ᠷᠠᠰᠢᠶᠠᠨ ᠤ ᠮᠦᠰᠤ ᠴᠠᠰᠤᠨ ᠤ ᠨᠠᠶᠢᠷ ᠤᠨ ᠬᠤᠭᠤᠴᠠᠭᠠᠨ ᠳᠤ ᠤᠯᠠᠭᠠᠨᠬᠤᠳᠠ ᠮᠤᠩᠭᠤᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ 300 ᠭᠠᠷᠤᠢ ᠪᠠᠭᠰᠢ ᠰᠤᠷᠤᠬᠴᠢ ᠷᠠᠰᠢᠶᠠᠨ ᠬᠤᠳᠠ ᠳᠤ ᠰᠤᠳᠤᠯᠤᠨ ᠰᠤᠷᠤᠯᠴᠠᠬᠤ ᠠᠵᠢᠯᠯᠠᠭ᠎ᠠ ᠳᠤ ᠤᠷᠤᠯᠴᠠᠵᠠᠢ
ᠨᠡᠶᠢᠲᠡᠯᠡᠭᠰᠡᠨ ᠴᠠᠭ᠄
2020/12/25
       12 ᠰᠠᠷ᠎ᠠ ᠶᠢᠨ 21 ᠤ ᠤᠷᠤᠢ ᠠᠷᠪᠡᠨ ᠲᠠᠪᠤᠳᠤᠭᠠᠷ ᠬᠤᠭᠤᠴᠠᠭᠠᠨ ᠤ ᠷᠠᠰᠢᠶᠠᠨ ᠤ ᠮᠦᠰᠤ ᠴᠠᠰᠤᠨ ᠤ ᠨᠠᠶᠢᠷ ᠤᠨ ᠡᠬᠢᠯᠡᠯᠳᠡ ᠶᠢᠨ ᠶᠤᠰᠤᠯᠠᠯ ᠶᠠᠪᠤᠬᠳᠠᠬᠰᠠᠨ ᠪᠠᠶᠢᠨ᠎ᠠ᠃ ᠲᠤᠰ ᠤᠳᠠᠭᠠᠨ ᠤ ᠨᠠᠶᠢᠷ ᠨᠢ ︽ᠴᠠᠰᠤ︾ ᠪᠠᠷ ᠭᠤᠤᠯ ᠰᠢᠵᠢᠮ ᠪᠤᠯᠭᠠᠵᠤ᠂ ᠷᠠᠰᠢᠶᠠᠨ ᠬᠤᠳᠠ ᠶᠢᠨ ᠮᠦᠰᠤ ᠴᠠᠰᠤᠨ ᠤ ᠱᠤᠭᠤᠮᠡᠯ ᠤᠨ ᠬᠦᠷᠢᠶᠡᠯᠡᠩ᠂ ᠵᠤᠭᠠᠴᠠᠯ ᠤᠨ ᠤᠷᠤᠨ᠂ ᠰᠤᠳᠤᠯᠤᠨ ᠰᠤᠷᠤᠯᠴᠠᠬᠤ ᠰᠠᠭᠤᠷᠢᠨ᠂ ᠬᠢᠯᠢ ᠶᠢᠨ ᠤᠷᠤᠨ ᠤ ᠬᠠᠷᠢᠯᠴᠡᠨ ᠠᠷᠠᠯᠵᠢᠶᠠᠯᠠᠬᠤ ᠭᠠᠵᠠᠷ ᠢᠶᠠᠷ ᠡᠯᠪᠡᠭ ᠪᠠᠶᠠᠯᠢᠭ ᠠᠵᠢᠯᠯᠠᠭᠠᠨ ᠲᠤᠬᠢᠷᠠᠭᠤᠯᠤᠬᠰᠠᠨ ᠪᠠᠶᠢᠨ᠎ᠠ᠃       12 ᠰᠠᠷ᠎ᠠ ᠶᠢᠨ 21 ᠤ ᠡᠳᠤᠷ᠂ ᠷᠠᠰᠢᠶᠠᠨ ᠬᠤᠳᠠ ᠶᠢᠨ ᠰᠤᠷᠭᠠᠨ ᠬᠦᠮᠤᠵᠢᠯ ᠤᠨ ᠬᠦᠷᠢᠶᠡᠯᠡᠩ ᠤᠨ ᠰᠤᠳᠤᠯᠤᠨ ᠰᠤᠷᠤᠯᠴᠠᠬᠤ ᠰᠠᠭᠤᠷᠢᠨ ᠳᠤ ᠬᠦᠷᠬᠦ ᠳᠤ ᠤᠯᠠᠭᠠᠨᠬᠤᠳᠠ ᠮᠤᠩᠭᠤᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ 300 ᠭᠠᠷᠤᠢ ᠪᠠᠭᠰᠢ ᠰᠤᠷᠤᠬᠴᠢ ᠡ᠊ᠨᠳᠡ ᠭᠡᠷᠡᠯ ᠵᠢᠷᠤᠬ ᠰᠡᠭᠦᠳᠡᠷᠯᠡᠬᠦ᠂ ᠮᠤᠷᠢᠨ ᠬᠤᠭᠤᠷ ᠲᠠᠳᠠᠬᠤ᠂ ᠴᠠᠰᠤᠨ ᠳᠤ ᠭᠤᠯᠭᠤᠬᠤ ᠵᠡᠷᠭᠡ ᠤᠷ᠎ᠠ ᠮᠡᠷᠭᠡᠵᠢᠯ ᠢ ᠪᠠᠭ᠋ᠠᠳᠠᠶᠢᠬᠠᠨ ᠰᠤᠷᠴᠤ ᠪᠠᠶᠢᠯ᠎ᠠ᠃       ᠰᠤᠷᠤᠬᠴᠢᠳ ᠲᠠᠢ ᠪᠠᠨ ᠬᠠᠮᠳᠤ ᠴᠠᠰᠤᠨ ᠲᠡᠭᠡᠷ᠎ᠡ ᠬᠦᠯ ᠪᠦᠮᠪᠦᠭᠡ ᠢᠰᠭᠦᠯᠤᠨ ᠪᠠᠶᠠᠴᠢᠯᠡᠨ ᠦᠢᠯᠠᠭᠠᠵᠤ ᠪᠠᠶᠢᠬᠰᠠᠨ ᠴᠢᠩ ᠯᠢᠨ ᠪᠠᠭᠰᠢ᠄ ︽ᠠᠶᠢᠮᠠᠭ ᠤᠨ ᠰᠤᠷᠭᠠᠨ ᠬᠦᠮᠤᠵᠢᠯ ᠤᠨ ᠳᠤᠪᠴᠢᠶ᠎ᠠ ᠶᠢᠨ ᠲᠤᠬᠢᠷᠠᠭᠤᠯᠭ᠎ᠠ ᠪᠠᠷ᠂ ᠲᠤᠰ ᠤᠳᠠᠭ᠎ᠠ ᠮᠠᠨ ᠤ ᠰᠤᠷᠭᠠᠭᠤᠯᠢ ᠶᠢᠨ ᠠᠩᠬ᠎ᠠ ᠭᠤᠷᠪᠡ ᠶᠢᠨ ᠪᠦᠬᠦ ᠰᠤᠷᠤᠬᠴᠢ ᠪᠤᠯᠤᠨ ᠠᠩᠬ᠎ᠠ ᠬᠤᠶᠠᠷ ᠤᠨ ᠬᠡᠰᠡᠭ ᠰᠤᠷᠤᠬᠴᠢ ᠨᠡᠶᠢᠳᠡ 300 ᠭᠠᠷᠤᠢ ᠰᠤᠷᠤᠬᠴᠢ ᠬᠤᠷᠢᠭᠠᠳ ᠪᠠᠭᠰᠢ ᠬᠦᠷᠤᠯᠴᠡᠨ ᠢᠷᠡᠵᠤ᠂ ᠭᠤᠷᠪᠡᠨ ᠡᠳᠤᠷ ᠤᠨ ᠬᠤᠭᠤᠴᠠᠭᠠᠨ ᠳᠤ ᠡ᠊ᠨᠳᠡᠬᠢ ᠰᠦᠮᠪᠤᠷ ᠪᠤᠭᠤᠮᠳᠠ᠂ ᠪᠠᠶᠢᠭᠠᠯᠢ ᠶᠢᠨ ᠮᠦᠽᠸᠢ᠂ ᠷᠠᠰᠢᠶᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠵᠡᠷᠭᠡ ᠭᠠᠵᠠᠷ ᠢᠶᠠᠷ ᠲᠤᠭᠤᠷᠢᠨ ᠰᠤᠷᠤᠯᠴᠠᠯ᠎ᠠ᠃ ᠰᠤᠷᠤᠬᠴᠢᠳ ᠷᠠᠰᠢᠶᠠᠨ ᠤ ᠦᠢᠳᠤ ᠤᠷᠤᠨ ᠤ ᠦᠪᠡᠷᠮᠢᠴᠡ ᠵᠠᠩ ᠦᠢᠯᠡ᠂ ᠴᠠᠰᠤᠳᠤ ᠭᠠᠵᠠᠷ ᠤᠨ ᠦᠡᠭᠭᠡᠳᠤ ᠳ᠋ᠸᠡᠭ ᠤᠨ ᠬᠦᠷᠢᠶᠡᠯᠡᠩ ᠪᠠ ᠭᠡᠷᠡᠯ ᠵᠢᠷᠤᠭ ᠰᠡᠭᠦᠳᠡᠷᠯᠡᠬᠦ ᠵᠡᠷᠭᠡ ᠬᠠᠮᠢᠶ᠎ᠠ ᠪᠦᠬᠦᠢ ᠰᠤᠳᠤᠯᠤᠨ ᠰᠤᠷᠤᠯᠴᠠᠬᠤ ᠠᠵᠢᠯᠯᠠᠭ᠎ᠠ ᠳᠤ ᠤᠷᠤᠯᠴᠠᠭᠠᠳ ᠶᠡᠬᠡᠬᠡᠨ ᠪᠠᠶᠠᠷ ᠬᠦᠷ ᠲᠠᠢ ᠪᠠᠶᠢᠨ᠎ᠠ︾ ᠭᠡᠵᠤ ᠲᠠᠨᠢᠯᠴᠠᠭᠤᠯᠤᠨ᠎ᠠ᠃       ᠦᠢᠯᠠᠭᠠᠬᠰᠠᠨ ᠢᠶᠠᠷ᠂ ᠷᠠᠰᠢᠶᠠᠨ ᠬᠤᠳᠠ ᠨᠢ ︽ᠮᠦᠰᠤ ᠴᠠᠰᠤ + ᠰᠤᠷᠭᠠᠨ ᠬᠦᠮᠤᠵᠢᠯ︾ ᠤᠨ ᠦᠢᠯᠠᠭᠠᠬᠳᠠᠬᠤᠨ ᠢ ᠲᠤᠷᠠᠳᠴᠤ᠂ ᠷᠠᠰᠢᠶᠠᠨ ᠬᠤᠳᠠ ᠶᠢᠨ ᠰᠤᠷᠭᠠᠨ ᠬᠦᠮᠤᠵᠢᠯ ᠤᠨ ᠬᠦᠷᠢᠶᠡᠯᠡᠩ ᠤᠨ ᠰᠤᠳᠤᠯᠤᠨ ᠰᠤᠷᠤᠯᠴᠠᠬᠤ ᠦᠢᠯᠡᠳᠤᠯᠭᠡ ᠶᠢᠨ ᠬᠦᠮᠤᠵᠢᠯ ᠤᠨ ᠰᠠᠭᠤᠷᠢᠨ ᠭᠠᠵᠠᠷ ᠲᠤ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠬᠦ ᠪᠠᠷ ᠲᠠᠮᠵᠢᠨ᠂ ᠵᠠᠯᠠᠭᠤᠴᠤᠤᠨ ᠪᠠᠭᠠᠴᠤᠳ ᠢ ᠬᠦᠮᠤᠵᠢᠬᠦᠯᠬᠦ᠂ ᠪᠦᠬᠦ ᠠᠷᠠᠳ ᠢ ᠮᠦᠰᠤ ᠴᠠᠰᠤᠨ ᠤ ᠪᠡᠶ᠎ᠠ ᠲᠠᠮᠢᠷ ᠲᠤ ᠤᠷᠤᠯᠴᠠᠬᠤ ᠶᠢ ᠠᠬᠢᠭᠤᠯᠵᠤ ᠪᠤᠢ᠃ ᠷᠠᠰᠢᠶᠠᠨ ᠤ ᠮᠦᠰᠤ ᠴᠠᠰᠤᠨ ᠤ ᠨᠠᠶᠢᠷ ᠨᠢ ᠷᠠᠰᠢᠶᠠᠨ ᠬᠤᠳᠠ ᠶᠢᠨ ᠤᠯᠠᠨ ᠵᠢᠯ ᠤᠨ ᠲᠤᠷᠰᠢᠬᠢ ᠭᠤᠤᠯᠳᠠᠯᠭ᠎ᠠ ᠲᠠᠢ ᠡᠪᠤᠯ ᠤᠨ ᠵᠤᠭᠠᠴᠠᠯ ᠤᠨ ᠨᠡᠷ᠎ᠠ ᠲᠡᠮᠳᠡᠭ ᠪᠤᠯᠬᠤᠷ ᠨᠢᠭᠡᠨᠳᠡ ᠷᠠᠰᠢᠶᠠᠨ ᠬᠤᠳᠠ ᠶᠢᠨ ᠨᠡᠷ᠎ᠠ ᠠᠯᠳᠠᠷᠰᠢᠯ ᠢ ᠪᠦᠬᠦ ᠤᠯᠤᠰ ᠴᠢᠨᠠᠬᠰᠢᠯᠡᠨ ᠲᠡᠯᠡᠬᠡᠢ ᠳᠤ ᠲᠠᠭᠤᠷᠢᠰᠤᠭᠤᠯᠬᠤ ᠲᠠᠪᠴᠠᠩ ᠪᠤᠯᠵᠠᠢ᠃ ᠡᠨᠡ ᠵᠢᠯ ᠤᠨ ᠮᠦᠰᠤ ᠴᠠᠰᠤᠨ ᠤ ᠨᠠᠶᠢᠷ ᠨᠢ ᠶᠠᠰᠤ ᠴᠢᠨᠡᠷ ᠪᠠ ᠤᠷᠤᠨ ᠪᠦᠰᠠ ᠶᠢᠨ ᠰᠤᠶᠤᠯ ᠢ ᠲᠡᠭᠡᠭᠰᠢᠯᠡᠬᠦᠯᠬᠦ ᠶᠢ ᠴᠢᠬᠤᠯᠠᠴᠢᠯᠠᠵᠤ᠂ ᠮᠦᠰᠤ ᠴᠠᠰᠤᠨ ᠤ ᠵᠤᠭᠠᠴᠠᠯ ᠤᠨ ᠲᠦᠷᠤᠯ ᠵᠦᠢᠯ ᠢ ᠲᠤᠬᠢᠷᠠᠭᠤᠯᠬᠤ ᠳᠤ ᠨᠡᠩ ᠡᠯᠪᠡᠭ ᠪᠠᠶᠠᠯᠢᠭ ᠠᠵᠢᠯᠯᠠᠭᠠᠨ ᠦᠷᠨᠢᠭᠦᠯᠦᠭᠰᠡᠨ ᠪᠦᠭᠡᠳ ᠤᠯᠠᠨ ᠵᠤᠭᠠᠴᠠᠯ ᠤᠨ ᠦᠵᠡᠮᠵᠢ ᠶᠢᠨ ᠤᠷᠤᠨ ᠨᠡᠮᠡᠵᠤ ᠲᠤᠬᠢᠷᠠᠭᠤᠯᠤᠬᠰᠠᠨ ᠠᠴᠠ ᠵᠤᠭᠠᠴᠠᠬᠰᠡᠳ ᠤᠨ ᠲᠤᠷ᠎ᠠ ᠪᠠᠬ᠎ᠠ ᠶᠢ ᠲᠠᠳᠠᠵᠤ ᠴᠢᠳᠠᠬᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号