ᠪᠢᠴᠢᠬᠠᠨ ᠭᠡᠤᠭᠡᠳ ᠤᠨ ᠵᠢᠵᠢᠭ ᠬᠦᠰᠡᠯ ᠢ ᠲᠡᠷᠭᠡᠯᠰᠢᠭᠦᠯᠦᠨ᠎ᠠ
ᠨᠡᠶᠢᠲᠡᠯᠡᠭᠰᠡᠨ ᠴᠠᠭ᠄
2020/12/9
      ᠤᠷᠴᠢᠮᠬᠠᠨ᠂ ᠤᠯᠠᠭᠠᠨᠬᠤᠳᠠ ᠶᠢᠨ ᠠᠶᠢᠬᠦ᠋ᠸᠧ ᠵᠡᠭᠡᠯᠢ ᠶᠢᠨ ᠸᠠᠨ ᠵᠢᠶᠠ ᠨᠡᠶᠢᠭᠡᠮ ᠲᠤᠭᠤᠷᠢᠭ ᠤᠨ ᠬᠢᠨ ᠪᠠᠰᠠ ᠨᠢᠭᠡᠨ ᠤᠳᠠᠭᠠᠨ ᠤ ᠶᠠᠳᠠᠭᠤ ᠬᠦᠴᠢᠷᠳᠡᠢ ᠬᠦᠮᠦᠰ ᠤᠨ ᠵᠢᠵᠢᠭ ᠬᠦᠰᠡᠯ ᠢ ᠲᠡᠷᠭᠡᠯᠰᠢᠭᠦᠯᠭᠦ ᠠᠵᠢᠯᠯᠠᠭ᠎ᠠ ᠦᠷᠨᠢᠭᠦᠯᠦᠯ᠎ᠠ᠃       ᠸᠠᠨ ᠵᠢᠶᠠ ᠨᠡᠶᠢᠭᠡᠮ ᠲᠤᠭᠤᠷᠢᠭ ᠤᠨ ᠠᠵᠢᠯ ᠤᠨ ᠪᠠᠶᠢᠷᠢ ᠳᠤ ᠪᠠᠨ ᠪᠠᠶᠢᠭ᠎ᠠ 100 ᠨᠠᠮ ᠤᠨ ᠭᠡᠰᠢᠭᠦᠨ ᠬᠠᠮᠳᠤ ᠪᠠᠷ ᠵᠤᠭᠤᠰ ᠴᠤᠭᠯᠠᠭᠤᠯᠵᠦ᠂ ᠲᠤᠰ ᠨᠡᠶᠢᠭᠡᠮ ᠲᠤᠭᠤᠷᠢᠭ ᠤᠨ ᠹᠧᠩ ᠵᠢᠩ ᠮᠢᠩ ᠴᠧᠩ ᠪᠠᠭ᠎ᠠ ᠲᠤᠭᠤᠷᠢᠭ ᠲᠤ ᠰᠠᠭᠤᠭ᠎ᠠ ᠶᠠᠳᠠᠭᠤ ᠬᠦᠴᠢᠷᠳᠡᠢ ᠡᠷᠦᠭᠡ ᠱᠧᠨ ᠯᠢ ᠵᠢᠤᠸᠠᠨ ᠤ ᠭᠡᠤᠭᠡᠳ ᠢ ᠬᠠᠪᠰᠤᠷᠤᠨ ᠵᠢᠵᠢᠭ ᠬᠦᠰᠡᠯ ᠢ ᠲᠡᠷᠭᠡᠯᠰᠢᠭᠦᠯᠬᠦ ᠪᠠᠷ ᠲᠤᠭᠳᠠᠵᠦ᠂ ᠨᠡᠶᠢᠭᠡᠮ ᠲᠤᠭᠤᠷᠢᠭ ᠤᠨ ᠠᠵᠢᠯᠳᠠᠳ ᠲᠠᠢ ᠬᠠᠮᠳᠤᠪᠠᠷ ᠭᠡᠤᠭᠡᠳ ᠲᠤ ᠰᠤᠷᠤᠯᠭ᠎ᠠ ᠶᠢᠨ ᠭᠡᠷᠡᠭᠰᠡᠯ ᠬᠤᠳᠠᠯᠳᠤᠨ ᠠᠪᠴᠦ ᠦᠭᠭᠦᠭᠰᠡᠨ ᠪᠠᠶᠢᠨ᠎ᠠ᠃ ᠨᠠᠮ ᠤᠨ ᠭᠡᠰᠢᠭᠦᠨ ᠪᠠ ᠠᠵᠢᠯᠳᠠᠳ ᠪᠢᠴᠢᠬᠠᠨ ᠭᠡᠤᠭᠡᠳ ᠲᠤ ᠵᠢᠷᠤᠭ ᠤᠨ ᠲᠡᠪᠳᠡᠷ᠂ ᠲᠠᠰᠬᠠᠯ ᠤᠨ ᠲᠡᠪᠳᠡᠷ᠂ ᠪᠠᠯᠠᠯᠤᠭᠤᠷ᠂ ᠦᠩᠭᠡᠳᠦ ᠪᠢᠷ᠂ ᠬᠠᠷᠠᠨᠳᠠ᠂ ᠪᠤᠭᠴᠦ ᠵᠡᠷᠭᠡ ᠶᠢ ᠬᠤᠳᠠᠯᠳᠤᠨ ᠠᠪᠴᠦ ᠦᠭᠭᠦ ᠶᠢᠨ ᠬᠠᠮᠳᠤ ᠭᠡᠷ ᠲᠤ ᠨᠢ ᠬᠦᠷᠭᠡᠨ ᠦᠭᠴᠦ ᠭᠡᠤᠭᠡᠳ ᠢ ᠮᠠᠰᠢ ᠶᠡᠭᠡ ᠪᠠᠷ ᠪᠠᠶᠠᠷᠯᠠᠭᠤᠯᠤᠭᠰᠠᠨ ᠪᠠᠶᠢᠨ᠎ᠠ᠃ ᠡᠭᠦᠨ ᠤ ᠬᠠᠮᠳᠤ ᠪᠠᠰᠠ ᠸᠠᠨ ᠵᠢᠶᠠ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠤᠨ ︽ᠭᠡᠷ᠎ᠠ ᠲᠤᠭᠳᠠᠨ ᠬᠠᠮᠳᠤ ᠪᠠᠷ ᠪᠠᠶᠢᠭᠤᠯᠬᠤ︾ ᠨᠡᠶᠢᠭᠡᠮ ᠤᠨ ᠬᠠᠶᠢᠷ᠎ᠠ ᠰᠡᠳᠬᠢᠯᠳᠦ ᠵᠤᠬᠢᠶᠠᠨ ᠪᠠᠶᠢᠭᠤᠯᠤᠯᠳᠠ ᠶᠢ ᠤᠷᠢᠵᠦ᠂ ᠲᠡᠳᠡᠨ ᠤ ᠬᠢᠨ ᠳᠤ ᠠᠮᠤ ᠭᠤᠯᠢᠷ ᠲᠤᠰᠤ ᠵᠢᠴᠢ 200 ᠲᠦᠭᠦᠷᠢᠭ ᠤᠨ ᠲᠤᠬᠤᠨᠢᠭᠤᠯᠭ᠎ᠠ ᠶᠢᠨ ᠮᠦᠩᠭᠦ ᠬᠦᠷᠭᠡᠵᠡᠢ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号