ᠤᠢᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠨᠠᠢᠮᠠᠳᠤᠭᠠᠷ ᠪᠦᠯᠦᠭ ᠪᠦᠬᠦ ᠤᠯᠤᠰ ᠤᠨ | ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢᠨ ᠨᠡᠷᠡᠰ ᠢ ᠨᠡᠶᠢᠲᠡᠯᠡᠵᠦ᠂ | ᠲᠡᠭᠦᠨ ᠤ ᠲᠤᠳᠤᠷ᠎ᠠ ᠪᠤᠭᠤᠳᠤ ᠬᠤᠲᠠ ᠶᠢᠨ ᠬᠦᠨᠳᠡᠯᠡᠨ ᠰᠦᠮ᠎ᠠ ᠪᠠᠭᠲᠠᠭᠰᠠᠨ ᠪᠠᠶᠢᠨ᠎ᠠ᠃ | ᠬᠦᠨᠳᠡᠯᠡᠨ ᠰᠦᠮ᠎ᠠ ᠶᠢ ᠪᠠᠰᠠ ︽ᠨᠤᠮ ᠤᠨ ᠪᠠᠶᠠᠰᠬᠤᠯᠠᠩᠲᠤ ᠰᠦᠮ᠎ᠠ︾ ᠭᠡᠳᠡᠭ᠂ ᠲᠡᠷᠡ ᠨᠢ ᠪᠤᠭᠤᠳᠤ | ᠬᠤᠲᠠ ᠶᠢᠨ ᠬᠦᠨᠳᠡᠯᠡᠨ ᠲᠤᠭᠤᠷᠢᠭ ᠤᠨ ᠬᠤᠶᠢᠲᠤ ᠲᠡᠭᠦᠷᠭᠡ ᠳᠤ ᠪᠠᠶᠢᠷᠢᠰᠢᠵᠦ᠂ ᠤᠤᠯ ᠤᠨ ᠤᠯᠠᠭᠠᠨᠴᠠᠪ ᠤᠨ | ᠴᠢᠭᠤᠯᠭᠠᠨ ᠤ ᠤᠷᠠᠳ ᠤᠨ ᠳᠤᠮᠳᠠᠳᠤ ᠭᠦᠡᠭ ᠤᠨ ᠬᠤᠰᠢᠭᠤᠨ ᠤ ᠬᠤᠰᠢᠭᠤ ᠰᠦᠮ᠎ᠠ ᠪᠤᠯᠤᠨ᠎ᠠ᠃ | ᠲᠤᠰ ᠰᠦᠮ᠎ᠠ ᠨᠢ ᠨᠠᠶᠢᠷᠠᠯᠲᠤ ᠲᠦᠪ ᠤᠨ ᠲᠤᠯᠤᠳᠤᠭᠠᠷ ᠤᠨ ︵1729 ᠤᠨ︶ ᠳᠤ ᠪᠠᠶᠢᠭᠤᠯᠤᠭᠳᠠᠵᠦ᠂ | ᠤᠳᠤ ᠪᠤᠯᠲᠠᠯ᠎ᠠ ᠭᠤᠷᠪᠠᠨ ᠵᠠᠭᠤ ᠰᠢᠬᠠᠮ ᠵᠢᠯ ᠤᠨ ᠨᠢᠭᠤᠷ ᠦᠵᠡᠵᠦ ᠪᠤᠢ᠃ ᠲᠡᠤᠬᠡᠨ ᠳᠡᠭᠡᠷ᠎ᠠ ᠬᠦᠨᠳᠡᠯᠡᠨ | ᠰᠦᠮ᠎ᠠ ᠳᠤ ᠵᠡᠭᠦᠨ ᠪᠠᠷᠠᠭᠤᠨ ᠭᠡᠬᠦ ᠬᠤᠶᠠᠷ ᠭᠡᠭᠡᠨ ᠲᠠᠢ ᠪᠠᠶᠢᠵᠦ᠂ ᠡᠨ᠋ᠨ ᠲᠠᠯ᠎ᠠ ᠪᠠᠷ ᠰᠢᠷ᠎ᠠ ᠶᠢᠨ ᠱᠠᠰᠢᠨ ᠤ ᠪᠤᠰᠤᠳ | ᠰᠦᠮ᠎ᠠ ᠭᠡᠶᠢᠳ ᠠᠴᠠ ᠤᠨᠴᠠᠯᠢᠭᠳᠠᠵᠦ ᠪᠠᠶᠢᠳᠠᠭ᠃ | ᠬᠦᠨᠳᠡᠯᠡᠨ ᠰᠦᠮ᠎ᠠ ᠶᠢᠨ ᠬᠠᠮᠤᠭ ᠤᠨ ᠲᠤᠮᠤ ᠪᠠᠷᠢᠯᠭ᠎ᠠ ᠪᠤᠯ ᠤᠳᠤ ᠶᠢᠨ ᠦᠯᠡᠳᠡᠵᠦ ᠪᠠᠶᠢᠭ᠎ᠠ 1161 ᠳᠡᠭᠰᠢ | ᠳᠦᠷᠪᠡᠯᠵᠢᠨ ᠮᠧᠲᠷ ᠲᠠᠯᠠᠪᠠᠢ ᠪᠦᠬᠦᠢ ᠴᠤᠭᠴᠢᠨ ᠳᠤᠭᠠᠡᠭ ᠪᠤᠯᠤᠨ᠎ᠠ᠃ ᠡᠭᠦᠨ ᠠᠴᠠ ᠭᠠᠳᠠᠨ᠎ᠠ᠂ ᠪᠠᠰᠠ | ᠮᠠᠬᠠᠷᠠᠨᠽᠠ ᠶᠢᠨ ᠳᠤᠭᠠᠡᠭ᠂ ᠵᠡᠭᠦᠨ ᠪᠠᠷᠠᠭᠤᠨ ᠭᠡᠭᠡᠨ ᠤ ᠤᠷᠳᠤᠨ᠂ ᠪᠢᠴᠢᠬᠠᠨ ᠰᠢᠷ᠎ᠠ ᠰᠦᠮ᠎ᠠ᠂ ᠨᠤᠭᠤᠭᠠᠨ ᠳ᠋ᠠᠷ᠎ᠠ | ᠡᠬᠡ ᠶᠢᠨ ᠳᠤᠭᠠᠡᠭ᠂ ᠬᠤᠷᠯᠤ ᠶᠢᠨ ᠳᠤᠭᠠᠡᠭ ᠵᠡᠷᠭᠡ ᠰᠦᠮ᠎ᠠ ᠳᠤᠭᠠᠡᠭ ᠤᠳ ᠲᠠᠢ ᠪᠠᠶᠢᠵᠦ᠂ ᠨᠡᠯᠢᠶᠡᠳ ᠶᠡᠭᠡ | ᠬᠡᠪᠴᠢᠶᠡᠨ ᠤ ᠲᠦᠪᠡᠳ ᠮᠠᠶ᠋ᠢᠭ ᠤᠨ ᠪᠠᠷᠢᠯᠭ᠎ᠠ ᠶᠢᠨ ᠪᠦᠭᠡᠮᠨᠡᠷᠡᠯ ᠢ ᠪᠦᠷᠢᠯᠳᠦᠭᠦᠯᠦᠭᠰᠡᠨ ᠪᠠᠶᠢᠨ᠎ᠠ᠃ | 2006 ᠣᠨ ᠳᠤ ᠲᠤᠰ ᠰᠦᠮ᠎ᠠ ᠳᠦᠷᠪᠡᠳᠦᠭᠡᠷ ᠪᠦᠯᠦᠭ ᠦᠪᠡᠷᠲᠡᠭᠡᠨ ᠵᠠᠰᠠᠬᠤ ᠤᠷᠤᠨ ᠤ | ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠪᠤᠯᠤᠭᠰᠠᠨ ᠪᠠᠶᠢᠨ᠎ᠠ᠃ | ︵︽ᠦᠪᠦᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ︾ ᠠᠴᠠ ᠰᠢᠯᠵᠢᠭᠦᠯᠪᠡ︶ |