ᠮᠤᠩᠭᠤᠯ ᠮᠤᠷᠢᠨ ᠤ ᠵᠤᠷᠢᠭ ᠰᠠᠨᠠᠭ᠎ᠠ ᠶᠢ ᠢᠮᠠᠬᠳᠠ ᠬᠦᠭᠵᠢᠭᠡᠨ ᠪᠠᠳᠠᠷᠠᠭᠤᠯᠰᠣᠭᠠᠢ
ᠨᠡᠶᠢᠲᠡᠯᠡᠭᠰᠡᠨ ᠴᠠᠭ᠄
2020-05-13
                    ᠦᠪᠦᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ       ︽ᠵᠤᠪᠠᠯ ᠵᠦᠳᠡᠭᠦᠷᠢ ᠶᠢ ᠲᠡᠰᠪᠦᠷᠢᠯᠡᠨ᠂ ᠴᠤᠴᠠᠯᠳᠠ ᠦᠭᠡᠢ ᠤᠷᠤᠬᠰᠢᠯᠠᠵᠤ᠂ ᠵᠤᠷᠢᠬᠰᠡᠨ ᠳᠠᠭᠠᠨ ᠵᠠᠪᠡᠯ ᠬᠦᠷᠬᠦ︾ ᠮᠤᠩᠭᠤᠯ ᠮᠤᠷᠢᠨ ᠤ ᠵᠤᠷᠢᠭ ᠰᠠᠨᠠᠭ᠎ᠠ ᠪᠤᠯ ᠳᠤᠮᠳᠠᠳᠤ ᠶᠢᠨ ᠦᠨᠳᠦᠰᠦᠳᠡᠨ ᠤ ᠬᠤᠪᠤᠷ ᠨᠠᠨᠳᠢᠨ ᠵᠤᠷᠢᠭ ᠰᠠᠨᠠᠭᠠᠨ ᠤ ᠦᠪ ᠬᠦᠷᠦᠩᠭᠡ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠲᠡᠮᠡᠴᠡᠯ ᠤᠨ ᠵᠤᠷᠢᠭ ᠰᠠᠨᠠᠭ᠎ᠠ ᠶᠢᠨ ᠥᠪᠦᠷ ᠮᠤᠩᠭᠤᠯ ᠳᠠᠬᠢ ᠪᠤᠳᠠᠳᠠᠢ ᠢᠯᠡᠷᠡᠯ ᠮᠦᠨ᠃ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠨᠢ ᠪᠦᠬᠦ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠬᠤ᠂ ᠡᠷᠡᠮᠡᠭᠡᠶᠢᠯᠡᠨ ᠲᠠᠪᠰᠢᠬᠤ ᠶᠢ ᠵᠤᠷᠢᠬᠵᠢᠭᠤᠯᠵᠦ᠂ ᠮᠠᠨ ᠤ ᠤᠷᠤᠨ ᠤ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯ ᠴᠡᠴᠡᠭᠯᠡᠯ ᠢ ᠬᠦᠴᠦᠯᠡᠨ ᠠᠬᠢᠭᠤᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃       ᠠᠷᠭᠤᠮᠠᠭ ᠬᠦᠯᠦᠭ ᠤᠨ ᠴᠢᠳᠠᠪᠤᠷᠢ ᠨᠢ ᠬᠦᠴᠦᠨ ᠴᠢᠳᠠᠯ ᠳᠤ ᠪᠤᠢ᠂ ᠬᠦᠮᠦᠨ ᠤ ᠬᠦᠴᠦᠨ ᠴᠢᠳᠠᠯ ᠨᠢ ᠡᠷᠴᠢ ᠵᠤᠷᠢᠭ ᠲᠤ ᠪᠤᠢ᠃ ᠬᠤᠪᠢᠰᠬᠠᠯ ᠤᠨ ᠲᠠᠶᠢᠨ ᠤ ᠴᠠᠭ ᠦᠶ᠎ᠠ ᠳᠤ ᠴᠦ ᠭᠡᠰᠡᠨ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠳᠠ ᠶᠢᠨ ᠴᠠᠭ ᠦᠶ᠎ᠠ ᠳᠤ ᠴᠦ ᠭᠡᠰᠡᠨ᠂ ᠡᠰᠡᠬᠦᠯ᠎ᠠ ᠦᠭᠡᠷᠡᠴᠢᠯᠡᠯᠳᠠ ᠨᠡᠭᠡᠭᠡᠯᠳᠠ ᠶᠢᠨ ᠴᠠᠭ ᠦᠶ᠎ᠠ ᠳᠤ ᠴᠦ ᠭᠡᠰᠡᠨ᠂ ᠶᠠᠮᠠᠷᠪᠠ ᠬᠦᠴᠢᠷ ᠵᠤᠪᠠᠯᠠᠩ ᠳᠤ ᠤᠴᠠᠷᠠᠵᠦ ᠪᠠᠶᠢᠬᠰᠠᠨ ᠴᠦ᠂ ᠭᠡᠳᠦᠢ ᠶᠡᠭᠡ ᠵᠤᠪᠠᠭᠤᠷᠢ ᠵᠦᠳᠡᠬᠦᠷᠢ ᠶᠢ ᠲᠤᠭᠤᠯᠵᠦ ᠪᠠᠶᠢᠬᠰᠠᠨ ᠴᠦ᠂ ᠮᠤᠩᠭᠤᠯ ᠮᠤᠷᠢᠨ ᠤ ᠵᠤᠷᠢᠭ ᠰᠠᠨᠠᠭ᠎ᠠ ᠨᠢ ᠢᠮᠠᠬᠳᠠ ᠲᠠᠯ᠎ᠠ ᠨᠤᠳᠤᠭ ᠤᠨ ᠬᠦᠪᠡᠬᠦᠳ ᠦᠬᠢᠳ ᠤᠨ ᠭᠡᠷ ᠤᠷᠤᠨ ᠤ ᠪᠠᠨ ᠲᠦᠯᠦᠭᠡ᠂ ᠡᠭᠡ ᠤᠯᠤᠰ ᠤᠨ ᠢᠶᠠᠨ ᠬᠦᠭᠵᠢᠯ ᠪᠠᠳᠠᠷᠠᠯ ᠤᠨ ᠲᠦᠯᠦᠭᠡ ᠴᠤᠴᠠᠰᠢ ᠦᠭᠡᠢ ᠲᠡᠮᠡᠴᠡᠵᠦ᠂ ᠵᠡᠮ ᠨᠡᠭᠡᠭᠡᠨ ᠡᠷᠡᠯᠭᠡᠭᠯᠡᠨ ᠤᠷᠤᠬᠰᠢᠯᠠᠬᠤ ᠶᠢ ᠵᠤᠷᠢᠬᠵᠢᠭᠤᠯᠬᠤ ᠠᠭᠤᠤ ᠶᠡᠭᠡ ᠵᠤᠷᠢᠭ ᠰᠠᠨᠠᠭᠠᠨ ᠤ ᠬᠦᠴᠦᠨ ᠪᠤᠯᠬᠤ ᠶᠤᠮ᠃ ᠶᠠᠪᠤᠵᠥ ᠦᠩᠬᠡᠷᠡᠭᠰᠡᠡ ᠵᠠᠮ ᠢᠶᠠᠨ ᠡᠷᠬᠢᠴᠡᠬᠦᠯᠬᠦᠶ᠎ᠡ᠂ ᠮᠤᠩᠭᠤᠯ ᠮᠤᠷᠢᠨ ᠤ ᠵᠤᠷᠢᠭ ᠰᠠᠨᠠᠭ᠎ᠠ ᠬᠡᠬᠦ ᠡᠨᠡ ᠬᠦ ᠴᠦᠬᠦᠷᠡᠰᠢ ᠦᠬᠡᠢ ᠲᠡᠮᠡᠴᠡᠬᠦ ᠵᠤᠷᠢᠭ᠂ ᠨᠤᠭᠤᠷᠠᠰᠢ ᠦᠬᠡᠢ ᠬᠦᠴᠦᠨ᠂ ᠬᠠᠯᠠᠰᠢᠷᠠᠯ ᠦᠬᠡᠢ ᠪᠠᠶᠢᠬᠤ ᠤᠶᠠᠨ ᠬᠠᠳᠠᠨ ᠴᠢᠨᠠᠷ ᠲᠤ ᠲᠦᠰᠢᠭᠯᠡᠨ᠂ ᠦᠪᠤᠷ ᠮᠤᠩᠭᠤᠯ ᠡᠷᠬᠢᠯᠡᠨ ᠬᠢᠬᠦᠰᠢᠳᠠᠢ ᠠᠵᠢᠯ ᠦᠢᠯᠡᠰ ᠠᠯᠢ ᠤᠯᠠᠨ ᠪᠠᠶᠢᠬᠰᠠᠠ ᠠᠴᠠ ᠦᠨᠦᠳᠦᠷ ᠤᠨ ᠴᠡᠬᠡᠵᠢ ᠲᠡᠨᠢᠢᠨ ᠲᠤᠮᠤ ᠠᠯᠬᠤᠮ ᠢᠶᠠᠷ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠᠷ ᠲᠡᠮᠡᠴᠡᠵᠥ ᠪᠠᠶᠢᠬᠤ ᠬᠦᠷᠳᠡᠯ᠎ᠡ᠂ ᠴᠠᠭ ᠦᠶ᠎ᠡ ᠶᠢᠨ ᠬᠤᠪᠢᠰᠤᠯᠳᠠ ᠶᠢᠨ ᠤᠷᠤᠰᠬᠠᠯ ᠤᠨ ᠲᠤᠮᠳᠠ ᠪᠡᠷᠬᠡ ᠪᠠᠷᠳᠠᠭ᠎ᠠ ᠶᠢ ᠲᠤᠭᠤᠯᠤᠨ ᠪᠠᠭᠠᠳᠤᠷᠯᠢᠭ ᠢᠶᠠᠷ ᠤᠷᠤᠭᠰᠢᠯᠠᠵᠥ᠂ ᠬᠦᠴᠢᠷ ᠪᠡᠷᠭᠡᠰᠢᠶᠠᠯ ᠢ ᠢᠯᠠᠨ ᠲᠠᠪᠠᠵᠥ᠂ ᠠᠵᠥ ᠠᠬᠤᠢ ᠨᠡᠶᠢᠬᠡᠮ ᠤᠨ ᠲᠠᠪᠠᠯᠳᠠᠳᠤ ᠬᠦᠭᠵᠢᠯᠳᠡ ᠶᠢ ᠪᠡᠶᠡᠯᠡᠬᠦᠯᠪᠡ᠃       ︽ᠤᠯᠤᠰ ᠢᠶᠠᠨ ᠪᠦᠳᠦᠬᠡᠨ ᠪᠠᠶᠢᠭᠤᠯᠬᠤ ᠳᠤ ᠲᠦᠮᠡᠨ ᠠᠬᠳᠠ ᠲᠠᠪᠬᠢᠯᠳᠤᠬᠤ ᠰᠢᠭ᠋ ᠰᠦᠷ ᠬᠦᠴᠦᠨ ᠴᠢᠬᠤᠯᠠᠳᠠᠢ᠂ ᠬᠦᠭᠵᠢᠯᠳᠡ ᠶᠢ ᠠᠬᠢᠭᠤᠯᠬᠤ ᠳᠤ ᠬᠤᠷᠳᠤᠨ ᠮᠤᠷᠢᠨ ᠳᠤ ᠲᠠᠰᠢᠭᠤᠷ ᠲᠠᠯᠪᠢᠬᠤ ᠴᠢᠬᠤᠯᠠᠳᠠᠢ᠂ ᠵᠠᠮ ᠨᠡᠬᠡᠬᠡᠨ ᠰᠢᠨ᠎ᠡ ᠶᠢ ᠡᠬᠦᠳᠬᠦ ᠳᠤ ᠵᠠᠪᠳᠤᠨ ᠠᠵᠢᠯᠯᠠᠬᠤ ᠰᠦᠰᠦ ᠵᠤᠷᠢᠭ ᠴᠢᠬᠤᠯᠠᠳᠠᠢ︾᠂ ᠴᠤᠭ ᠪᠠᠳᠠᠷᠠᠩᠭᠤᠢ ᠪᠠᠶᠢᠳᠠᠯ ᠢᠶᠠᠷ ᠠᠤᠭ᠎ᠠ ᠬᠠᠷᠠᠯᠳᠡ ᠲᠠᠶᠢᠰᠢ ᠤᠷᠤᠭᠰᠢᠯᠠᠬᠤ ᠶᠠᠪᠤᠴᠠ ᠳᠤ᠂ ᠮᠤᠩᠭᠤᠯ ᠮᠤᠷᠢᠨ ᠤ ᠵᠤᠷᠢᠭ ᠰᠠᠨᠠᠭ᠎ᠠ ᠨᠢ ᠲᠠᠯ᠎ᠠ ᠨᠤᠳᠤᠭ ᠤᠨ ᠬᠦᠪᠡᠬᠦᠳ ᠦᠬᠢᠳ ᠤᠨ ᠲᠠᠰᠪᠤᠷᠢ ᠬᠠᠳᠠᠭᠤᠵᠢᠯᠳᠠᠢ ᠲᠡᠮᠡᠴᠡᠳᠡᠭ ᠰᠢᠯᠢᠳᠡᠭ ᠤᠯᠠᠮᠵᠢᠯᠠᠯ ᠢ ᠵᠠᠯᠭᠠᠮᠵᠢᠯᠠᠬᠰᠠᠠ ᠰᠠᠭᠤᠷᠢᠨ ᠲᠡᠬᠡᠷ᠎ᠡ᠂ ᠦᠬᠡᠷᠡᠴᠢᠯᠡᠯᠳᠡ ᠬᠢᠵᠥ ᠰᠢᠨ᠎ᠡ ᠶᠢ ᠡᠬᠦᠳᠬᠦ᠂ ᠡᠷᠴᠢ ᠬᠦᠪᠴᠢᠯᠡᠨ ᠬᠦᠭᠵᠢᠬᠦ ᠴᠠᠭ ᠦᠶ᠎ᠡ ᠶᠢᠨ ᠵᠤᠷᠢᠭ ᠰᠠᠨᠠᠭ᠎ᠠ ᠲᠠᠢ ᠨᠢᠬᠳᠠ ᠤᠶᠠᠯᠳᠤᠵᠥ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠴᠢᠰᠤ ᠮᠢᠬᠠᠨ ᠳᠤ ᠠᠭᠤᠰᠴᠦ᠂ ᠪᠢᠳᠡᠨ ᠤ ᠠᠵᠥ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠪᠠᠨ ᠲᠦᠷᠬᠡᠨ ᠬᠤᠪᠢᠷᠠᠭᠤᠯᠬᠤ᠂ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠬᠦᠯᠬᠦ ᠬᠦᠴᠦᠷᠬᠡᠭ ᠶᠡᠭᠡ ᠤᠶᠤᠨ ᠰᠠᠨᠠᠭᠠᠨ ᠤ ᠬᠦᠳᠡᠯᠬᠡᠬᠦ ᠬᠦᠴᠦᠨ ᠪᠤᠯᠤᠬᠰᠠᠠ ᠪᠠᠶᠢᠨ᠎ᠠ᠃ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠨᠢ ᠦᠨᠳᠤᠰᠤᠳᠡᠨ ᠤ ᠰᠢᠯᠢᠳᠡᠭ ᠰᠤᠶᠤᠯ ᠢ ᠤᠯᠠᠮᠵᠢᠯᠠᠨ ᠬᠦᠭᠵᠢᠬᠦᠯᠬᠦ ᠳᠤ ᠴᠢᠬᠤᠯᠠ ᠴᠠᠭ ᠦᠶ᠎ᠡ ᠶᠢᠨ ᠠᠴᠢ ᠬᠤᠯᠪᠤᠬᠳᠠᠯ ᠲᠠᠢ᠂ ᠪᠦᠬᠦ ᠤᠷᠤᠨ ᠤ ᠦᠨᠳᠤᠰᠤᠳᠡᠨ  ᠨᠦᠭᠦᠳ ᠤᠨ ᠠᠷᠠᠳ ᠲᠦᠮᠡᠨ ᠤ ᠬᠠᠮᠳᠤ ᠪᠠᠷ ᠪᠦᠯᠬᠦᠮᠳᠡᠨ ᠲᠠᠮᠠᠴᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠬᠦᠯᠵᠤ ᠂ ᠡᠭᠡ ᠤᠯᠤᠰ ᠤᠨ ᠬᠢᠯᠢ ᠬᠢᠵᠠᠭᠠᠷ ᠢ ᠬᠠᠮᠳᠤ ᠪᠠᠷ ᠰᠠᠬᠢᠵᠤ᠂ ᠰᠠᠶᠢᠨ ᠰᠠᠶᠢᠬᠠᠨ ᠠᠮᠢᠳᠤᠷᠠᠯ ᠢ ᠬᠠᠮᠳᠤ ᠪᠠᠷ ᠴᠤᠬᠴᠠᠯᠠᠵᠤ ᠴᠢᠳᠠᠨ᠎ᠡ᠃ ᠮᠤᠩᠭᠤᠯ ᠮᠤᠷᠢᠨ ᠤ ᠵᠤᠷᠢᠭ ᠰᠠᠨᠠᠭ᠎ᠠ ᠪᠤᠯ ᠴᠤᠴᠠᠯᠳᠠ ᠦᠭᠡᠢ ᠤᠷᠤᠬᠰᠢᠯᠠᠵᠤ᠂ ᠬᠦᠴᠤᠷᠭᠡᠭᠵᠢᠬᠦ ᠪᠠᠷ ᠬᠦᠴᠤᠯᠠᠨ ᠴᠢᠷᠮᠠᠶᠢᠬᠤ ᠰᠦᠰᠤ ᠵᠤᠷᠢᠭ ᠪᠤᠯᠤᠨ ᠰᠦᠷ ᠰᠦᠯᠳᠠ ᠪᠠᠶᠢᠵᠤ᠂ ᠪᠦᠬᠦ ᠤᠷᠤᠨ ᠤ ᠦᠨᠳᠤᠰᠤᠳᠡᠨ ᠨᠦᠭᠦᠳ ᠤᠨ ᠠᠷᠠᠳ ᠲᠦᠮᠡᠨ ᠤ ᠡᠷᠡᠮᠡᠭᠡᠶᠢᠯᠡᠨ ᠲᠡᠮᠡᠴᠡᠬᠦ ᠵᠤᠷᠢᠭ ᠰᠠᠨᠠᠭᠠᠨ ᠤ ᠬᠠᠮᠳᠤᠷᠠᠯ ᠬᠦᠴᠤᠨ ᠪᠤᠯᠤᠨ ᠪᠦᠯᠬᠦᠮᠳᠡᠨ ᠲᠠᠮᠠᠴᠡᠬᠦ ᠰᠦᠷ ᠲᠠᠯᠠᠶᠢᠴᠠᠳᠠᠢ ᠬᠦᠴᠤᠨ ᠴᠢᠳᠠᠯ ᠢ ᠨᠢᠬᠳᠠᠷᠠᠭᠤᠯᠵᠤ᠂ ᠠᠵᠤ ᠠᠬᠤᠢ ᠨᠡᠶᠢᠭᠡᠮ ᠤᠨ ᠨᠡᠩ ᠦᠨᠳᠤᠷ ᠲᠦᠪᠰᠢᠨ᠂ ᠨᠡᠩ ᠦᠨᠳᠤᠷ ᠶᠠᠰᠤ ᠴᠢᠨᠠᠷ ᠪᠦᠬᠦᠢ ᠬᠦᠭᠵᠢᠯᠳᠠ ᠶᠢ ᠠᠬᠢᠭᠤᠯᠵᠤ ᠴᠢᠳᠠᠨ᠎ᠡ᠃       ᠠᠷᠭᠤᠮᠠᠭ ᠬᠦᠯᠦᠭ ᠨᠢᠭᠡ ᠬᠠᠷᠠᠶᠢᠬᠰᠡᠨ ᠴᠤ ᠠᠷᠪᠡᠨ ᠠᠯᠬᠤᠮ ᠬᠤᠷᠤᠭᠠᠵᠤ ᠲᠠᠶᠢᠯᠬᠦ ᠦᠭᠡᠢ︔ ᠬᠠᠱᠠᠩ ᠮᠤᠷᠢ ᠤᠳᠠᠭᠠᠨ ᠪᠤᠯᠪᠠᠴᠤ ᠵᠤᠬᠰᠤᠯᠳᠠ ᠦᠭᠡᠢ ᠶᠠᠪᠤᠪᠠᠰᠤ ᠠᠯᠤᠰ ᠵᠤᠷᠴᠢᠵᠤ ᠴᠢᠳᠠᠮᠤᠢ᠃ ᠤᠳᠤᠬᠠᠨ ᠳᠤ᠂ ᠦᠪᠤᠷ ᠮᠤᠩᠭᠤᠯ ᠶᠠᠭ ᠬᠦᠭᠵᠢᠯᠳᠠ ᠶᠢᠨ ᠵᠠᠩᠭᠢᠯᠠᠭ᠎ᠠ ᠶᠢᠨ ᠬᠤᠭᠤᠴᠠᠭ᠎ᠠ᠂ ᠦᠭᠡᠷᠡᠴᠢᠯᠡᠯᠳᠡ ᠶᠢᠨ ᠪᠤᠭᠤᠮᠳᠠ ᠰᠢᠪᠳᠤᠯᠬᠤ ᠬᠤᠭᠤᠴᠠᠭ᠎ᠠ᠂ ᠵᠦᠷᠢᠴᠠᠯ ᠤᠨ ᠲᠤᠪᠤᠶᠢᠮ᠎ᠡ ᠬᠤᠭᠤᠴᠠᠭᠠᠨ ᠳᠤ ᠤᠷᠤᠰᠢᠵᠤ᠂ ᠤᠷᠤᠬᠰᠢᠯᠠᠬᠤ ᠲᠤᠳᠤᠮ ᠬᠦᠴᠢᠷᠳᠡᠢ᠂ ᠤᠷᠤᠬᠰᠢᠯᠠᠬᠤ ᠲᠤᠳᠤᠮ ᠠᠶᠤᠯ ᠲᠦᠭᠰᠢᠬᠦᠷᠢ ᠲᠠᠢ ᠪᠦᠭᠡᠳ ᠤᠷᠤᠬᠰᠢᠯᠠᠬᠤ ᠦᠭᠡᠢ ᠪᠤᠯ ᠤᠬᠤᠷᠢᠵᠤ᠂ ᠤᠷᠤᠬᠰᠢᠯᠠᠬᠤ ᠦᠭᠡᠢ ᠪᠤᠯᠬᠤ ᠦᠭᠡᠢ ᠦᠶ᠎ᠡ ᠪᠤᠯᠤᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠢ ᠬᠦᠭᠵᠢᠬᠦᠯᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠭᠡᠯ ᠢ ᠪᠠᠬᠢᠵᠢᠬᠦᠯᠬᠦ᠂ ᠲᠤᠬᠳᠠᠬᠰᠡᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠬᠤ ᠨᠢ ᠪᠢᠳᠠᠨ ᠤ ᠴᠢᠳᠠᠪᠤᠷᠢ ᠪᠤᠯᠤᠨ ᠲᠠᠰᠪᠤᠷᠢ ᠶᠢ ᠰᠢᠯᠭᠠᠵᠤ ᠪᠠᠶᠢᠳᠠᠭ᠃ ᠬᠦᠭᠵᠢᠯᠳᠠ ᠶᠢᠨ ᠶᠠᠪᠤᠴᠠ ᠳᠠᠬᠢ ᠵᠦᠷᠢᠴᠡᠯ ᠪᠤᠯᠤᠨ ᠦᠷᠢᠰᠤᠯᠳᠤᠬᠡᠨ ᠢ ᠠᠷᠭᠠᠴᠠᠭᠠᠬᠤ᠂ ᠤᠷᠤᠬᠰᠢᠯᠠᠯᠳᠠ ᠶᠢᠨ ᠵᠠᠮ ᠳᠠᠬᠢ ᠬᠦᠴᠢᠷᠳᠡᠯ ᠪᠤᠯᠤᠨ ᠠᠶᠤᠯ ᠲᠦᠭᠰᠢᠬᠦᠷᠢ ᠶᠢ ᠰᠢᠢᠳᠪᠤᠷᠢᠯᠡᠬᠦ᠂ ᠴᠢᠨᠡᠷ ᠰᠠᠶᠢᠳᠠᠢ ᠬᠦᠭᠵᠢᠯᠳᠠ ᠶᠢᠨ ᠰᠢᠨ᠎ᠠ ᠲᠠᠪᠠᠯᠳᠠ ᠶᠢ ᠪᠡᠶᠡᠯᠡᠬᠦᠯᠬᠦ ᠳᠤ᠂ ᠮᠠᠨ ᠤ ᠤᠶᠤᠨ ᠤᠬᠠᠭᠠᠨ ᠪᠤᠯᠤᠨ ᠰᠦᠰᠤ ᠵᠤᠷᠢᠬ ᠢ ᠰᠢᠯᠭᠠᠵᠤ ᠪᠠᠶᠢᠨ᠎ᠠ᠃ ᠲᠠᠷᠤᠭᠠᠰᠤ ᠤᠯᠠᠮ ᠨᠡᠮᠡᠭᠳᠡᠵᠤ᠂ ᠡᠬᠦᠷᠬᠡ ᠤᠯᠠᠮ ᠬᠦᠨᠳᠤᠷᠡᠬᠦ ᠵᠠᠩᠬᠢᠯᠠᠭ᠎ᠠ ᠶᠢᠨ ᠴᠠᠬ ᠮᠦᠴᠠ ᠳᠤ᠂ ᠨᠡᠩ ᠢᠯᠡᠬᠦᠦ ᠮᠤᠩᠭᠤᠯ ᠮᠤᠷᠢᠨ ᠤ ᠵᠤᠷᠢᠬ ᠰᠠᠨᠠᠭ᠎ᠠ ᠪᠠᠨ ᠪᠠᠳᠠᠷᠠᠭᠤᠯᠵᠤ᠂ ᠦᠨᠢᠳᠠ ᠦᠯᠤ ᠠᠯᠮᠠᠶᠢᠷᠠᠬᠤ ᠤᠶᠤᠨ ᠤᠬᠠᠭᠠᠨ ᠤ ᠲᠦᠷᠢ ᠪᠠᠶᠢᠳᠠᠯ ᠪᠤᠯᠤᠨ ᠴᠤᠴᠠᠯᠳᠠ ᠦᠬᠡᠢ ᠤᠷᠤᠬᠰᠢᠯᠠᠬᠤ ᠲᠡᠮᠡᠴᠡᠯ ᠤᠨ ᠲᠦᠷᠢ ᠪᠠᠶᠢᠳᠠᠯ ᠢᠶᠠᠷ᠂ ᠤᠷᠤᠬᠰᠢᠯᠠᠯᠳᠠ ᠶᠢᠨ ᠠᠶᠠᠨ ᠳᠤ ᠮᠡᠷᠡᠶᠢᠨ ᠲᠡᠮᠡᠴᠡᠵᠤ᠂ ᠲᠠᠬᠢᠨ ᠠᠮᠵᠢᠯᠳᠠ ᠪᠦᠳᠤᠬᠡᠬᠦ ᠭᠡᠷᠡᠭᠳᠠᠢ᠃       ᠲᠤᠭᠤᠷᠠᠢ ᠡᠷᠬᠦᠨ ᠲᠠᠪᠢᠬᠤᠶ᠎ᠠ ᠮᠢᠩᠭᠠᠳ ᠠᠳᠤᠭᠤᠳ ᠳᠠᠭᠠᠵᠦ᠂ ᠲᠡᠷᠢᠬᠦᠨ ᠡᠷᠬᠦᠨ ᠦᠦᠷᠰᠡᠬᠦᠶ᠎ᠠ ᠲᠦᠮᠡᠨ ᠠᠭᠤᠯᠠᠰ ᠴᠤᠤᠷᠢᠶᠠᠳᠤᠮᠤᠢ᠃ ᠰᠢᠨ᠎ᠠ ᠴᠠᠬ ᠦᠶ᠎ᠠ ᠳᠤ ᠰᠢᠨ᠎ᠠ ᠬᠢᠳᠡᠯ ᠢ ᠭᠠᠶᠢᠬᠠᠭᠤᠯᠵᠤ᠂ ᠰᠢᠨ᠎ᠠ ᠠᠮᠵᠢᠯᠳᠠ ᠪᠦᠳᠤᠮᠵᠢ ᠤᠯᠵᠤ᠂ ᠰᠢᠨ᠎ᠠ ᠪᠠᠶᠢᠳᠠᠯ ᠢ ᠨᠡᠭᠡᠭᠡᠨ ᠡᠬᠦᠳᠬᠦ ᠳᠤ᠂ ᠪᠢᠳᠡᠡ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠬᠤ ᠶᠢ ᠦᠬᠡᠷᠡᠴᠢᠯᠠᠯᠳᠠ ᠬᠦᠭᠵᠢᠯᠳᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠡᠯ᠎ᠠ ᠬᠦᠷᠢᠶᠠᠨ ᠳᠤ ᠠᠭᠤᠰᠤᠯᠴᠠᠭᠤᠯᠵᠤ᠂ ᠠᠵᠢᠯ ᠬᠢᠵᠤ ᠤᠢᠢᠯᠡᠰ ᠪᠤᠰᠬᠠᠬᠤ ᠡᠷᠴᠢ ᠵᠤᠷᠢᠬ ᠪᠤᠯᠤᠨ ᠬᠦᠴᠤᠨ ᠴᠢᠳᠠᠯ ᠢᠶᠠᠨ ᠴᠢᠨᠠᠬᠰᠢᠳᠠ ᠬᠦᠭᠵᠢᠬᠡᠵᠤ᠂ ᠬᠤᠷᠳᠤᠨ ᠮᠤᠷᠢᠨ ᠳᠤ ᠲᠠᠰᠢᠭᠤᠷ ᠨᠡᠮᠡᠨ᠂ ᠵᠤᠷᠢᠬᠰᠠᠨ ᠭᠠᠵᠠᠷ ᠲᠠᠭᠠᠨ ᠵᠤᠬᠰᠤᠯ ᠦᠬᠡᠢ ᠪᠠᠷ ᠲᠡᠪᠬᠢᠵᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠦᠪᠤᠷ ᠮᠤᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠭᠡᠷᠡᠭᠳᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号