠢ ᠬᠤᠶᠠᠷ ᠲᠤᠬᠢᠷᠠᠭᠤᠯᠵᠤ ᠪᠠᠶᠢᠬᠤ ᠪᠠᠷ ᠦᠯᠦ ᠪᠠᠷᠠᠨ ᠭᠠᠷᠠᠭ ᠪᠦᠷᠢ ᠶᠢᠨ ᠭᠠᠷᠠᠭ ᠤᠨ ᠬᠤᠶᠠᠷ ᠤᠨ ᠲᠤᠯᠤᠭ᠎ᠠ᠂ ᠨᠠᠢᠮᠠᠳᠤᠭᠠᠷ ᠬᠢᠴᠢᠶᠡᠯ ᠢ ᠪᠦᠬᠦ ᠰᠤᠷᠭᠠᠭᠤᠯᠢ ᠶᠢᠨ ᠨᠤᠮ ᠤᠩᠰᠢᠬᠤ ᠴᠠᠭ ᠢᠶᠠᠷ ᠲᠤᠭᠳᠠᠭᠠᠵᠤ᠂ ᠰᠤᠷᠭᠠᠭᠤᠯᠢ ᠠᠴᠠ ᠨᠤᠮ ᠤᠩᠰᠢᠬᠤ ᠴᠠᠭ ᠢᠶᠠᠨ ᠬᠡᠷᠬᠢᠨ ᠠᠰᠢᠭᠯᠠᠵᠤ ᠪᠠᠶᠢᠬᠤ ᠲᠤᠬᠠᠢ ᠪᠦᠬᠦ ᠲᠠᠯ᠎ᠠ ᠶᠢᠨ ᠪᠠᠶᠢᠴᠠᠭᠠᠯᠳᠠ ᠬᠢᠵᠤ ᠬᠢᠨᠠᠨ ᠰᠢᠯᠭᠠᠷᠠᠭᠤᠯᠬᠤ ᠪᠠᠷ ᠲᠠᠮᠵᠢᠨ ᠤᠩᠰᠢᠬᠤ ᠢᠳᠡᠪᠬᠢᠵᠢᠯ ᠢ ᠨᠢ ᠲᠠᠰᠤᠷᠠᠯᠳᠠ ᠦᠭᠡᠢ ᠲᠠᠶᠢᠴᠢᠯᠠᠵᠤ ᠪᠤᠢ᠃ ᠤᠨᠴᠠᠭᠠᠶᠢᠯᠠᠨ ᠤᠩᠰᠢᠯᠭ᠎ᠠ ᠶᠢᠨ ᠦᠨᠡᠨᠴᠢ ᠢᠳᠡᠭᠡᠮᠵᠢᠳᠤ ᠠᠩᠭᠢ ᠰᠢᠯᠭᠠᠷᠠᠭᠤᠯᠬᠤ ᠠᠷᠭ᠎ᠠ ᠠᠪᠴᠠᠯ ᠢ ᠬᠡᠷᠡᠭᠵᠢᠭᠦᠯᠬᠦ ᠪᠠᠷ ᠲᠠᠮᠵᠢᠵᠤ ᠡᠯ᠎ᠡ ᠠᠩᠭᠢ ᠶᠢᠨ ᠨᠤᠮ ᠤᠨ ᠰᠠᠩ ᠠᠴᠠ ᠨᠤᠮ ᠵᠢᠭᠡᠯᠡᠵᠤ ᠤᠩᠰᠢᠬᠤ ᠠᠰᠢᠭᠯᠠᠮᠵᠢ ᠶᠢ ᠦᠨᠳᠦᠷᠵᠢᠬᠦᠯᠦᠭᠰᠡᠨ ᠪᠠ ᠦᠷ᠎ᠡ ᠠᠰᠢᠭ ᠢ ᠨᠢ ᠨᠡᠮᠡᠭᠳᠡᠭᠦᠯᠵᠦ ᠪᠠᠶᠢᠨ᠎ᠠ᠃       ᠬᠤᠭᠤᠴᠠᠭ᠎ᠠ ᠪᠦᠷᠢ ᠨᠢᠭᠡ ᠠᠴᠠ ᠬᠤᠶᠠᠷ ᠤᠳᠠᠭ᠎ᠠ ᠠᠩᠭᠢ ᠪᠠᠷ ᠢᠶᠠᠨ ᠨᠢᠭᠡᠴᠢ ᠪᠤᠯᠭᠠᠵᠤ ᠨᠤᠮ ᠤᠩᠰᠢᠭᠰᠠᠨ ᠪᠠᠶᠢᠳᠠᠯ ᠢᠶᠠᠨ ᠬᠤᠪᠢᠶᠠᠯᠴᠠᠬᠤ ᠠᠵᠢᠯᠯᠠᠭ᠎ᠠ ᠦᠷᠨᠢᠭᠦᠯᠵᠤ᠂ ᠰᠤᠷᠤᠭᠴᠢᠳ ᠤᠨ ᠤᠩᠰᠢᠭᠰᠠᠨ ᠨᠤᠮ ᠢᠶᠠᠨ ᠬᠠᠷᠢᠯᠴᠠᠨ ᠰᠤᠯᠢᠯᠴᠠᠵᠤ ᠮᠡᠳᠡᠯᠭᠡ ᠶᠢᠨ ᠰᠤᠯᠢᠯᠴᠠᠭ᠎ᠠ ᠬᠢᠵᠤ ᠮᠡᠳᠡᠯᠭᠡ ᠮᠡᠳᠡᠴᠡ ᠶᠢ ᠨᠢ ᠤᠯᠠᠮ ᠢᠯᠡᠭᠦᠦ ᠦᠷᠭᠡᠳᠭᠡᠵᠦ ᠪᠠᠶᠢᠨ᠎ᠠ᠃       ᠢᠨᠳᠡᠷ ᠲᠠᠬᠢ ᠵᠢᠷᠭᠤᠳᠤᠭᠠᠷ ᠲᠤᠮᠳᠠᠳᠤ ᠰᠤᠷᠭᠠᠭᠤᠯᠢ ᠪᠠᠰᠠ ᠨᠤᠮ ᠤᠩᠰᠢᠭᠰᠠᠨ ᠲᠡᠮᠳᠡᠭᠯᠡᠯ ᠢ ᠬᠢᠨᠠᠨ ᠰᠢᠯᠭᠠᠷᠠᠭᠤᠯᠬᠤ᠂ ︽ᠨᠤᠮ ᠤᠨ ᠰᠠᠬᠢᠶ᠎ᠠ︾ ᠭᠠᠷ ᠪᠢᠴᠢᠮᠡᠯ ᠰᠤᠨᠢᠨ ᠤ ᠤᠷᠤᠯᠳᠤᠭᠠᠨ᠂ ᠵᠢᠯ ᠪᠤᠯᠭᠠᠨ ᠨᠢᠭᠡ ᠤᠳᠠᠭᠠᠨ ᠤ ︽ᠮᠦᠩᠭᠦᠨ ᠲᠤᠳᠢ︾ ᠰᠢᠯᠦᠭ ᠨᠠᠶᠢᠷᠠᠭ ᠤᠨ ᠤᠩᠰᠢᠯᠭ᠎ᠠ ᠶᠢᠨ ᠤᠷᠤᠯᠳᠤᠭᠠᠨ᠂ ︽ᠮᠦᠩᠭᠦᠨ ᠢᠨᠳᠡᠷ ︾ ᠬᠤᠨᠳᠠᠭᠠᠳᠤ ᠵᠤᠬᠢᠶᠠᠨ ᠪᠢᠴᠢᠯᠭᠡ ᠶᠢᠨ ᠤᠷᠤᠯᠳᠤᠭᠠᠨ᠂ ᠡᠯ᠎ᠡ ᠠᠩᠭᠢ ᠶᠢᠨ ᠨᠤᠮ ᠤᠩᠰᠢᠭᠰᠠᠨ ᠢ ᠪᠠᠶᠢᠴᠠᠭᠠᠭᠰᠠᠨ ᠪᠠᠶᠢᠴᠠᠭᠠᠯᠳᠠ ᠶᠠᠪᠤᠭᠤᠯᠬᠤ ᠵᠡᠷᠭᠡ ᠬᠡᠯᠪᠡᠷᠢ ᠪᠠᠷ ᠰᠤᠷᠭᠠᠭᠤᠯᠢ ᠶᠢᠨ ᠪᠦᠬᠦ ᠪᠠᠭᠰᠢ ᠰᠤᠷᠤᠭᠴᠢ ᠶᠢᠨ ᠨᠤᠮ ᠤᠩᠰᠢᠬᠤ ᠶᠢ ᠬᠦᠨᠳᠦᠳᠭᠡᠨ ᠤᠩᠰᠢᠯᠭ᠎ᠠ ᠶᠢᠨ ᠶᠡᠭᠡ ᠤᠷᠴᠢᠨ ᠢ ᠡᠭᠦᠳᠬᠦ ᠪᠠᠷ ᠴᠢᠷᠮᠠᠶᠢᠵᠦ ᠪᠠᠶᠢᠨ᠎ᠠ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号