ᠤᠯᠠᠭᠠᠨᠬᠤᠲᠠ ᠶᠢᠨ ᠭᠡᠭᠡᠨᠰᠦ᠋ᠮ᠎ᠡ ᠶᠢᠨ ᠲᠡᠤᠬᠡ ᠶᠢᠨ ᠤᠯᠠ ᠮᠦᠷ ᠤᠨ ᠠᠩᠬᠠᠨ ᠤ ᠬᠠᠶᠢᠯᠲᠠ
ᠨᠡᠶᠢᠲᠡᠯᠡᠭᠰᠡᠨ ᠴᠠᠭ᠄
2020-04-24
    ᠤᠯᠠᠭᠠᠨᠬᠤᠲᠠ ᠶᠢᠨ ᠭᠡᠭᠡᠨᠰᠦ᠋ᠮ᠎ᠡ ᠨᠢ ᠤᠯᠠᠭᠠᠨᠬᠤᠲᠠ ᠶᠢᠨ ᠵᠡᠭᠦᠨ ᠡᠮᠦᠨ᠎ᠡ 60 ᠭᠠᠵᠠᠷ᠂ ᠲᠤᠭᠤᠷ ᠤᠨ ᠭᠤᠣᠯ ᠤᠨ ᠵᠡᠭᠦᠨ ᠡᠷᠭᠢ᠂ ᠲᠠᠦᠯᠠᠶᠢᠲᠦ ᠠᠭᠤᠯᠠ ᠶᠢᠨ ᠬᠤᠷᠮᠣᠢ ᠳᠤ ᠪᠠᠶᠢᠷᠢᠯᠠᠵᠤ ᠪᠠᠶᠢᠳᠠᠭ᠃ᠤᠤᠯ ᠳᠤ ᠪᠠᠨ ᠭᠡᠭᠡᠨᠰᠦ᠋ᠮ᠎ᠡ ᠶᠢ ᠵᠡᠭᠦᠨ ᠪᠠᠷᠠᠭᠤᠨ ᠬᠤᠶᠠᠷ ᠰᠦᠮ᠎ᠡ ᠬᠤᠪᠢᠶᠠᠳᠠᠭ᠃ ᠵᠡᠭᠦᠨ ᠰᠦᠮ᠎ᠡ ᠨᠢ ᠴᠣᠭᠴᠢᠨ ︵ᠹᠠᠨ ᠲᠦᠩ ᠰᠧ ᠰᠦᠮ᠎ᠡ︶᠂ ᠵᠤᠨᠳᠠᠮᠪᠤ ︵ᠾᠦᠢ ᠲᠦᠩ ᠰᠧ ᠰᠦᠮ᠎ᠡ︶᠂ ᠯᠠᠰᠤᠨ ︵ᠭᠤᠸᠠᠩ ᠱᠸᠦ ᠰᠧ ᠰᠦᠮ᠎ᠡ︶ ᠰᠦᠮ᠎ᠡ ᠪᠠᠷ ᠪᠦᠷᠢᠯᠳᠦᠵᠤ᠂ ᠪᠠᠷᠠᠭᠤᠨ ᠰᠦᠮ᠎ᠡ ᠨᠢ ᠴᠠᠭᠠᠨ ︵ᠬᠤᠩ ᠵᠢᠶ ᠰᠦᠮ᠎ᠡ︶᠂ ᠬᠤᠰᠢᠭᠤ ︵ᠭᠤᠸᠠᠩ ᠵᠢᠤᠸᠠᠢ ᠰᠦᠮ᠎ᠡ︶ ᠰᠦᠮ᠎ᠡ ᠪᠠᠷ ᠪᠦᠷᠢᠯᠳᠦᠵᠡᠢ᠃ ᠶᠡᠷᠦ ᠳᠡᠭᠡᠨ ᠭᠡᠭᠡᠨᠰᠦ᠋ᠮ᠎ᠡ ᠭᠡᠳᠡᠭ ᠨᠢ ᠵᠡᠭᠦᠨ ᠰᠦᠮ᠎ᠡ ᠶᠢ ᠵᠢᠭᠠᠳᠠᠭ᠃ ᠭᠡᠭᠡᠨᠰᠦ᠋ᠮ᠎ᠡ ᠶᠢᠨ ᠲᠡᠦᠬᠡ ᠶᠢ ᠰᠢᠨᠵᠢᠯᠡᠬᠦ ᠳᠤ ᠯᠠᠮᠠ ᠶᠢᠨ ᠱᠠᠰᠢᠨ ᠪᠣᠯᠤᠨ ᠬᠤᠷᠴᠢᠨ ᠠᠶᠢᠮᠠᠭ ᠤᠨ ᠡᠬᠢ ᠰᠤᠷᠪᠤᠯᠵᠢ ᠶᠢ ᠤᠷᠢᠳᠠᠪᠠᠷ ᠣᠶᠢᠯᠠᠭᠠᠬᠤ ᠬᠡᠷᠡᠭᠲᠡᠢ᠃     ᠨᠢᠭᠡ᠂ ᠯᠠᠮᠠ ᠶᠢᠨ ᠱᠠᠰᠢᠨ ᠤ ᠬᠤᠷᠴᠢᠨ ᠠᠶᠢᠮᠠᠭ ᠲᠠᠬᠢ ᠨᠡᠪᠴᠢᠯᠲᠡ ᠪᠠ ᠨᠥᠯᠥᠭᠡ    ᠮᠠᠨᠵᠤ ᠬᠥᠮᠦᠨ ᠵᠦᠩᠶᠤᠸᠠᠨ ᠣᠷᠣᠨ ᠢ ᠡᠵᠡᠯᠡᠭᠰᠡᠨ ᠤ ᠳᠠᠷᠠᠭ᠎ᠠ᠂ ᠮᠣᠩᠭᠤᠯ ᠦᠨᠳᠦᠰᠦᠲᠡᠨ ᠤ ᠰᠦᠷᠳᠡᠭᠦᠯᠭᠡ ᠶᠢ ᠲᠣᠳᠣᠷᠬᠠᠢ ᠲᠠᠨᠢᠵᠤ ᠣᠯᠤᠭᠰᠠᠨ ᠪᠥᠭᠡᠳ ᠯᠠᠮᠠ ᠶᠢᠨ ᠱᠠᠰᠢᠨ ᠤ ᠨᠦᠯᠦᠭᠡ ᠦᠢᠯᠡᠳᠦᠯ ᠢ ᠨᠡᠩ ᠲᠣᠳᠣᠷᠬᠠᠢ ᠣᠯᠵᠤ ᠲᠠᠨᠢᠵᠠᠢ᠃ ᠡᠶᠢᠮᠦ ᠠᠴᠠ ᠨᠢᠭᠡ ᠲᠠᠯ᠎ᠠ ᠪᠠᠷ ᠤᠮᠠᠷᠠᠲᠤ ᠣᠷᠣᠨ ᠳᠤ ᠲᠠᠰᠤᠷᠠᠯᠲᠠ ᠦᠭᠡᠢ ᠤᠷᠤᠭᠴᠠᠭᠠᠬᠤ ᠲᠥᠷᠥ ᠶᠢᠨ ᠪᠣᠳᠣᠯᠭ᠎ᠠ ᠶᠢ ᠠᠪᠴᠤ᠂ ᠴᠢᠩ ᠤᠯᠤᠰ ᠤᠨ ᠤᠯᠠᠨ ᠭᠦᠩᠵᠦ ᠶᠢ ᠮᠣᠩᠭᠤᠯ ᠸᠠᠩ ᠬᠥᠩ ᠨᠡᠷ ᠲᠤ ᠪᠠᠭᠤᠯᠭᠠᠵᠤ ᠥᠭᠭᠦᠭᠰᠡᠨ ᠪᠥᠭᠡᠳ ᠦᠷ᠎ᠡ ᠬᠤᠶᠢᠴᠢᠰ ᠲᠠᠭᠠᠨ ᠴᠤ ᠮᠣᠩᠭᠤᠯ ᠸᠠᠩ ᠬᠥᠩ ᠨᠡᠷ ᠤᠨ ᠦᠬᠢᠳ ᠢ ᠡᠬᠡᠨᠡᠷ ᠪᠣᠯᠭᠠᠨ ᠪᠠᠭᠤᠯᠭᠠᠨ ᠠᠪᠴᠦ᠂ ᠠᠷᠭᠠᠳᠠᠨ ᠲᠠᠲᠠᠬᠤ ᠮᠥᠷᠲᠡᠭᠡᠨ ᠬᠢᠨᠠᠨ ᠠᠵᠢᠭᠯᠠᠵᠤ᠂ ᠥᠪᠡᠷ ᠤᠨ ᠬᠦᠴᠦ ᠪᠠᠨ ᠪᠤᠯᠭᠠᠵᠤ ᠲᠦᠷᠤ ᠭᠦᠷᠦᠨ ᠳᠤ ᠦᠢᠯᠡᠴᠢᠯᠡᠭᠦᠯᠦᠭᠰᠡᠨ ᠪᠠᠶᠢᠨ᠎ᠠ᠃ ᠨᠦᠭᠦᠭᠡ ᠲᠠᠯ᠎ᠠ ᠪᠠᠷ ︽ᠰᠢᠷ᠎ᠠ ᠶᠢᠨ ᠱᠠᠰᠢᠨ ︵ᠯᠠᠮᠠ ᠶᠢᠨ ᠱᠠᠰᠢᠨ︶ ᠢᠶᠠᠷ ᠮᠣᠩᠭᠤᠯᠴᠤᠳ ᠢ ᠢᠯᠪᠢᠨ ᠵᠠᠰᠠᠬᠤ︾ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠡᠢ᠃ ᠡᠭᠦᠨ ᠤ ᠲᠤᠬᠠᠶ ᠬᠤᠸᠠᠩ ᠲᠠᠶᠢᠵᠢ ᠪᠣᠯᠤᠨ ᠲᠩᠷᠢ ᠲᠡᠳᠬᠦᠭᠴᠢ ᠬᠠᠭᠠᠨ ᠤ ᠵᠠᠷᠯᠢᠭ ᠲᠤ ᠴᠥᠮ ᠭᠦᠢᠴᠡᠳ ᠲᠣᠳᠣᠷᠬᠠᠶᠢᠯᠠᠭᠰᠠᠨ ᠪᠠᠶᠢᠳᠠᠭ᠃ ᠵᠢᠱᠢᠶᠡᠯᠡᠪᠡᠯ᠄ ︽ᠰᠢᠷ᠎ᠠ ᠶᠢᠨ ᠱᠠᠰᠢᠨ ᠢ ᠮᠠᠨᠳᠤᠭᠤᠯᠪᠠᠯ ᠳᠠᠷᠤᠶ ᠤᠯᠠᠨ ᠮᠣᠩᠭᠤᠯ ᠢ ᠠᠮᠤᠷᠵᠢᠭᠤᠯᠵᠤ ᠴᠢᠳᠠᠮᠤᠶ᠂ ᠡᠨᠡ ᠨᠢ ᠪᠠᠭ᠎ᠠ ᠪᠤᠰᠤ ᠶᠠᠪᠤᠳᠠᠯ ᠶᠤᠮ︾᠂ ︽ᠮᠤᠩᠭᠤᠯᠴᠣᠳ ᠪᠤᠷᠬᠠᠨ ᠲᠠᠬᠢᠵᠤ ᠯᠠᠮᠠ ᠶᠢᠨ ᠱᠠᠰᠢᠨ ᠢ ᠬᠠᠮᠤᠭ ᠠᠴᠠ ᠢᠯᠡᠭᠦᠤ ᠢᠲᠡᠭᠡᠳᠡᠭ ᠲᠤᠯᠠ ᠲᠡᠭᠦᠨ ᠢ ᠦᠯᠦ ᠬᠠᠮᠠᠭᠠᠯᠠᠬᠤ ᠶᠣᠰᠣ ᠬᠡᠮᠡᠨ ᠦᠭᠡᠢ᠂ ᠡᠭᠦᠨ ᠢ ᠢᠯᠪᠢᠨ ᠵᠠᠰᠠᠬᠤ ᠶᠣᠰᠤ ᠬᠡᠮᠡᠮᠦᠶ︾᠂ ︽ᠨᠢᠭᠡ ᠰᠦᠮ᠎ᠡ ᠵᠠᠰᠠᠪᠠᠯ᠂ ᠠᠷᠪᠠᠨ ᠲᠦᠮᠡᠨ ᠴᠡᠷᠢᠭ ᠲᠡᠵᠢᠭᠡᠭᠰᠡᠨ ᠲᠠᠢ ᠲᠡᠩᠴᠡᠨ᠎ᠡ︾ ᠬᠡᠮᠡᠨ ᠯᠠᠮᠠ ᠶᠢᠨ ᠱᠠᠰᠢᠨ ᠢ ᠦᠳᠲᠡᠷ ᠲᠦᠷᠭᠡᠨ ᠳᠡᠯᠭᠡᠷᠡᠭᠦᠯᠬᠦ ᠶᠢ ᠵᠤᠷᠢᠪᠠ ᠃ ᠯᠠᠮᠠ ᠶᠢᠨ ᠱᠠᠰᠢᠨ ᠢ ᠮᠣᠩᠭᠤᠯ ᠤᠨ ᠨᠡᠶᠢᠭᠡᠮ ᠤᠨ ᠡᠯ᠎ᠡ ᠳᠠᠪᠬᠤᠷᠭ᠎ᠠ ᠳᠤ ᠨᠡᠪᠴᠢᠭᠦᠯᠬᠦ ᠶᠢᠨ ᠲᠥᠯᠥᠭᠡ᠂ ᠴᠢᠩ ᠤᠯᠤᠰ ᠤᠨ ᠵᠠᠰᠠᠭ ᠤᠨ ᠭᠠᠵᠠᠷ ᠠᠴᠠ ︽ᠭᠠᠳᠠᠭᠠᠳᠤ ᠮᠣᠩᠭᠤᠯ ᠤᠨ ᠲᠥᠷᠥ ᠶᠢ ᠵᠠᠰᠠᠬᠤ ᠶᠠᠪᠤᠳᠠᠯ ᠤᠨ ᠶᠠᠮᠤᠨ ᠤ ᠬᠠᠤᠯᠢ ᠴᠠᠭᠠᠵᠠ︾ ᠳᠤ ︽ᠯᠠᠮᠠ ᠨᠠᠷ ᠣᠯᠠᠨ ᠢ ᠵᠠᠬᠢᠷᠪᠠᠰᠤ ᠵᠠᠰᠠᠭ ᠵᠠᠰᠠᠭᠴᠢ ᠮᠡᠲᠦ ᠪᠣᠯᠭᠠᠮᠤᠶ︾ ᠬᠡᠮᠡᠨ ᠲᠣᠭᠲᠠᠭᠠᠵᠤ᠂ ᠡᠷᠬᠡ ᠠᠳᠬᠤᠭᠰᠠᠨ ᠯᠠᠮᠠ ᠨᠠᠷ ᠢ ᠬᠤᠰᠢᠭᠤᠨ ᠳᠠᠷᠤᠭ᠎ᠠ ᠲᠠᠢ ᠠᠳᠠᠯᠢ ᠲᠡᠭᠰᠢ ᠬᠠᠷᠠᠭᠠᠯᠵᠠᠯ ᠪᠠ ᠡᠷᠬᠡ ᠲᠠᠢ ᠪᠤᠯᠭᠠᠭᠰᠠᠨ ᠠᠴᠠ ᠮᠣᠩᠭᠤᠯ ᠤᠨ ᠨᠡᠶᠢᠭᠡᠮ ᠳᠤ ᠯᠠᠮᠠ ᠬᠤᠸᠠᠷᠠᠭ ᠤᠨ ᠹᠧᠣᠳᠠᠯ ᠡᠵᠡᠳ ᠤᠨ ᠪᠦᠯᠦᠭ ᠪᠤᠢ ᠪᠣᠯᠤᠨ ᠪᠦᠷᠢᠯᠳᠦᠵᠦ᠂ ᠡᠭᠡᠯ ᠬᠠᠷᠠᠴᠤ ᠶᠢᠨ ᠹᠧᠣᠳᠠᠯ ᠡᠵᠡᠳ ᠤᠨ ᠪᠦᠯᠦᠭ ᠲᠠᠢ ᠬᠠᠮᠲᠤ ᠣᠷᠣᠰᠢᠬᠤ ᠪᠠᠶᠢᠳᠠᠯ ᠪᠤᠢ ᠪᠣᠯᠪᠠ᠃ ᠯᠠᠮᠠ ᠶᠢᠨ ᠱᠠᠰᠢᠨ ᠢ ᠦᠳᠲᠡᠷ ᠲᠦᠷᠭᠡᠨ ᠳᠡᠯᠭᠡᠷᠡᠭᠦᠯᠬᠦ ᠶᠢᠨ ᠲᠥᠯᠥᠭᠡ ᠯᠠᠮᠠ ᠨᠠᠷ ᠲᠤ ᠬᠠᠷᠠᠭᠠᠯᠵᠠᠯ ᠬᠦᠷᠲᠡᠭᠡᠬᠦ ᠪᠠᠷ ᠪᠠᠷᠠᠬᠤ ᠦᠭᠡᠢ ᠴᠢᠩ ᠤᠯᠤᠰ ᠤᠨ ᠬᠠᠭᠠᠳ ᠥᠪᠡᠷ ᠤᠨ ᠪᠡᠶ᠎ᠡ ᠪᠠᠷ ᠢᠶᠠᠨ ᠤᠯᠤᠰ ᠤᠨ ᠰᠠᠩ ᠠᠴᠠ ᠡᠳ᠋ ᠮᠦᠩᠭᠦ ᠭᠠᠷᠭᠠᠵᠤ ᠰᠦᠮ᠎ᠡ ᠬᠡᠶᠢᠳ ᠪᠠᠶᠢᠭᠤᠯᠵᠤ ᠥᠭᠭᠦᠭᠰᠡᠨ ᠪᠠᠶᠢᠨ᠎ᠠ᠃ ᠴᠢᠩ ᠤᠯᠤᠰ ᠤᠨ ᠡᠶᠡᠪᠡᠷ ᠵᠠᠰᠠᠭᠴᠢ ᠂ ᠡᠩᠬᠡ ᠠᠮᠤᠭᠤᠯᠠᠩ᠂ ᠨᠠᠶᠢᠷᠠᠯᠲᠤ ᠲᠥᠪ᠂ ᠲᠩᠷᠢ ᠲᠡᠳᠬᠦᠭᠴᠢ ᠶᠢᠨ ᠨᠣᠶᠠᠷᠬᠠᠯ ᠤᠨ ᠦᠶ᠎ᠡ ᠳᠤ᠂ ᠯᠠᠮᠠ ᠶᠢᠨ ᠱᠠᠰᠢᠨ ᠤ ᠲᠦᠷᠦ ᠶᠢᠨ ᠪᠤᠳᠤᠯᠭ᠎ᠠ ᠨᠢ ᠲᠦᠢᠯ ᠤᠨ ᠪᠦᠷᠢᠨ ᠲᠡᠭᠦᠯᠳᠡᠷ ᠬᠡᠮᠵᠢᠶᠡᠨ ᠳᠤ ᠬᠦᠷᠴᠦ᠂ ᠮᠣᠩᠭᠤᠯ ᠤᠷᠤᠨ ᠢ ᠢᠯᠪᠢᠨ ᠵᠠᠰᠠᠬᠤ ᠠᠷᠭ᠎ᠠ ᠪᠤᠳᠤᠯᠭ᠎ᠠ ᠨᠢ ᠶᠡᠷᠦ ᠪᠤᠰᠤ ᠶᠢᠨ ᠦᠷ᠎ᠡ ᠪᠦᠲᠦᠭᠡᠯ ᠣᠯᠵᠠᠢ᠃     ᠬᠤᠷᠴᠢᠨ ᠠᠶᠢᠮᠠᠭ ᠪᠣᠯ ᠯᠠᠮᠠ ᠶᠢᠨ ᠱᠠᠰᠢᠨ ᠤ ᠨᠥᠯᠥᠭᠡ ᠶᠢ ᠭᠦᠨ ᠬᠦᠷᠲᠡᠭᠰᠡᠨ ᠣᠷᠣᠨ ᠤ ᠨᠢᠭᠡ ᠪᠣᠯᠤᠨ᠎ᠠ᠃ ᠴᠢᠩ ᠤᠯᠤᠰ ᠤᠨ ᠭᠤᠷᠪᠠᠨ ᠵᠠᠭᠤ ᠭᠠᠷᠤᠢ ᠵᠢᠯ ᠤᠨ ᠬᠤᠭᠤᠷᠣᠨᠳᠣ ᠯᠠᠮᠠ ᠶᠢᠨ ᠱᠠᠰᠢᠨ ᠨᠢ ᠮᠣᠩᠭᠤᠯ ᠦᠨᠳᠦᠰᠦᠲᠡᠨ ᠤ ᠠᠷᠠᠳ ᠲᠦᠮᠡᠨ ᠯᠦᠭᠡ ᠥᠷᠭᠡᠨ ᠳᠡᠯᠭᠡᠷ ᠪᠦᠭᠡᠳ ᠨᠢᠭᠲᠠ ᠬᠠᠷᠢᠴᠠᠭ᠎ᠠ ᠲᠠᠢ ᠪᠣᠯᠵᠠᠢ᠃ ᠮᠣᠩᠭᠤᠯ ᠠᠶᠢᠯ ᠡᠷᠦᠬᠡ ᠪᠣᠯᠭᠠᠨ ᠪᠤᠷᠬᠠᠨ ᠲᠠᠬᠢᠵᠤ ᠡᠳᠦᠷ ᠰᠥᠨᠢ ᠦᠭᠡᠶ ᠬᠦᠵᠢ ᠠᠰᠠᠭᠠᠨ ᠮᠥᠷᠭᠦᠳᠡᠭ ᠪᠦᠭᠡᠳ ᠠᠶᠢᠯ ᠭᠡᠷ ᠤᠨ ᠶᠡᠭᠡ ᠪᠠᠭ᠎ᠠ ᠶᠠᠪᠤᠳᠠᠯ ᠳᠤ ᠪᠦᠷ ᠯᠠᠮᠠ ᠵᠠᠯᠠᠵᠤ ᠨᠣᠮ ᠭᠦᠷᠢᠮ ᠤᠩᠰᠢᠭᠤᠯᠳᠠᠭ᠃ ᠡᠶᠢᠨ ᠭᠦ ᠯᠠᠮᠠ ᠶᠢᠨ ᠱᠠᠰᠢᠨ ᠦᠨᠡᠬᠡᠷ ᠣᠶᠣᠨ ᠰᠠᠨᠠᠭᠠᠨ ᠤ ᠲᠠᠯ᠎ᠠ ᠪᠠᠷ ᠮᠣᠩᠭᠤᠯ ᠠᠷᠠᠳ ᠲᠦᠮᠡᠨ ᠢ ᠨᠣᠶᠠᠷᠬᠠᠵᠤ᠂ ᠨᠣᠶᠠᠷᠬᠠᠭᠴᠢ ᠠᠩᠭᠢ ᠶᠢᠨ ᠦᠵᠡᠯ ᠰᠠᠨᠠᠭ᠎ᠠ ᠨᠢ ᠴᠤ ᠯᠠᠮᠠ ᠶᠢᠨ ᠱᠠᠰᠢᠨ ᠤ ᠨᠣᠶᠠᠷᠬᠠᠯ ᠳᠤ ᠣᠷᠣᠭᠰᠠᠨ ᠪᠠᠶᠢᠨ᠎ᠠ᠃     ᠮᠣᠩᠭᠤᠯ ᠤᠨ ᠬᠤᠷᠴᠢᠨ ᠠᠶᠢᠮᠠᠭ ᠲᠤ ᠯᠠᠮᠠ ᠶᠢᠨ ᠰᠦᠮ᠎ᠡ ᠭᠠᠵᠠᠷ ᠪᠤᠯᠭᠠᠨ ᠰᠦᠨᠳᠡᠷᠯᠡᠵᠦ᠂ ᠯᠠᠮᠠ ᠨᠠᠷ ᠤᠨ ᠲᠤᠭ᠎ᠠ ᠴᠦ ᠮᠠᠰᠢ ᠤᠯᠠᠨ ᠪᠠᠶᠢᠳᠠᠭ᠃ ᠵᠢᠷᠢᠮ ᠠᠶᠢᠮᠠᠭ ᠤᠨ ᠠᠷᠪᠠᠨ ᠬᠤᠰᠢᠭᠤ ᠤᠷᠢᠳ ᠬᠤᠵᠢᠳ 180 ᠭᠠᠷᠤᠢ ᠰᠦᠮ᠎ᠡ ᠬᠡᠶᠢᠳ ᠪᠠᠶᠢᠭᠤᠯᠵᠠᠢ᠃ ᠡᠳᠡᠭᠡᠷ ᠰᠦᠮ᠎ᠡ ᠬᠡᠶᠢᠳ ᠤᠨ ᠣᠯᠠᠩᠬᠢ ᠨᠢ ᠡᠩᠬᠡ ᠠᠮᠤᠭᠤᠯᠠᠩ᠂ ᠲᠩᠷᠢ ᠲᠡᠳᠬᠦᠭᠴᠢ ᠪᠣᠯᠤᠨ ᠰᠠᠶᠢᠰᠢᠶᠠᠯ ᠢᠷᠦᠭᠡᠯᠲᠦ ᠶᠢᠨ ᠣᠨ ᠳᠤ ᠪᠠᠶᠢᠭᠤᠯᠤᠭᠰᠠᠨ ᠪᠥᠭᠡᠳ ᠵᠠᠷᠢᠮ ᠰᠦᠮ᠎ᠡ ᠬᠡᠶᠢᠳ ᠲᠤ ᠬᠠᠭᠠᠨ ᠦᠪᠡᠷ ᠤᠨ ᠭᠠᠷ ᠤᠨ ᠦᠰᠦᠭ ᠢᠶᠠᠨ ᠵᠢᠷᠤᠵᠤ᠂ ᠪᠢᠴᠢᠭᠡᠰᠦ ᠢᠯᠡᠷᠬᠡᠶᠢᠯᠡᠯ ᠡᠯᠭᠦᠳᠡᠭ ᠪᠠᠶᠢᠵᠠᠢ᠃ ᠡᠭᠦᠨ ᠠᠴᠠ ᠴᠢᠩ ᠤᠯᠤᠰ ᠤᠨ ᠵᠠᠰᠠᠭ ᠤᠨ ᠭᠠᠵᠠᠷ ᠬᠤᠷᠴᠢᠨ ᠠᠶᠢᠮᠠᠭ ᠢ ᠬᠦᠨᠳᠦᠳᠬᠡᠵᠦ ᠪᠠᠶᠢᠭᠰᠠᠨ ᠢ ᠮᠠᠳᠡᠵᠤ ᠪᠣᠯᠤᠨ᠎ᠠ᠃ ᠡᠭᠦᠨ ᠠᠴᠠ ᠭᠠᠳᠠᠨ᠎ᠠ᠂ ᠬᠤᠷᠴᠢᠨ ᠨᠤᠲᠤᠭ ᠤᠨ ᠭᠠᠵᠠᠷ ᠵᠦᠢ ᠶᠢᠨ ᠪᠠᠶᠢᠷᠢᠯᠠᠯ ᠤᠨ ᠴᠢᠬᠤᠯᠠ ᠴᠢᠨᠠᠷ ᠨᠢ ᠬᠤᠷᠴᠢᠨ ᠮᠣᠷᠢᠲᠤ ᠴᠡᠷᠢᠭ ᠢ ᠮᠠᠨᠵᠤ ᠴᠢᠩ ᠤᠨ ᠰᠢᠯᠢᠳᠡᠭ ᠴᠡᠷᠢᠭ ᠪᠤᠯᠭᠠᠭᠰᠠᠨ ᠤ ᠬᠤᠪᠢ ᠳᠤ᠂ ᠴᠢᠩ ᠤᠯᠤᠰ ᠤᠨ ᠨᠣᠶᠠᠷᠬᠠᠭᠴᠢᠳ ᠲᠠᠢ ᠤᠯᠠᠮ ᠨᠢᠭᠲᠠ ᠬᠠᠷᠢᠴᠠᠭ᠎ᠠ ᠲᠠᠢ ᠪᠤᠯᠭᠠᠪᠠ᠃ ᠡᠨᠡ ᠨᠢ ᠮᠦᠨ ᠬᠦ ᠬᠤᠷᠴᠢᠨ ᠨᠤᠲᠤᠭ ᠲᠤ ᠯᠠᠮᠠ ᠶᠢᠨ ᠱᠠᠰᠢᠨ ᠬᠥᠭᠵᠢᠨ ᠪᠠᠳᠠᠷᠠᠭᠰᠠᠨ ᠤ ᠪᠠᠰᠠ ᠨᠢᠭᠡᠨ ᠰᠢᠯᠲᠠᠭᠠᠨ ᠪᠣᠯᠤᠭᠰᠠᠨ ᠪᠠᠶᠢᠵᠤ ᠮᠡᠳᠡᠨ᠎ᠡ᠃     ᠵᠢᠷᠢᠮ ᠤᠨ ᠠᠷᠪᠠᠨ ᠬᠤᠰᠢᠭᠤᠨ ᠤ 180 ᠭᠠᠷᠤᠶ ᠰᠦᠮ᠎ᠡ ᠬᠡᠶᠢᠳ ᠤᠨ ᠳᠣᠲᠣᠷ᠎ᠠ ᠵᠠᠰᠠᠭᠲᠤ ᠵᠢᠶᠦ᠋ᠨ ᠸᠠᠩ ᠤᠨ ᠬᠤᠰᠢᠭᠤ ︵ᠣᠳᠣ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ︶ ᠶᠢᠨ ᠲᠠᠦᠯᠠᠶᠢᠲᠦ ᠭᠡᠭᠡᠨᠰᠦ᠋ᠮ᠎ᠡ᠂ ᠣᠳᠣ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠱᠤᠸᠠᠩ ᠹᠦ᠋ ᠰᠧ ᠰᠦᠮ᠎ᠡ ᠪᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠯᠢ ᠳᠣᠲᠣᠷᠠᠬᠢ ᠪᠠᠶᠠᠨᠬᠤᠰᠢᠭᠤ ᠰᠦᠮ᠎ᠡ ᠵᠡᠷᠭᠡ ᠨᠡᠷ᠎ᠡ ᠠᠯᠳᠠᠷ ᠲᠠᠢ ᠰᠦᠮ᠎ᠡ ᠬᠡᠶᠢᠳ ᠪᠤᠶ᠃ ᠭᠡᠪᠡᠴᠦ ᠵᠡᠷᠭᠡ ᠳᠡᠰ᠂ ᠬᠦᠷᠢᠶ᠎ᠡ ᠬᠡᠪᠴᠢᠶ᠎ᠡ ᠪᠣᠯᠤᠨ ᠨᠥᠯᠥᠭᠡᠯᠡᠬᠦ ᠬᠦᠴᠦᠨ ᠵᠡᠷᠭᠡ ᠲᠠᠯ᠎ᠠ ᠠᠴᠠ ᠠᠪᠴᠦ ᠦᠵᠡᠪᠡᠯ ᠲᠠᠦᠯᠠᠶᠢᠲᠦ ᠶᠢᠨ ᠭᠡᠭᠡᠨᠰᠦ᠋ᠮ᠎ᠡ ᠨᠢ ᠴᠥᠮ ᠲᠡᠷᠢᠭᠦᠨ ᠴᠢᠬᠤᠯᠠ ᠪᠠᠶᠢᠷᠢ ᠰᠠᠭᠤᠷᠢ ᠲᠠᠢ ᠶᠤᠮ᠃    ᠬᠤᠶᠠᠷ᠂ ᠲᠠᠦᠯᠠᠶᠢᠲᠦ ᠶᠢᠨ ᠭᠡᠭᠡᠨᠰᠦ᠋ᠮ᠎ᠡ ᠶᠢ ᠪᠠᠶᠢᠭᠤᠯᠤᠭᠰᠠᠨ ᠨᠢ    ᠵᠢᠷᠢᠮ ᠤᠨ ᠴᠢᠭᠤᠯᠭᠠᠨ ᠤ ᠠᠷᠪᠠᠨ ᠬᠤᠰᠢᠭᠤᠨ ᠤ ᠠᠩᠬᠠᠳᠠᠭᠴᠢ ᠭᠡᠭᠡᠨ ᠪᠣᠯ ᠴᠢᠩ ᠤᠯᠤᠰ ᠤᠨ ᠲᠩᠷᠢ ᠲᠡᠳᠬᠦᠭᠴᠢ ᠶᠢᠨ ᠦᠶ᠎ᠡ ᠳᠤ ᠭᠠᠷᠤᠭᠰᠠᠨ ᠶᠤᠮ᠃ ᠲᠤᠬᠠᠢ ᠶᠢᠨ ᠦᠶ᠎ᠡ ᠳᠤ ᠲᠦᠰᠢᠶᠡᠲᠦ ᠸᠠᠩ ᠤᠨ ᠣᠷᠳᠣᠨ ᠤ ᠰᠦᠮ᠎ᠡ ᠳᠤ ᠴᠦᠢᠷᠤᠪᠵᠠᠮᠰᠤ ᠯᠠᠮᠠ ᠬᠡᠮᠡᠨ ᠪᠠᠶᠢᠵᠠᠢ᠃ ᠲᠡᠷᠡ ᠯᠠᠮᠠ ᠡᠮᠨᠡᠯᠭᠡ ᠶᠢᠨ ᠤᠬᠠᠭᠠᠨ ᠳᠤ ᠪᠠᠭ᠎ᠠ ᠰᠠᠭ᠎ᠠ ᠨᠡᠪᠲᠡᠷᠡᠭᠰᠡᠨ ᠪᠠᠶᠢᠵᠤ ᠳᠠᠷᠬᠠᠨ ᠸᠠᠩ ᠤᠨ ᠤᠳᠠᠭᠠᠨ ᠤᠨ ᠡᠮᠨᠡᠭᠦᠯᠦᠭᠡᠳ ᠡᠰᠡ ᠡᠳᠡᠭᠡᠷᠡᠭᠰᠡᠨ ᠡᠪᠡᠳᠴᠢᠨ ᠢ ᠵᠠᠰᠠᠵᠤ ᠡᠳᠡᠭᠡᠷᠡᠭᠦᠯᠵᠡᠢ᠃ ᠡᠶᠢᠮᠦ ᠠᠴᠠ ᠳᠠᠷᠬᠠᠨ ᠸᠠᠩ ᠴᠦᠢᠷᠤᠪᠵᠠᠮᠰᠤ ᠶᠢ ︽ᠠᠪᠠᠭ᠎ᠠ︾ ᠯᠠᠮᠠ ᠡᠷᠭᠦᠮᠵᠢᠯᠡᠭᠰᠡᠨ ᠠᠴᠠ ᠲᠡᠭᠦᠨ ᠤ ᠨᠡᠷ᠎ᠡ ᠠᠯᠳᠠᠷ ᠨᠢ ᠪᠦᠬᠦ ᠬᠤᠰᠢᠭᠤᠨ ᠳᠤ ᠮᠠᠨᠳᠦᠵᠠᠢ᠃ ᠢᠩᠭᠢᠭᠡᠳ ᠬᠥᠮᠦᠰ ᠮᠠᠰᠢ ᠲᠦᠷᠭᠡᠨ ᠢᠶᠠᠷ ᠸᠠᠩ ᠤᠨ ︽ᠠᠪᠠᠭ᠎ᠠ︾ ᠭᠡᠰᠡᠨ ᠬᠦᠨᠳᠦᠳᠬᠡᠯ ᠤᠨ ᠨᠡᠷᠡᠶᠢᠳᠦᠯ ᠢᠶᠠᠷ ᠲᠡᠭᠦᠨ ᠢ ᠭᠡᠭᠡᠨ ᠪᠣᠯᠭᠠᠨ ᠤᠯᠠᠮᠵᠢᠯᠠᠪᠠ᠃ ᠤᠤᠯ ᠤᠨ ᠭᠡᠭᠡᠨᠰᠦ᠋ᠮ᠎ᠡ ᠨᠢ ᠣᠳᠣ ᠶᠢᠨ ᠭᠢᠷᠢᠨ ᠮᠤᠵᠢ ᠶᠢᠨ ᠲᠤᠤ ᠨᠠᠨ ᠠᠴᠠ ᠵᠡᠭᠦᠨ ᠬᠤᠶᠢᠰᠢ 30 ᠭᠠᠵᠠᠷ ᠲᠤ ᠪᠠᠶᠢᠭ᠎ᠠ ᠯᠢᠩᠬᠤᠸᠠᠲᠤ ᠰᠦᠮ᠎ᠡ ᠶᠤᠮ᠃ ᠴᠢᠩ ᠤᠯᠤᠰ ᠤᠨ ᠭᠤᠣᠽᠦ᠋ᠩ ᠬᠠᠭᠠᠨ ᠲᠩᠷᠢ ᠲᠡᠳᠬᠦᠭᠴᠢ ᠶᠢᠨ ᠠᠷᠪᠠᠨ ᠭᠤᠷᠪᠠᠳᠤᠭᠠᠷ ᠣᠨ ︵1748 ᠣᠨ︶ ᠳᠤ ᠲᠩᠷᠢ ᠲᠡᠳᠬᠦᠭᠴᠢ ᠬᠠᠭᠠᠨ ᠯᠢᠩᠬᠤᠸᠠᠲᠤ ᠰᠦᠮ᠎ᠡ ᠶᠢ ᠰᠠᠨᠰᠺᠷᠢᠲ ᠰᠦᠮ᠎ᠡ ᠪᠠᠷ ᠡᠷᠭᠦᠮᠵᠢᠯᠡᠵᠡᠢ᠃ ᠰᠠᠶᠢᠰᠢᠶᠠᠯᠲᠤ ᠢᠷᠥᠭᠡᠯᠲᠦ ᠶᠢᠨ ᠲᠡᠷᠢᠭᠦᠨ ᠣᠨ ︵1796 ᠣᠨ︶ ᠳᠤ᠂ ᠬᠤᠶᠠᠳᠤᠭᠠᠷ ᠲᠦᠷᠢ ᠶᠢᠨ ᠭᠡᠭᠡᠨ ᠠᠭᠸᠠᠩᠳᠠᠨᠪᠠᠶᠠᠷ ᠤᠨ ᠭᠠᠵᠠᠷ ᠰᠣᠩᠭᠤᠬᠤ ᠪᠠᠷ ᠳᠠᠮᠵᠢᠨ᠂ ᠤᠤᠯ ᠤᠨ ᠵᠢᠷᠢᠮ ᠤᠨ ᠴᠢᠭᠤᠯᠭᠠᠨ ᠤ ᠠᠷᠪᠠᠨ ᠬᠤᠰᠢᠭᠤᠨ ᠤ ᠸᠠᠩ ᠭᠦᠩ ᠨᠡᠷ ᠪᠡᠯᠡ ᠮᠥᠩᠭᠦ ᠴᠤᠭᠯᠠᠭᠤᠯᠵᠤ᠂ ᠵᠠᠰᠠᠭᠲᠤ ᠬᠤᠰᠢᠭᠤᠨ ᠤ ᠳᠤᠮᠳᠠ ᠬᠡᠰᠡᠭ ︵ᠤᠳᠤ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮᠦᠨᠡᠲᠦ ᠬᠡᠰᠡᠭ︶ ᠤᠨ ᠲᠠᠦᠯᠠᠶᠢᠲᠦ ᠠᠭᠤᠯᠠ ᠶᠢᠨ ᠡᠮᠦᠨ᠎ᠡ ᠪᠠᠯ ᠳᠤ ᠲᠣᠮᠣ ᠬᠡᠯᠪᠡᠷᠢ ᠶᠢᠨ ᠰᠦᠮ᠎ᠡ ᠬᠡᠶᠢᠳ ᠪᠠᠶᠢᠭᠤᠯᠵᠠᠢ᠃ ᠰᠢᠨ᠎ᠡ ᠰᠦᠮ᠎ᠡ ᠶᠢ ︽ᠲᠠᠦᠯᠠᠶᠢᠲᠦ ᠭᠡᠭᠡᠨᠰᠦ᠋ᠮ᠎ᠡ︾ ᠬᠡᠮᠡᠨ ᠨᠡᠷᠡᠯᠡᠵᠦ᠂ ᠲᠠᠤᠯᠠᠶᠢᠳᠤ ᠭᠡᠭᠡᠨᠰᠦ᠋ᠮ᠎ᠡ ᠪᠠᠶᠢᠭᠤᠯᠬᠤ ᠶᠢᠨ ᠲᠥᠯᠥᠭᠡ ᠪᠡᠭᠡᠵᠢᠩ ᠠᠴᠠ ᠲᠦᠮᠬᠠᠦ᠋ᠯᠵᠡᠢ ᠵᠡᠷᠭᠡ 30 ᠭᠠᠷᠤᠢ ᠤᠷᠠᠨ ᠳᠠᠷᠬᠠᠳ ᠢ ᠤᠷᠢᠨ ᠠᠪᠴᠢᠷᠠᠵᠤ᠂ ᠲᠥᠪᠡᠳ ᠤᠨ ᠰᠷᠢ ᠿᠤᠵᠢᠶᠤᠪᠰᠠᠩ ᠤᠨ ᠰᠦᠮ᠎ᠡ ᠶᠢᠨ ᠮᠠᠶ᠋ᠢᠭ ᠢ ᠳᠠᠭᠤᠷᠢᠶᠠᠵᠤ ᠪᠠᠷᠢᠭᠰᠠᠨ ᠪᠠᠶᠢᠨ᠎ᠠ᠃ ᠨᠢᠭᠡᠳᠦᠭᠡᠷ ᠪᠦᠯᠦᠭ ᠪᠠᠷᠢᠯᠭ᠎ᠠ ᠨᠢ ᠰᠠᠶᠢᠰᠢᠶᠠᠯᠲᠤ ᠢᠷᠥᠭᠡᠯᠲᠦ ᠶᠢᠨ ᠭᠤᠷᠪᠠᠳᠤᠭᠠᠷ ᠤᠨ ︵1778 ᠤᠨ︶ ᠤ 7 ᠰᠠᠷ᠎ᠠ ᠶᠢᠨ 12 ᠤᠨ ᠡᠳᠦᠷ ᠪᠠᠷᠢᠯᠭ᠎ᠠ ᠳᠠᠭᠤᠰᠴᠤ᠂ ᠰᠡᠭᠦᠯᠡᠷ ᠨᠢ ᠪᠠᠰᠠ ᠬᠡᠳᠦᠨ ᠤᠳᠠᠭ᠎ᠠ ᠦᠷᠭᠦᠯᠵᠢᠯᠡᠨ ᠵᠠᠰᠠᠨ ᠪᠠᠶᠢᠭᠤᠯᠵᠤ᠂ ᠡᠯ᠎ᠡ ᠶᠡᠭᠡ ᠪᠠᠭ᠎ᠠ ᠳᠤᠭᠠᠩ ᠵᠢᠴᠢ ᠯᠠᠮᠠ ᠶᠢᠨ ᠣᠷᠣᠨ ᠰᠠᠭᠤᠴᠠ ᠵᠡᠷᠭᠡ ᠨᠢ ᠪᠠᠷᠤᠭ 6 ᠲᠦᠮᠡ ᠭᠠᠷᠤᠶ ᠲᠡᠭᠰᠢ ᠳᠥᠷᠪᠡᠯᠵᠢᠨ ᠮᠧᠳ᠋ᠷ ᠭᠠᠵᠠᠷ ᠡᠵᠡᠯᠡᠵᠦ᠂ ᠳᠥᠷᠪᠡᠨ ᠲᠠᠯ᠎ᠠ ᠪᠠᠷ ᠢᠶᠠᠨ 30 ᠴᠢᠯᠠᠭᠤᠨ ᠰᠡᠶᠢᠯᠦᠮᠡᠯ ᠤᠨ ᠰᠦᠮ᠎ᠡ ᠪᠠᠶᠢᠭᠤᠯᠵᠤ᠂ ᠲᠤᠰ ᠰᠦᠮ᠎ᠡ ᠶᠢ ᠬᠤᠷᠢᠭᠠᠲᠤ ᠣᠷᠣᠨ ᠪᠤᠯᠭᠠᠭᠰᠠᠨ ᠠᠴᠠ ᠭᠡᠭᠡᠨᠰᠦ᠋ᠮ᠎ᠡ ᠨᠢ ᠵᠢᠩᠭᠢᠨᠢ ᠪᠠᠷ ᠪᠠᠶᠢᠭᠤᠯᠤᠭᠳᠠᠵᠠᠢ᠃    ᠭᠤᠷᠪᠠ᠂ ᠲᠠᠦᠯᠠᠶᠢᠲᠦ ᠭᠡᠭᠡᠨᠰᠦ᠋ᠮ᠎ᠡ ᠶᠢᠨ ᠱᠠᠰᠢᠨ ᠰᠤᠷᠲᠠᠬᠤᠨ ᠤ ᠠᠵᠢᠯᠯᠠᠭ᠎ᠠ     ᠭᠡᠭᠡᠨᠰᠦ᠋ᠮ᠎ᠡ ᠨᠢ ᠰᠠᠨᠰᠺᠷᠢᠲ ᠰᠦᠮ᠎ᠡ᠂ ᠭᠤᠸᠠᠩ ᠶᠤᠸᠠᠢ ᠰᠧ ᠰᠦᠮ᠎ᠡ᠂ ᠭᠤᠸᠠᠩ ᠵᠢᠤᠸᠠᠢ ᠰᠧ ᠰᠦᠮ᠎ᠡ᠂ ᠬᠤᠩ ᠵᠢᠶ ᠰᠧ ᠰᠦᠮ᠎ᠡ᠂ ᠾᠦᠢ ᠲᠦᠩ ᠰᠧ ᠰᠦᠮ᠎ᠡ ᠵᠡᠷᠭᠡ ᠲᠠᠪᠤᠨ ᠶᠡᠭᠡ ᠳᠤᠭᠠᠩ ᠢᠶᠠᠷ ᠭᠤᠣᠯᠯᠠᠵᠤ᠂ ᠭᠡᠭᠡᠨ ᠨᠣᠶᠠᠨ᠂ ᠨᠢᠮ᠎ᠠ ᠣᠷᠳᠣᠨ᠂ ᠭᠡᠭᠡᠨ ᠣᠩᠭᠤᠨ ᠵᠡᠷᠭᠡ ᠪᠠᠭ᠎ᠠ ᠳᠤᠭᠠᠩ ᠲᠠᠢ ᠪᠠᠶᠢᠵᠤ᠂ ᠲᠤᠰ ᠬᠤᠰᠢᠭᠤᠨ ᠤ ᠲᠡᠦᠬᠡᠨ ᠳᠡᠭᠡᠷᠡᠬᠢ ᠬᠠᠮᠤᠭ ᠲᠣᠮᠣ ᠯᠠᠮᠠ ᠶᠢᠨ ᠰᠦᠮ᠎ᠡ ᠪᠣᠯᠤᠭᠰᠠᠨ ᠪᠠᠶᠢᠨ᠎ᠠ᠃ ᠡᠯ᠎ᠡ ᠬᠠᠷᠰᠢ ᠶᠢᠨ ᠳᠣᠲᠣᠷ᠎ᠠ ᠨᠢ ᠪᠦᠷ ᠤᠯᠠᠭᠠᠨ ᠰᠢᠷᠢᠡ ᠪᠠᠭᠠᠨ᠎ᠠ ᠲᠠᠢ᠂ ᠳᠡᠭᠡᠪᠦᠷ ᠨᠢ ᠡᠷᠲᠡᠨ ᠤ ᠰᠠᠯᠬᠢᠨ ᠯᠣᠣ ᠶᠢᠨ ᠵᠢᠷᠤᠭ ᠲᠠᠢ᠂ ᠭᠡᠷᠡᠯ ᠭᠢᠯᠪᠠᠭ᠎ᠠ ᠰᠠᠴᠤᠷᠠᠵᠤ᠂ ᠲᠥᠪ ᠶᠡᠬᠡᠮᠰᠦᠭ ᠪᠠᠶᠢᠳᠠᠭ᠃ ᠬᠠᠷᠰᠢ ᠲᠠᠩᠬᠢᠮ ᠢ ᠡᠮᠦᠨ᠎ᠡ ᠬᠤᠶᠢᠨ᠎ᠠ ᠬᠤᠶᠠᠷ ᠬᠡᠰᠡᠭ ᠲᠤ ᠬᠤᠪᠢᠶᠠᠳᠠᠭ᠃ ᠡᠮᠦᠨ᠎ᠡ ᠬᠡᠰᠡᠭ ᠨᠢ ᠳᠤᠭᠠᠩ ᠪᠠᠶᠢᠵᠤ᠂ ᠬᠤᠶᠠᠷ ᠲᠠᠯ᠎ᠠ ᠨᠢ ᠪᠦᠷ ᠡᠯ᠎ᠡ ᠵᠦᠢᠯ ᠤᠨ ᠰᠤᠳᠤᠷ ᠪᠠ ᠪᠤᠷᠬᠠᠨ ᠤ ᠬᠥᠷᠥᠭ᠂ ᠨᠣᠮ ᠤᠨ ᠬᠡᠷᠡᠭᠰᠡᠯ᠂ ᠰᠠᠪᠠ ᠰᠠᠭᠠᠯᠢ ᠶᠢ ᠳᠡᠯᠭᠡᠨ ᠦᠵᠡᠭᠦᠯᠵᠦ ᠪᠠᠶᠢᠳᠠᠭ᠃ ᠠᠷᠤ ᠲᠠᠯ᠎ᠠ ᠨᠢ ᠪᠤᠷᠬᠠᠨ ᠤ ᠰᠦᠮ᠎ᠡ ᠪᠣᠯᠤᠨ᠎ᠠ᠃ ᠡᠯ᠎ᠡ ᠳᠤᠭᠠᠩ ᠨᠢ ᠭᠤᠣᠯ ᠳᠡᠳ᠋ ᠤᠨ ᠢᠯᠭᠠᠭ᠎ᠠ ᠲᠠᠢ᠂ ᠱᠠᠰᠢᠨ ᠤ ᠪᠦᠯᠦᠭ ᠤᠨ ᠢᠯᠭᠠᠭ᠎ᠠ ᠲᠠᠢ᠂ ᠭᠤᠣᠯ ᠲᠠᠬᠢᠯᠭ᠎ᠠ ᠪᠠ ᠭᠤᠣᠯ ᠤᠩᠰᠢᠯᠭ᠎ᠠ ᠶᠢᠨ ᠪᠤᠳᠢ ᠨᠢ ᠴᠦ ᠠᠳᠠᠯᠢ ᠦᠭᠡᠢ ᠪᠠᠶᠢᠳᠠᠭ᠃                               ︵ᠦᠷᠬᠦᠯᠵᠢᠯᠡᠯ ᠪᠤᠢ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号