ᠰᠤᠷᠤᠭᠴᠢ ᠨᠢᠭᠡᠪᠦᠷᠢ ᠳᠤ ᠤᠷ᠎ᠠ ᠮᠡᠷᠭᠡᠵᠢᠯ ᠢᠶᠠᠨ ᠭᠠᠶᠢᠬᠠᠭᠤᠯᠬᠤ ᠳᠠᠪᠴᠠᠩ ᠬᠠᠩᠭᠠᠨ᠎ᠠ
ᠨᠡᠶᠢᠲᠡᠯᠡᠭᠰᠡᠨ ᠴᠠᠭ᠄
2020/12/7
       — ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠮᠠᠨ ᠤ ᠠᠶᠢᠮᠠᠭ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠠ ᠶᠢᠨ ᠲᠤᠬᠠᠢ ᠲᠡᠮᠳᠡᠭᠯᠡᠪᠡ       ︽ᠠᠷᠪᠠᠨ ᠭᠤᠷᠪᠠᠳᠤᠭᠠᠷ ᠲᠠᠪᠤᠨ ᠵᠢᠯ︾ ᠢ ᠡᠷᠬᠢᠨ ᠬᠠᠷᠠᠬᠤᠶ᠎ᠠ᠂ ᠮᠠᠨ ᠤ ᠠᠶᠢᠮᠠᠭ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠤᠵᠢᠯ ᠲᠠᠰᠤᠷᠠᠯᠳᠠ ᠦᠭᠡᠢ ᠰᠢᠨ᠎ᠠ ᠶᠢ ᠡᠬᠦᠳᠴᠤ᠂ ᠬᠢᠯᠠᠯᠵᠠᠮ᠎ᠠ ᠦᠷ᠎ᠠ ᠪᠦᠳᠤᠮᠵᠢ ᠤᠯᠤᠬᠰᠠᠨ ᠪᠢᠯᠠ᠃       2016 ᠤᠨ ᠳᠤ᠂ ᠠᠵᠤ ᠠᠬᠤᠢ ᠨᠡᠶᠢᠭᠡᠮ ᠤᠨ ᠱᠠᠭᠠᠷᠳᠠᠯᠭ᠎ᠠ ᠳᠤ ᠨᠡᠶᠢᠴᠡᠬᠦᠯᠬᠦ ᠪᠠᠷ᠂ ᠮᠠᠨ ᠤ ᠠᠶᠢᠮᠠᠭ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠲᠤᠰᠬᠠᠢ ᠮᠡᠷᠭᠡᠵᠢᠯ ᠤᠨ ᠲᠤᠬᠢᠷᠠᠭᠤᠯᠤᠯᠳᠠ ᠬᠢᠭᠰᠡᠨ ᠪᠦᠭᠡᠳ 2017 ᠤᠨ ᠳᠤ᠂ ᠬᠢᠩᠭᠠᠨ ᠠᠶᠢᠮᠠᠭ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠲᠤᠰᠬᠠᠢ ᠮᠡᠷᠭᠡᠵᠢᠯ ᠤᠨ ᠵᠢᠯᠤᠭᠤᠳᠬᠤ ᠺᠤᠮᠢᠰ ᠢ ᠪᠠᠶᠢᠭᠤᠯᠵᠤ᠂ ᠲᠤᠰᠬᠠᠢ ᠮᠡᠷᠭᠡᠵᠢᠯ ᠤᠨ ᠪᠠᠶᠢᠭᠤᠯᠤᠯᠳᠠ᠂ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠳᠤ ᠲᠦᠢᠯ ᠤᠨ ᠴᠢᠬᠤᠯᠠ ᠦᠢᠯᠡᠳᠤᠯ ᠦᠵᠡᠬᠦᠯᠵᠠᠢ ᠃ 2019 ᠤᠨ ᠳᠤ᠂ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ 49 ᠲᠡᠭᠡᠳᠤ ᠰᠤᠷᠭᠠᠭᠤᠯᠢ᠂ ᠠᠵᠤ ᠠᠬᠤᠢᠢᠯᠠᠯ᠂ ᠠᠵᠢᠯ ᠮᠡᠷᠭᠡᠵᠢᠯ ᠤᠨ ᠲᠤᠰᠬᠠᠢ ᠮᠡᠷᠭᠡᠵᠢᠯᠳᠠᠨ᠂ ᠮᠡᠷᠭᠡᠵᠢᠯ ᠤᠨ ᠴᠢᠳᠠᠪᠤᠷᠢᠳᠠᠨ ᠢ ᠤᠷᠢᠵᠤ᠂ ᠮᠠᠨ ᠤ ᠠᠶᠢᠮᠠᠭ ᠤᠨ ᠲᠤᠰᠬᠠᠢ ᠮᠡᠷᠭᠡᠵᠢᠯ ᠤᠨ ᠪᠦᠳᠤᠭᠡᠨ ᠪᠠᠶᠢᠭᠤᠯᠤᠯᠳᠠ ᠶᠢᠨ ᠵᠢᠯᠤᠭᠤᠳᠬᠤ ᠺᠤᠮᠢᠰ ᠤᠨ ᠭᠡᠰᠢᠬᠦᠨ ᠪᠤᠯᠭᠠᠪᠠ ᠃ 2020 ᠤᠨ ᠪᠤᠯᠳᠠᠯ᠎ᠠ᠂ ᠪᠦᠬᠦ ᠠᠶᠢᠮᠠᠭ ᠲᠤ ᠨᠡᠶᠢᠳᠠ 13 ᠲᠤᠰᠬᠠᠢ ᠮᠡᠷᠭᠡᠵᠢᠯ ᠤᠨ ᠶᠡᠭᠡ ᠲᠦᠷᠤᠯ᠂ 30 ᠲᠤᠰᠬᠠᠢ ᠮᠡᠷᠭᠡᠵᠢᠯ ᠢ ᠲᠤᠬᠢᠷᠠᠭᠤᠯᠵᠦ᠂ ᠡᠬᠦᠨ ᠳᠤ ᠦᠪᠠᠷᠳᠡᠭᠡᠨ ᠵᠠᠰᠠᠬᠤ ᠤᠷᠤᠨ ᠤ ᠭᠤᠥᠯᠯᠠᠭᠴᠢ ᠤᠨᠴᠠᠯᠢᠭᠳᠤ ᠰᠢᠨ᠎ᠠ ᠶᠢ ᠡᠬᠦᠳᠬᠦ ᠬᠡᠯᠪᠡᠷᠢ ᠶᠢᠨ ᠲᠤᠰᠬᠠᠢ ᠮᠡᠷᠭᠡᠵᠢᠯ 22 ᠪᠤᠢ᠃       ᠮᠠᠨ ᠤ ᠠᠶᠢᠮᠠᠭ ᠪᠠᠰᠠ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠤᠵᠢᠯ ᠢ ᠬᠦᠴᠤᠷᠬᠡᠭᠵᠢᠬᠦᠯᠬᠦ ᠪᠠᠷ ᠭᠤᠥᠯᠳᠠᠯᠭ᠎ᠠ ᠪᠤᠯᠭᠠᠨ᠂ ᠦᠨᠳᠦᠷ ᠲᠤᠮᠳᠠᠳᠤ ᠶᠢᠨ ᠬᠤᠭᠤᠴᠠᠭᠠᠨ ᠤ ᠰᠤᠷᠭᠠᠨ ᠬᠦᠮᠤᠵᠢᠯ ᠢ ᠲᠦᠭᠡᠮᠡᠯᠵᠢᠬᠦᠯᠤᠨ᠂ ᠡᠩ ᠤᠨ ᠦᠨᠳᠦᠷ ᠲᠤᠮᠳᠠᠳᠤ ᠪᠠ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠰᠤᠷᠤᠭᠴᠢ ᠡᠯᠰᠡᠬᠦ ᠬᠠᠷᠢᠴᠠᠯ ᠢ ᠦᠨᠳᠤᠰᠤᠨ ᠳᠤ ᠪᠠᠨ ᠠᠳᠠᠯᠢ ᠪᠠᠶᠢᠬᠤ ᠶᠢ ᠪᠠᠳᠤᠯᠠᠨ᠂ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠡᠩ ᠤᠨ ᠦᠨᠳᠦᠷ ᠲᠤᠮᠳᠠᠳᠤ ᠶᠢᠨ ᠰᠦᠯᠵᠢᠶᠡᠨ ᠲᠡᠭᠡᠷ᠎ᠠ ᠬᠠᠮᠳᠤ ᠪᠠᠷ ᠡᠯᠰᠡᠬᠦ ᠶᠢ ᠬᠡᠷᠡᠭᠵᠢᠬᠦᠯᠵᠤ᠂ ᠭᠤᠥᠯᠳᠠᠯᠭ᠎ᠠ ᠲᠠᠢ ᠲᠤᠰᠬᠠᠢ ᠮᠡᠷᠭᠡᠵᠢᠯ ᠢ ᠲᠤᠥᠷ ᠰᠦᠯᠵᠢᠶᠡᠨ ᠲᠡᠭᠡᠷ᠎ᠠ ᠨᠢᠭᠡᠳᠤᠭᠡᠷ ᠪᠦᠯᠥᠭ ᠲᠤ ᠲᠤᠬᠢᠷᠠᠭᠤᠯᠵᠦ᠂ ᠨᠡᠩ ᠤᠯᠠᠨ ᠰᠢᠯᠢᠳᠡᠭ ᠰᠤᠷᠤᠭᠴᠢ ᠶᠢ ᠡᠯᠰᠡᠭᠰᠡᠨ ᠪᠠᠶᠢᠨ᠎ᠠ᠃       2016 ᠤᠨ ᠳᠤ᠂ ᠮᠠᠨ ᠤ ᠠᠶᠢᠮᠠᠭ ᠠᠩᠬᠠᠳᠤᠭᠠᠷ ᠬᠤᠭᠤᠴᠠᠭᠠᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠰᠤᠷᠠᠭ ᠵᠠᠩᠬᠢᠵᠢᠯᠳᠠ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠵᠤ ᠂ ᠪᠦᠬᠦ ᠠᠶᠢᠮᠠᠭ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ 19 ᠪᠠᠭᠰᠢ ᠤᠷᠤᠯᠴᠠᠵᠤ᠂ ᠰᠤᠷᠠᠭ ᠵᠠᠩᠬᠢ ᠮᠡᠷᠭᠡᠵᠢᠯ ᠤᠨ ᠬᠡᠷᠡᠭᠯᠡᠯᠳᠠ ᠶᠢ ᠠᠬᠢᠭᠤᠯᠪᠠ᠃ 2017 ᠤᠨ ᠳᠤ᠂ ᠠᠵᠢᠯ ᠮᠡᠷᠭᠡᠵᠢᠯ ᠤᠨ ᠰᠤᠷᠭᠠᠭᠤᠯᠢ ᠳᠤ ᠮᠡᠷᠭᠡᠵᠢᠯ ᠤᠨ ᠴᠢᠳᠠᠪᠤᠷᠢ ᠶᠢᠨ ᠪᠠᠭᠰᠢ ᠲᠤᠳᠠᠭᠳᠠᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠴᠢᠭᠯᠡᠬᠦᠯᠤᠨ᠂ ᠮᠠᠨ ᠤ ᠠᠶᠢᠮᠠᠭ ᠪᠦᠬᠦ ᠨᠡᠶᠢᠭᠡᠮ ᠳᠤ ᠬᠠᠨᠳᠤᠭᠤᠯᠤᠨ ᠪᠤᠳᠠᠳᠠᠢ ᠪᠤᠯᠪᠠᠰᠤᠷᠠᠭᠤᠯᠬᠤ ᠵᠢᠯᠤᠭᠤᠳᠤᠭᠴᠢ ᠪᠠᠭᠰᠢ ᠪᠤᠶᠤ ︽ᠬᠤᠤᠰ ᠪᠠᠭᠰᠢ ᠶᠢᠨ ᠬᠡᠯᠪᠡᠷᠢ︾ ᠶᠢᠨ ᠪᠠᠭᠰᠢ ᠶᠢ ᠤᠷᠢᠵᠤ ᠬᠡᠷᠡᠭᠯᠡᠬᠦ ᠶᠢᠨ ᠬᠠᠮᠳᠤ ᠲᠤᠰ ᠱᠠᠳᠤᠨ ᠤ ᠡᠳ᠋ ᠤᠨ ᠵᠠᠰᠠᠭ ᠤᠨ ᠲᠦᠰᠥᠪ ᠲᠤ ᠤᠷᠤᠭᠤᠯᠤᠭᠰᠠᠨ ᠠᠴᠠ ᠲᠤᠬᠠᠢᠢᠯᠠᠭᠰᠠᠨ ᠠᠵᠢᠯ ᠳᠤ ᠨᠡᠪᠳᠡᠷᠡᠭᠰᠡᠨ᠂ ᠬᠡᠪ ᠴᠢᠨᠠᠷ ᠦᠨᠳᠤᠷ᠂ ᠢᠳᠡᠪᠬᠢ ᠬᠦᠴᠤᠨ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠳᠤ ᠪᠠᠳᠤ ᠰᠠᠭᠤᠷᠢ ᠶᠢ ᠲᠠᠯᠪᠢᠭᠰᠠᠨ ᠪᠠᠶᠢᠨ᠎ᠠ᠃       ᠤᠷᠢᠵᠤ ᠠᠪᠴᠢᠷᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠦᠯᠡᠳᠡᠭᠡᠬᠦ ᠪᠠᠷ ᠮᠠᠨ ᠤ ᠠᠶᠢᠮᠠᠭ ᠪᠠᠭᠰᠢ ᠶᠢᠨ ᠵᠢᠭᠠᠨ ᠰᠤᠷᠭᠠᠯᠳᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠪᠤᠯᠪᠠᠰᠤᠷᠠᠯ ᠢ ᠦᠷᠬᠦᠯᠵᠢᠯᠠᠨ ᠡᠷᠬᠢᠯᠡᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠨᠡᠷᠡᠳᠤ ᠲᠤᠰᠬᠠᠢ ᠮᠡᠷᠭᠡᠵᠢᠯᠳᠠᠨ᠂ ᠨᠡᠷᠡᠳᠦ ᠪᠠᠭᠰᠢ ᠶᠢ ᠤᠷᠢᠵᠤ ᠬᠢᠴᠢᠶᠡᠯ ᠤᠷᠤᠭᠤᠯᠤᠨ᠂ ᠬᠢᠴᠢᠶᠡᠯ ᠦᠨᠡᠯᠡᠬᠦᠯᠥᠭᠰᠡᠨ ᠪᠠᠶᠢᠨ᠎ᠠ᠃ ᠡᠬᠦᠨ ᠠᠴᠠ ᠭᠠᠳᠠᠨ᠎ᠠ᠂ ᠪᠦᠬᠦ᠋ᠢᠯᠡ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠤᠥᠯᠳᠠᠯᠭ᠎ᠠ ᠲᠠᠢ ᠬᠠᠷᠢᠭᠤᠴᠠᠯᠭᠠᠳᠠᠨ ᠢ ᠭᠠᠳᠠᠭᠠᠳᠤ ᠤᠯᠤᠰ ᠲᠤ ᠪᠤᠯᠪᠠᠰᠤᠷᠠᠯ ᠬᠦᠷᠳᠡᠭᠡᠬᠦ ᠶᠢᠨ ᠬᠠᠮᠳᠤ ᠰᠤᠷᠭᠠᠭᠤᠯᠢ ᠶᠢᠨ ᠵᠠᠬᠢᠷᠤᠯ ᠤᠨ ᠪᠡᠯᠡᠳᠭᠡᠯ ᠡᠩᠨᠡᠭᠡ ᠶᠢᠨ ᠪᠦᠳᠤᠭᠡᠨ ᠪᠠᠶᠢᠭᠤᠯᠤᠯᠳᠠ ᠶᠢ ᠬᠢᠩᠭᠠᠨ ᠠᠶᠢᠮᠠᠭ ᠤᠨ ᠴᠢᠳᠠᠪᠤᠷᠢᠳᠠᠨ ᠢᠶᠠᠷ ᠠᠶᠢᠮᠠᠭ ᠢᠶᠠᠨ ᠬᠦᠴᠤᠷᠬᠡᠭᠵᠢᠬᠦᠯᠬᠦ ᠨᠡᠷᠡᠳᠤ ᠪᠠᠭᠰᠢ ᠨᠡᠷᠡᠳᠤ ᠰᠤᠷᠭᠠᠭᠤᠯᠢ ᠶᠢᠨ ᠵᠠᠭᠤᠨ ᠬᠦᠮᠤᠨ ᠤ ᠢᠨᠵᠧᠨᠧᠷᠢᠩ ᠳᠤ ᠤᠷᠤᠭᠤᠯᠤᠨ᠂ ᠰᠢᠯᠢᠨ ᠰᠤᠩᠭᠤᠭᠰᠠᠨ ᠪᠡᠯᠡᠳᠭᠡᠯ ᠰᠤᠷᠭᠠᠭᠤᠯᠢ ᠶᠢᠨ ᠵᠠᠬᠢᠷᠤᠯ ᠢ ᠪᠡᠭᠡᠵᠢᠩ ᠳᠤ ᠪᠤᠯᠪᠠᠰᠤᠷᠠᠯ ᠬᠦᠷᠳᠡᠭᠡᠨ᠂ ᠪᠠᠭᠰᠢ ᠶᠢᠨ ᠡᠩᠨᠡᠭᠡ ᠶᠢᠨ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠢ ᠤᠯᠠᠨ ᠠᠷᠭ᠎ᠠ ᠠᠪᠴᠠᠯ ᠢᠶᠠᠷ ᠲᠡᠭᠡᠭᠰᠢᠯᠡᠬᠦᠯᠵᠠᠢ᠃       2019 ᠤᠨ ᠳᠤ᠂ ᠠᠩᠬᠠᠳᠤᠭᠠᠷ ᠬᠤᠭᠤᠴᠠᠭᠠᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠳᠠ ᠶᠢᠨ ᠴᠢᠳᠠᠪᠤᠷᠢ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠵᠤ ᠂ ᠬᠢᠴᠢᠶᠠᠯ ᠤᠨ ᠲᠠᠩᠬᠢᠮ ᠠᠴᠠ ᠪᠤᠳᠠᠳᠠᠢ ᠪᠤᠯᠪᠠᠰᠤᠷᠠᠯ ᠬᠦᠷᠳᠡᠭᠡᠬᠦ ᠳᠤ ᠤᠷᠤᠯᠳᠤᠭᠠᠨ ᠤ ᠲᠠᠪᠴᠠᠩ ᠬᠠᠩᠭᠠᠪᠠ᠃ 2020 ᠤᠨ ᠳᠤ᠂ ᠡᠨᠡ ᠬᠦ ᠤᠷᠤᠯᠳᠤᠭᠠᠨ ᠳᠤ ᠪᠠᠨ ᠠᠩᠬ᠎ᠠ ᠤᠳᠠᠭ᠎ᠠ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠤᠰᠬᠠᠢ ᠮᠡᠷᠭᠡᠵᠢᠯᠳᠠᠨ ᠢ ᠤᠷᠢᠵᠤ᠂ ᠲᠤᠥᠷ ᠰᠦᠯᠵᠢᠶᠠᠨ ᠤ ᠲᠠᠪᠴᠠᠩ ᠢ ᠠᠰᠢᠭᠯᠠᠨ ᠰᠢᠯᠭᠠᠷᠠᠭᠤᠯᠬᠤ ᠪᠠ ᠦᠨᠡᠯᠡᠵᠤ᠂ ᠤᠷᠤᠯᠳᠤᠭᠠᠨ ᠤ ᠶᠠᠪᠤᠴᠠ᠂ ᠠᠭᠤᠯᠭ᠎ᠠ᠂ ᠬᠡᠯᠪᠡᠷᠢ ᠵᠡᠷᠭᠡ ᠤᠯᠠᠨ ᠲᠠᠯ᠎ᠠ ᠪᠠᠷ ᠦᠨᠡᠯᠡᠯᠳᠠ ᠬᠢᠯᠭᠡᠵᠤ᠂ ᠪᠠᠭᠰᠢ ᠶᠢᠨ ᠡᠩᠨᠡᠭᠡ ᠶᠢᠨ ᠬᠡᠪ ᠴᠢᠨᠠᠷ ᠤᠨ ᠲᠡᠭᠡᠭᠰᠢᠯᠡᠯᠳᠠ ᠶᠢ ᠲᠠᠶᠢᠴᠢᠯᠠᠵᠤ ᠴᠢᠳᠠᠭᠰᠠᠨ ᠪᠠᠶᠢᠨ᠎ᠠ᠃       2015 ᠤᠨ ᠳᠤ᠂ ᠮᠠᠨ ᠤ ᠠᠶᠢᠮᠠᠭ ᠠᠩᠬ᠎ᠠ ᠤᠳᠠᠭ᠎ᠠ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠴᠢᠳᠠᠪᠤᠷᠢ ᠶᠢᠨ ᠤᠷᠤᠯᠳᠤᠭᠠᠨ ᠢ ᠡᠷᠬᠢᠯᠡᠵᠤ᠂ ᠤᠯᠤᠰ᠂ ᠤᠷᠤᠨ᠂ ᠠᠶᠢᠮᠠᠭ ᠤᠨ ᠭᠤᠷᠪᠠᠨ ᠱᠠᠳᠤᠨ ᠤ ᠬᠤᠯᠪᠤᠭᠠᠯᠠᠭᠰᠠᠨ ᠤᠷᠤᠯᠳᠤᠭᠠᠨ ᠤ ᠲᠤᠭᠳᠠᠴᠠ ᠶᠢ ᠪᠠᠶᠢᠭᠤᠯᠪᠠ᠃ ᠬᠠᠮᠤᠭ ᠡᠬᠢᠨ ᠳᠤ 100 ᠰᠤᠷᠤᠭᠴᠢ 4 ᠶᠡᠭᠡ ᠲᠦᠷᠤᠯ ᠤᠨ 11 ᠵᠦᠢᠯ ᠤᠨ ᠤᠷᠤᠯᠳᠤᠭᠠᠨ ᠳᠤ ᠤᠷᠤᠯᠴᠠᠵᠤ ᠪᠠᠶᠢᠬᠰᠠᠨ ᠠᠴᠠ ᠪᠠᠨ 2020 ᠤᠨ ᠪᠤᠯᠬᠤ ᠳᠤ 466 ᠰᠤᠷᠤᠭᠴᠢ 13 ᠶᠡᠭᠡ ᠲᠦᠷᠤᠯ ᠤᠨ 41 ᠵᠦᠢᠯ ᠤᠨ ᠤᠷᠤᠯᠳᠤᠭᠠᠨ ᠳᠤ ᠤᠷᠤᠯᠴᠠᠬᠤ ᠪᠤᠯᠵᠤ᠂ ᠰᠤᠷᠤᠭᠴᠢ ᠶᠢᠨ ᠮᠡᠷᠭᠡᠵᠢᠯ ᠤᠨ ᠴᠢᠳᠠᠪᠤᠷᠢ ᠶᠢᠨ ᠬᠢᠷᠢ ᠲᠦᠪᠰᠢᠨ ᠲᠠᠰᠤᠷᠠᠯᠳᠠ ᠦᠭᠡᠢ ᠲᠡᠭᠡᠭᠰᠢᠯᠡᠭᠰᠡᠨ ᠪᠦᠭᠡᠳ ᠲᠤᠰᠬᠠᠢ ᠮᠡᠷᠭᠡᠵᠢᠯ ᠤᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠤ᠂ ᠰᠤᠷᠭᠠᠨ ᠬᠦᠮᠤᠵᠢᠯ ᠤᠨ ᠶᠠᠰᠤ ᠴᠢᠨᠠᠷ ᠢ ᠲᠡᠭᠡᠭᠰᠢᠯᠡᠬᠦᠯᠵᠤ᠂ ᠴᠢᠳᠠᠪᠤᠷᠢ ᠶᠢᠨ ᠪᠤᠯᠪᠠᠰᠤᠷᠠᠯ ᠢ ᠴᠢᠩᠭᠠᠷᠠᠭᠤᠯᠤᠨ᠂ ᠮᠠᠨ ᠤ ᠠᠶᠢᠮᠠᠭ ᠤᠨ ᠤᠳᠤᠬᠢ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠠ ᠶᠢ ᠠᠬᠢᠭᠤᠯᠵᠠᠢ᠃       ︽ᠠᠩᠬᠠᠳᠤᠭᠠᠷ ᠬᠤᠭᠤᠴᠠᠭᠠᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠪᠤᠯᠪᠠᠰᠤᠨ ᠤ ᠬᠡᠪ ᠰᠤᠷᠳᠠᠯ ᠤᠨ ᠤᠷᠤᠯᠳᠤᠭᠠᠨ ᠵᠢᠴᠢ ᠶᠤᠰᠤ ᠰᠤᠷᠳᠠᠬᠤᠨ ᠤ ᠦᠷ᠎ᠠ ᠪᠦᠳᠤᠮᠵᠢ ᠶᠢᠨ ᠦᠵᠡᠬᠦᠯᠭᠡ︾ ᠠᠮᠵᠢᠯᠳᠠ ᠲᠠᠢ ᠶᠠᠪᠤᠭᠳᠠᠵᠤ᠂ ᠤᠯᠠᠭᠠᠨᠬᠤᠳᠠ ᠶᠢᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠵᠢᠭᠠᠨ ᠰᠤᠷᠭᠠᠯᠳᠡ ᠶᠢᠨ ᠲᠦᠪ ᠤᠨ ︽ᠶᠤᠰᠤ ᠰᠤᠷᠳᠠᠬᠤᠨ ᠨᠢ ᠤᠩᠰᠢᠯᠭ᠎ᠠ ᠠᠴᠠ ᠡᠬᠢᠯᠡᠨ᠎ᠠ︾᠂ ᠵᠠᠯᠠᠶᠢᠳ ᠬᠤᠰᠢᠭᠤᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠠᠮᠢᠳᠤᠷᠠᠬᠤᠢ ᠶᠢᠨ ᠬᠦᠮᠤᠵᠢᠯ ᠨᠢ ᠤᠬᠢ ᠰᠠᠶᠢᠨ ᠠᠮᠢᠳᠤᠷᠠᠯ ᠢ ᠪᠤᠢ ᠪᠤᠯᠭᠠᠨ᠎ᠠ︾ ᠵᠡᠷᠭᠡ ᠠᠵᠢᠯᠯᠠᠭ᠎ᠠ ᠨᠢ ᠪᠦᠬᠦ ᠠᠶᠢᠮᠠᠭ ᠤᠨ ᠶᠤᠰᠤ ᠰᠤᠷᠳᠠᠬᠤᠨ ᠤ ᠠᠵᠢᠯ ᠤᠨ ᠦᠷ᠎ᠠ ᠪᠦᠳᠤᠮᠵᠢ ᠶᠢᠨ ᠱᠠᠩᠨᠠᠯ ᠢ ᠬᠦᠷᠳᠡᠵᠠᠢ᠃ 2017 ᠤᠨ ᠳᠤ᠂ ᠪᠦᠬᠦ ᠠᠶᠢᠮᠠᠭ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠤᠯᠪᠠᠰᠤᠨ ᠤ ᠬᠡᠪ ᠰᠤᠷᠳᠠᠯ ᠤᠨ ᠤᠷᠤᠯᠳᠤᠭᠠᠨ ᠳᠤ ᠰᠤᠩᠭᠤᠨ ᠰᠢᠯᠭᠠᠷᠠᠭᠤᠯᠤᠭᠰᠠᠨ 57 ᠪᠦᠳᠤᠭᠡᠯ ᠨᠢ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠷᠤᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠪᠤᠯᠪᠠᠰᠤᠨ ᠤ ᠬᠡᠪ ᠰᠤᠷᠳᠠᠯ︾ ᠤᠨ ᠤᠷᠤᠯᠳᠤᠭᠠᠨ ᠳᠤ ᠤᠷᠤᠯᠴᠠᠭᠠᠳ 50 ᠪᠦᠳᠤᠭᠡᠯ ᠨᠢ ᠱᠠᠩᠨᠠᠯ ᠤᠯᠵᠤ᠂ ᠱᠠᠩᠨᠠᠯ ᠤᠯᠤᠭᠰᠠᠨ ᠨᠤᠷᠮ᠎ᠠ ᠨᠢ 87.8% ᠳᠤ ᠲᠤᠯᠵᠠᠢ᠃ 2018 ᠤᠨ ᠳᠤ ᠤᠯᠤᠰ ᠤᠨ ᠱᠠᠭᠠᠷᠳᠠᠯᠭ᠎ᠠ ᠪᠠᠷ᠂ ᠮᠠᠨ ᠤ ᠠᠶᠢᠮᠠᠭ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠪᠤᠯᠪᠠᠰᠤᠨ ᠤ ᠬᠡᠪ ᠰᠤᠷᠳᠠᠯ︾ ᠤᠨ ᠤᠷᠤᠯᠳᠤᠭᠠᠨ ᠢ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠪᠤᠯᠪᠠᠰᠤᠨ ᠤ ᠬᠡᠪ ᠰᠤᠷᠳᠠᠯ︾ ᠤᠨ ᠶᠤᠰᠤ ᠰᠤᠷᠳᠠᠬᠤᠨ ᠤ ᠭᠤᠥᠯ ᠰᠡᠳᠤᠪᠳᠤ ᠠᠵᠢᠯᠯᠠᠭ᠎ᠠ ᠪᠤᠯᠭᠠᠨ ᠲᠤᠬᠢᠷᠠᠭᠤᠯᠤᠨ ᠪᠦᠬᠦ ᠰᠤᠷᠤᠭᠴᠢ ᠤᠷᠤᠯᠴᠠᠬᠤ ᠪᠤᠯᠭᠠᠵᠠᠢ᠃ ᠬᠡᠭᠦ ᠳᠤ ᠪᠠᠨ ᠪᠦᠬᠦ ᠠᠶᠢᠮᠠᠭ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠨᠡᠶᠢᠳᠠ 165 ᠪᠦᠯᠬᠦᠮ ᠨᠢᠭᠡᠴᠢ ᠶᠢ ᠪᠠᠶᠢᠭᠤᠯᠵᠤ᠂ ᠰᠤᠷᠤᠭᠴᠢᠳ ᠤᠨ ᠦᠪᠠᠷᠮᠢᠴᠠ ᠤᠨᠴᠠᠯᠢᠭ ᠲᠠᠢ ᠬᠦᠭᠵᠢᠯᠳᠠ ᠳᠤ ᠢᠳᠡᠪᠬᠢ ᠦᠢᠯᠡᠳᠤᠯ ᠦᠵᠡᠬᠦᠯᠥᠭᠰᠡᠨ ᠪᠠᠶᠢᠨ᠎ᠠ᠃       ᠮᠠᠨ ᠤ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠦᠮᠤᠵᠢᠯ ᠨᠢ ︽ᠠᠵᠤ ᠦᠢᠯᠡᠰ ᠵᠢᠭᠠᠨ ᠰᠤᠷᠭᠠᠯᠳᠠ ᠶᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠢᠢᠯᠠᠯ ᠬᠠᠮᠳᠤᠷᠠᠯᠴᠠᠬᠤ᠂ ᠠᠵᠢᠯ ᠰᠤᠷᠤᠯᠴᠠᠯᠭ᠎ᠠ ᠶᠢ ᠬᠠᠮᠳᠤᠳᠬᠠᠬᠤ︾ ᠬᠦᠮᠤᠨ ᠢ ᠬᠦᠮᠤᠵᠢᠬᠦᠯᠬᠦ ᠤᠨᠤᠯᠵᠢᠬᠤᠨ ᠢ ᠪᠠᠷᠢᠮᠳᠠᠯᠠᠭᠰᠠᠭᠠᠷ ᠢᠷᠡᠪᠡ᠃ 2020 ᠤᠨ ᠳᠤ᠂ ᠤᠯᠠᠭᠠᠨᠬᠤᠳᠠ ᠶᠢᠨ ᠠᠵᠢᠯ ᠮᠡᠷᠭᠡᠵᠢᠯ ᠤᠨ ᠵᠢᠭᠠᠨ ᠰᠤᠷᠭᠠᠯᠳᠠ ᠶᠢᠨ ᠲᠦᠪ ᠲᠢᠶᠠᠨ ᠱᠦᠨ ᠰᠢᠶᠠᠩ ᠮᠠᠰᠢᠨ ᠲᠡᠷᠭᠡᠨ ᠤ ᠠᠷᠠᠯᠵᠢᠶᠠᠨ ᠤ ᠺᠤᠮᠫᠠᠨᠢ ᠲᠠᠢ ᠰᠤᠷᠭᠠᠭᠤᠯᠢ ᠠᠵᠤ ᠠᠬᠤᠢᠢᠯᠠᠯ ᠬᠦᠨᠵᠡᠭᠡᠢ ᠬᠠᠮᠳᠤᠷᠠᠯᠴᠠᠬᠤ ᠭᠡᠷ᠎ᠠ ᠲᠤᠭᠳᠠᠵᠤ᠂ ᠰᠤᠷᠭᠠᠭᠤᠯᠢ ᠶᠢᠨ ᠬᠦᠷᠢᠶᠡᠨ ᠳᠤ ᠦᠢᠯᠡᠳᠪᠤᠷᠢ ᠲᠠᠢ᠂ ᠦᠢᠯᠡᠳᠪᠤᠷᠢ ᠰᠤᠷᠭᠠᠭᠤᠯᠢ ᠨᠢᠭᠡᠳᠥᠭᠰᠡᠨ ᠲᠤᠭᠳᠠᠴᠠ ᠶᠢ ᠠᠩᠬ᠎ᠠ ᠠᠯᠬᠤᠮ ᠪᠦᠷᠢᠯᠳᠤᠭᠦᠯᠵᠦ᠂ ᠬᠦᠮᠤᠵᠢᠬᠦᠯᠥᠭᠰᠡᠨ ᠰᠤᠷᠤᠭᠴᠢ ᠨᠢ ᠠᠵᠤ ᠠᠬᠤᠢᠢᠯᠠᠯ ᠤᠨ ᠪᠤᠳᠠᠳᠠᠢ ᠠᠵᠢᠯ ᠤᠨ ᠱᠠᠭᠠᠷᠳᠠᠯᠭ᠎ᠠ ᠳᠤ ᠤᠯᠠᠮ ᠢᠶᠠᠷ ᠨᠡᠶᠢᠴᠡᠬᠦ ᠪᠤᠯᠵᠠᠢ᠃ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠦᠨᠳᠤᠰᠤᠳᠡᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠵᠤ ᠦᠢᠯᠡᠰ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠪᠠ ᠦᠨᠳᠤᠰᠤᠳᠡᠨ ᠤ ᠤᠨᠴᠠᠯᠢᠭ ᠢ ᠲᠤᠪᠤᠶᠢᠯᠭᠠᠬᠤ ᠵᠡᠷᠭᠡ ᠲᠠᠯ᠎ᠠ ᠪᠠᠷ ᠢᠳᠡᠪᠬᠢᠳᠠᠢ ᠰᠦᠪᠡᠭᠴᠢᠯᠠᠨ᠂ ᠦᠪᠤᠷ ᠮᠤᠩᠭᠤᠯ ᠤᠨ ᠬᠦᠬᠡ ᠠᠶᠠᠨ ᠰᠤᠶᠤᠯ ᠤᠯᠠᠮᠵᠢᠯᠠᠯ ᠵᠠᠭᠤᠴᠢ ᠶᠢᠨ ᠬᠢᠵᠠᠭᠠᠷᠳᠤ ᠺᠤᠮᠫᠠᠨᠢ ᠲᠠᠢ ᠬᠠᠮᠳᠤᠷᠠᠨ᠂ ᠬᠤᠪᠴᠠᠰᠤ ᠵᠠᠰᠠᠯ ᠵᠤᠬᠢᠶᠠᠨ ᠦᠢᠯᠡᠳᠬᠦ᠂ ᠦᠨᠳᠤᠰᠤᠳᠡᠨ ᠤ ᠬᠠᠳᠬᠤᠮᠠᠯ ᠤᠷᠠᠯᠠᠯ᠂ ᠮᠤᠳᠤᠨ ᠰᠡᠶᠢᠯᠤᠮᠡᠯ ᠤᠨ ᠦᠢᠯᠡᠳᠪᠤᠷᠢᠯᠠᠯ ᠵᠡᠷᠭᠡ ᠪᠤᠳᠠᠳᠠᠢ ᠳᠤ ᠦᠢᠯᠡᠳᠤᠯᠭᠡᠵᠢᠬᠦᠯᠬᠦ ᠦᠷᠤᠭᠡ ᠶᠢ ᠪᠠᠶᠢᠭᠤᠯᠵᠤ᠂ ᠲᠤᠰᠬᠠᠢ ᠴᠢᠳᠠᠪᠤᠷᠢᠳᠠᠨ ᠢ ᠤᠷᠢᠵᠤ᠂ ᠰᠤᠷᠤᠭᠴᠢᠳ ᠲᠤ ᠪᠤᠯᠪᠠᠰᠤᠷᠠᠯ ᠬᠦᠷᠳᠡᠭᠡᠵᠤ ᠪᠤᠢ᠃       ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠮᠠᠨ ᠤ ᠠᠶᠢᠮᠠᠭ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠮᠤᠵᠢᠯ ᠨᠢ ︽ᠰᠤᠷᠭᠠᠭᠤᠯᠢ ᠲᠠᠪᠰᠢᠬᠤ᠂ ᠦᠢᠯᠡᠰ ᠪᠤᠰᠬᠠᠬᠤ᠂ ᠠᠵᠢᠯ ᠤᠯᠭᠤᠬᠤ︾ ᠶᠢᠨ ᠬᠦᠭᠵᠢᠯᠳᠠ ᠶᠢᠨ ᠰᠡᠳᠬᠢᠴᠠ ᠶᠢᠨ ᠲᠤᠭᠤᠷᠢᠨ ᠳᠤ᠂ ᠤᠷᠤᠨ ᠲᠤᠭᠤᠷᠢᠭ ᠤᠨ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠡᠬᠢ ᠪᠠᠶᠠᠯᠢᠭ ᠢ ᠪᠦᠳᠤᠮᠵᠢᠳᠠᠢ ᠲᠤᠬᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠤᠯᠠᠨ ᠲᠠᠯ᠎ᠠ ᠶᠢᠨ ᠬᠦᠭᠵᠢᠯᠳᠠ ᠶᠢᠨ ᠬᠡᠯᠪᠡᠷᠢ ᠶᠢ ᠬᠦᠨᠵᠡᠭᠡᠢ ᠰᠦᠪᠡᠭᠴᠢᠯᠡᠵᠦ᠂ ᠤᠳᠤᠬᠠᠨ ᠤ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠰᠢᠰᠲ᠋ᠧᠮ ᠢ ᠲᠠᠰᠤᠷᠠᠯᠳᠠ ᠦᠭᠡᠢ ᠲᠡᠬᠦᠯᠳᠡᠷᠵᠢᠬᠦᠯᠵᠤ᠂ ᠰᠤᠷᠤᠭᠴᠢᠳ ᠤᠨ ᠠᠵᠢᠯ ᠤᠯᠬᠤ ᠨᠤᠷᠮ᠎ᠠ ᠶᠢ ᠢᠮᠠᠭᠳᠠ 96% ᠠᠴᠠ ᠲᠡᠭᠡᠭᠰᠢ ᠳᠤ ᠬᠦᠷᠭᠡᠬᠦ ᠶᠢ ᠪᠠᠳᠤᠯᠠᠵᠤ᠂ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠪᠦᠬᠦ ᠲᠠᠯ᠎ᠠ ᠶᠢᠨ ᠬᠦᠭᠵᠢᠯᠳᠠ ᠨᠢ ᠨᠡᠩ ᠤᠯᠠᠨ ᠰᠤᠷᠤᠭᠴᠢᠳ ᠲᠤ ᠠᠮᠢᠳᠤᠷᠠᠯ ᠤᠨ ᠦᠨ᠎ᠠ ᠦᠷᠳᠡᠭ ᠢᠶᠠᠨ ᠪᠡᠶᠡᠯᠡᠬᠦᠯᠬᠦ ᠳᠤ ᠠᠵᠠ ᠲᠤᠬᠢᠶᠠᠯ ᠬᠠᠩᠭᠠᠨ ᠦᠭᠴᠤ ᠪᠤᠢ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号