ᠮᠣᠩᠭᠤᠯ ᠮᠣᠷᠢᠨ ᠤ ᠵᠣᠷᠢᠭ ᠰᠠᠨᠠᠭᠠᠨ ᠤ ᠳᠤᠲᠤᠭᠠᠳᠤ ᠠᠭᠤᠯᠣᠭᠳᠠᠬᠤᠨ ᠢ ᠭᠦᠨᠵᠡᠭᠡᠶ ᠤᠢᠢᠯᠠᠭᠠᠬᠤᠢ
ᠨᠡᠶᠢᠲᠡᠯᠡᠭᠰᠡᠨ ᠴᠠᠭ᠄
2020-05-13
                   ᠦᠪᠦᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ      ᠮᠣᠩᠭᠤᠯ ᠦᠨᠳᠦᠰᠦᠲᠡᠨ ᠤ ᠪᠠᠭᠠᠲᠤᠷᠯᠢᠭ ᠲᠤᠤᠯᠢ ︽ᠵᠠᠩᠭᠠᠷ︾ ᠲᠤ ᠮᠤᠩᠭᠤᠯ ᠮᠤᠷᠢ ᠨᠢ ᠡᠷᠡᠯᠬᠡᠭᠯᠡᠨ ᠲᠡᠮᠡᠴᠡᠵᠦ ᠮᠤᠬᠤᠰᠢ ᠦᠭᠡᠢ ᠤᠷᠤᠭᠰᠢᠯᠠᠬᠤ ᠶᠢᠨ ᠪᠡᠯᠭᠡᠳᠡᠯ ᠪᠤᠯᠤᠨ ᠢᠯᠡᠷᠡᠭᠰᠡᠨ ᠪᠠᠶᠢᠳᠠᠭ︔ ᠥᠪᠥᠷ ᠮᠣᠩᠭᠤᠯ ᠤᠨ ᠲᠠᠯ᠎ᠠ ᠨᠤᠲᠤᠭ ᠲᠤ ᠪᠤᠯ ᠮᠣᠩᠭᠤᠯ ᠮᠣᠷᠢ ᠨᠢ ᠴᠤᠴᠠᠯᠲᠠ ᠦᠭᠡᠢ ᠤᠷᠤᠭᠰᠢᠯᠠᠨ ᠵᠤᠷᠢᠠᠠᠰᠡᠨ ᠳᠠᠭᠠᠨ ᠵᠠᠪᠡᠯ ᠬᠦᠷᠭᠦ ᠶᠢᠨ ᠲᠥᠯᠥᠭᠡᠯᠡᠯ ᠪᠤᠯᠵᠤ ᠪᠠᠶᠢᠳᠠᠭ ᠰᠠᠨ᠃ ᠮᠣᠩᠭᠤᠯ ᠮᠣᠷᠢᠨ ᠤ ᠰᠢᠯᠢᠳᠡᠭ ᠵᠠᠩ ᠴᠢᠨᠠᠷ ᠨᠢ ᠠᠯᠢ ᠬᠡᠳᠦ᠋ᠢᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠰᠡᠳᠬᠢᠯ ᠵᠢᠷᠦᠬᠡᠨ ᠳᠤ ᠬᠠᠳᠠᠩᠰᠢᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠮᠤᠬᠤᠰᠢ ᠦᠭᠡᠢ ᠤᠷᠤᠭᠰᠢᠯᠠᠬᠤ ᠤᠶᠤᠨ ᠰᠠᠨᠠᠭᠠᠨ ᠤ ᠬᠦᠳᠡᠯᠭᠡᠬᠦ ᠬᠦᠴᠦᠨ ᠪᠤᠯᠵᠠᠢ᠃      ᠬᠥᠮᠦᠨ ᠳᠤ ᠶᠡᠷᠦᠨᠢ ᠵᠣᠷᠢᠭ ᠰᠠᠨᠠᠭ᠎ᠠ ᠱᠠᠭᠠᠷᠳᠠᠭᠳᠠᠨ᠎ᠠ᠂ ᠨᠢᠭᠡ ᠤᠯᠤᠰ ᠪᠠ ᠦᠨᠳᠦᠰᠦᠲᠡᠨ ᠳᠤ ᠨᠡᠩ ᠴᠤ ᠡᠶᠢᠮᠦ ᠪᠠᠶᠢᠳᠠᠭ᠃ ᠰᠦᠷ ᠵᠢᠪᠬᠤᠭᠠᠲᠤ ᠣᠨ ᠵᠢᠯ ᠤᠳ ᠢ ᠡᠷᠭᠢᠴᠡᠭᠦᠯᠬᠦᠶ᠎ᠡ᠂ ᠦᠶ᠎ᠡ ᠦᠶ᠎ᠡ ᠶᠢᠨ ᠲᠠᠯ᠎ᠠ ᠨᠤᠲᠤᠭ ᠤᠨ ᠬᠥᠪᠡᠭᠦᠳ ᠥᠬᠢᠳ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠨ ᠬᠤᠪᠢᠷᠠᠭᠠᠵᠦ᠂ ᠥᠪᠥᠷ ᠮᠣᠩᠭᠤᠯ ᠤᠨ ᠡᠯ᠎ᠡ ᠲᠦᠷᠦᠯ ᠤᠨ ᠠᠵᠢᠯ ᠣᠶᠢᠯᠡᠰ ᠤᠨ ᠢᠳᠡᠷᠡᠭᠦᠨ ᠬᠥᠭᠵᠢᠯᠲᠡ ᠶᠢ ᠠᠬᠢᠭᠤᠯᠵᠤ ᠢᠷᠡᠭᠰᠡᠨ ᠶᠤᠮ᠃ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯ᠎ᠡ ᠵᠣᠶᠢᠯ ᠤᠨ ᠠᠵᠢᠯ ᠢ ᠨᠡᠩ ᠰᠠᠶᠢᠳᠤᠷ ᠬᠢᠬᠦ ᠬᠡᠷᠡᠭᠲᠠᠢ︾᠃      ᠶᠡᠷᠦᠩᠬᠡᠶ ᠱᠦᠵᠢ ᠰᠢ ᠶᠢᠨ ᠫᠢᠩ ᠤᠯᠠᠨᠲᠠ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠮᠠᠨ ᠤ ᠣᠷᠣᠨ ᠤ ᠺᠠᠳ᠋ᠷ ᠣᠯᠠᠨ ᠲᠦᠮᠡᠨ ᠢ ᠵᠣᠷᠢᠭᠵᠢᠭᠤᠯᠵᠤ᠂ ᠥᠪᠥᠷ ᠮᠣᠩᠭᠤᠯ ᠳᠤ ᠴᠢᠩ ᠰᠡᠳᠬᠢᠯ ᠤᠨ ᠬᠦᠰᠡᠯ ᠨᠠᠶᠢᠲᠠᠯᠭ᠎ᠠ ᠲᠠᠯᠪᠢᠪᠠ᠃ ︽ᠵᠣᠪᠠᠯ ᠵᠦᠳᠡᠭᠦᠷᠢ ᠶᠢ ᠲᠡᠰᠪᠦᠷᠢᠯᠡᠨ᠂ ᠴᠤᠴᠠᠯᠲᠠ ᠦᠭᠡᠢ ᠤᠷᠤᠭᠰᠢᠯᠠᠵᠤ᠂ ᠵᠣᠷᠢᠬᠰᠠᠨ ᠳᠠᠭᠠᠨ ᠵᠠᠪᠠᠯ ᠬᠦᠷᠬᠦ ᠪᠠᠷ ᠲᠡᠮᠡᠦᠯᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠨᠢ ᠮᠥᠩᠬᠡ ᠭᠠᠯ ᠤᠨ ᠤᠴᠢ ᠮᠡᠲᠦ᠂ ᠡᠷᠢᠨ ᠵᠠᠭᠤᠨ ᠤ ᠳᠠᠪᠲᠠᠯᠲᠠ ᠪᠠᠷ ᠰᠢᠨ᠎ᠡ ᠲᠦᠯᠵᠢᠯ ᠢᠶᠠᠨ ᠤᠭᠲᠤᠨ᠂ ᠪᠢᠳᠡᠨ ᠳᠤ ᠦᠷᠲᠡᠭ ᠤᠨ ᠬᠡᠪ ᠵᠢᠷᠤᠮ ᠱᠤᠭᠤᠵᠤ ᠦᠭᠭᠦᠭᠰᠡᠨ ᠪᠠᠶᠢᠨ᠎ᠠ᠃ ᠮᠣᠩᠭᠤᠯ ᠮᠣᠷᠢᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠶ ᠣᠶᠢᠯᠠᠭᠠᠪᠠᠯ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ ᠬᠦᠰᠡᠯ ᠵᠡᠭᠦᠳᠦ ᠪᠠᠨ ᠪᠡᠶᠡᠯᠡᠭᠦᠯᠬᠦ ᠡᠷᠴᠢ ᠬᠦᠴᠦᠨ ᠢ ᠨᠢᠭᠲᠠᠷᠠᠭᠤᠯᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠦ ᠤᠷᠤᠭᠰᠢᠯᠠᠨ ᠳᠠᠪᠰᠢᠬᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠶᠢ ᠪᠠᠳᠠᠷᠠᠭᠤᠯᠵᠤ ᠴᠢᠳᠠᠨ᠎ᠠ᠃      ᠮᠣᠩᠭᠤᠯ ᠮᠣᠷᠢᠨ ᠤ ᠵᠣᠷᠢᠭ ᠰᠠᠨᠠᠭᠠᠨ ᠳᠤ ᠵᠣᠪᠠᠯ ᠵᠦᠳᠡᠭᠦᠷᠢ ᠶᠢ ᠲᠡᠰᠪᠦᠷᠢᠯᠡᠬᠦ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠠᠭᠤᠯᠤᠭᠳᠠᠵᠤ ᠪᠠᠶᠢᠳᠠᠭ᠃ ᠥᠪᠥᠷ ᠮᠣᠩᠭᠤᠯ ᠨᠢ ᠬᠢᠯᠢ ᠬᠢᠵᠠᠭᠠᠷ ᠤᠷᠤᠨ ᠳᠤ ᠪᠠᠶᠢᠷᠢᠯᠠᠵᠤ᠂ ᠪᠠᠶᠢᠭᠠᠯᠢ ᠶᠢᠨ ᠨᠥᠬᠦᠴᠡᠯ ᠪᠡᠷᠬᠡ ᠬᠠᠲᠠᠭᠤᠵᠢᠯᠲᠠᠶ ᠤᠴᠢᠷ ᠠᠴᠠ ︽ᠬᠦᠴᠢᠷ ᠪᠡᠷᠬᠡᠰᠢᠶᠡᠯ ᠠᠴᠠ ᠠᠶᠤᠬᠤ ᠦᠭᠡᠢ︾ ᠪᠠᠶᠢᠳᠠᠭ ᠨᠢ ᠮᠠᠨ ᠤ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠨᠡᠨ ᠪᠣᠳᠠᠲᠠᠶ ᠵᠢᠷᠤᠭᠯᠠᠯ ᠪᠤᠯᠤᠨ᠎ᠠ᠃ ᠤᠯᠠᠭᠠᠨᠮᠥ᠋ᠴᠢᠷ ᠤᠨ ᠬᠢᠨ ᠤ ᠬᠦᠬᠡ ᠲᠩᠷᠢ ᠪᠠᠷ ᠬᠥᠰᠢᠭᠡ ᠬᠢᠵᠦ᠂ ᠬᠦᠷᠦᠰᠦᠳᠦ ᠭᠠᠵᠠᠷ ᠢᠶᠠᠷ ᠲᠠᠶᠢᠰᠠ ᠪᠣᠯᠭᠠᠨ ᠥᠷᠭᠡᠨ ᠣᠯᠠᠨ ᠮᠠᠯᠴᠢᠨ ᠲᠠᠷᠢᠶᠠᠴᠢᠳ ᠲᠤ ᠪᠠᠶᠠᠷ ᠪᠠᠶᠠᠰᠤᠯ ᠪᠠ ᠰᠤᠶᠤᠯ ᠪᠣᠯᠪᠠᠰᠤᠨ ᠬᠦᠷᠭᠡᠵᠦ ᠶᠠᠪᠤᠭ᠎ᠠ ᠶᠢ ᠮᠡᠷᠳᠡᠬᠤ ᠠᠷᠭ᠎ᠠ ᠦᠭᠡᠢ︔ ᠬᠥᠪᠴᠢ ᠶᠢᠨ ᠡᠯᠡᠰᠦᠨ ᠤ ᠡᠯᠡᠰᠦ ᠶᠢ ᠵᠠᠰᠠᠭᠴᠢᠳ ᠤᠨ ᠰᠢᠷᠭᠠᠭᠤ ᠬᠠᠲᠠᠭᠤᠵᠢᠯᠲᠠᠢ ᠡᠷᠡᠯᠬᠡᠭᠯᠡᠨ ᠲᠡᠮᠡᠴᠡᠵᠦ ᠨᠤᠮᠢᠨ ᠨᠤᠭᠤᠭᠠᠨ ᠭᠠᠶᠢᠬᠠᠮᠰᠢᠭ ᠢ ᠪᠢᠴᠢᠭᠯᠡᠭᠰᠡᠨ ᠨᠢ ᠰᠡᠳᠬᠢᠯ ᠳᠤᠭᠳᠤᠯᠭᠠᠨ᠎ᠠ ᠁ ᠴᠠᠭ ᠦᠶ᠎ᠡ ᠠᠳᠠᠯᠢ ᠦᠭᠡᠢ᠂ ᠨᠥᠬᠦᠴᠡᠯ ᠦᠭᠡᠷᠡᠲᠦᠭᠰᠡᠨ ᠴᠤ ᠡᠳᠡᠭᠡᠷ ᠬᠥᠮᠦᠨ ᠪᠠ ᠬᠡᠷᠡᠭ ᠶᠠᠪᠤᠳᠠᠯ ᠨᠢ ᠴᠦᠮ ᠮᠣᠩᠭᠤᠯ ᠮᠣᠷᠢᠨ ᠤ ᠵᠣᠷᠢᠭ ᠰᠠᠨᠠᠭᠠᠨ ᠳᠠᠬᠢ ᠵᠣᠪᠠᠯ ᠵᠦᠳᠡᠭᠦᠷᠢ ᠶᠢ ᠲᠡᠰᠪᠦᠷᠢᠯᠡᠬᠦ ᠣᠨᠴᠠᠭᠠᠢ ᠴᠢᠨᠠᠷ ᠢ ᠬᠠᠮᠲᠤ ᠪᠠᠷ ᠢᠯᠡᠷᠡᠭᠦᠯᠦᠭᠰᠡᠨ ᠪᠠᠶᠢᠨ᠎ᠠ᠃ ᠶᠠᠭ ᠡᠳᠡᠭᠡᠷ ᠲᠦᠭ ᠲᠦᠮᠡᠨ ᠬᠦᠮᠦᠰ ᠤᠨ ᠬᠦᠴᠢᠷ ᠪᠡᠷᠭᠡ ᠠᠴᠠ ᠠᠶᠤᠬᠤ ᠦᠭᠡᠢ ᠰᠢᠷᠭᠠᠭᠤ ᠬᠠᠲᠠᠭᠤᠵᠢᠯᠲᠠᠶ ᠲᠡᠮᠡᠴᠡᠳᠡᠭ ᠡᠷᠬᠢᠮ ᠳᠡᠭᠡᠳᠦ ᠵᠠᠩ ᠴᠢᠨᠠᠷ ᠨᠢ ᠪᠢᠳᠡᠨ ᠤ ᠦᠢᠯᠡᠰ ᠢ ᠤᠷᠤᠭᠰᠢ ᠬᠦᠭᠵᠢᠭᠦᠯᠦᠨ ᠤᠯᠠᠮᠵᠢᠯᠠᠭᠤᠯᠤᠨ ᠪᠠᠳᠠᠷᠠᠭᠠᠵᠤ ᠪᠠᠶᠢᠭ᠎ᠠ ᠪᠢᠯᠡ︔ ᠶᠠᠭ ᠡᠶᠢᠮᠦᠷᠬᠦᠦ ᠡᠷᠬᠢᠮ ᠨᠠᠨᠳᠢᠨ ᠤᠶᠤᠨ ᠰᠠᠨᠠᠭᠠᠨ ᠤ ᠬᠡᠪ ᠴᠢᠨᠠᠷ ᠪᠠᠶᠢᠭᠰᠠᠨ ᠠᠴᠠ ᠪᠢᠳᠡ ᠠᠯᠢᠪᠠ ᠬᠦ᠋ᠴᠢᠷ ᠪᠡᠷᠬᠡᠰᠢᠶᠡᠯ ᠢ ᠢᠯᠠᠨ ᠳᠠᠪᠠᠵᠤ᠂ ᠥᠩᠭᠡᠷᠡᠭᠰᠡᠨ ᠤ ᠶᠠᠳᠠᠭᠤ ᠬᠤᠴᠣᠷᠤᠩᠭᠤᠢ ᠲᠠᠯ᠎ᠠ ᠨᠤᠲᠤᠭ ᠢ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠭᠠᠨ ᠬᠤᠪᠢᠷᠠᠭᠤᠯᠵᠤ ᠴᠢᠳᠠᠭᠰᠠᠨ ᠪᠢᠯᠡ᠃     ᠮᠣᠩᠭᠤᠯ ᠮᠣᠷᠢᠨ ᠤ ᠵᠣᠷᠢᠭ ᠰᠠᠨᠠᠭᠠᠨ ᠳᠤ ᠴᠤᠴᠠᠯᠲᠠ ᠥᠬᠡᠶ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠠᠭᠤᠯᠤᠭᠳᠠᠵᠤ ᠪᠠᠶᠢᠳᠠᠭ᠃ ᠰᠠᠯᠬᠢᠨ ᠬᠤᠷᠳᠤ ᠲᠠᠢ ᠬᠦᠯᠦᠭ᠂ ᠮᠤᠩᠭᠤᠯ ᠮᠤᠷᠢᠨ ᠤ ᠤᠳᠤᠮ᠃ ᠮᠣᠩᠭᠤᠯ ᠮᠣᠷᠢ ᠶᠡᠷᠦ ᠨᠢ ᠤᠲᠤᠷ ᠨᠡᠭᠦᠳᠡᠯ ᠳᠤ ᠶᠠᠪᠤᠬᠤ᠂ ᠮᠠᠯᠵᠢᠬᠤ ᠦᠢᠯᠡᠳᠪᠦᠷᠢᠯᠡᠯ ᠤᠨ ᠬᠠᠲᠠᠭᠤ ᠠᠶᠠᠨ ᠪᠠ ᠲᠠᠶᠢᠨ ᠳᠠᠵᠢᠨ ᠳᠤ ᠤᠨᠤᠭ᠎ᠠ ᠡᠳ᠋ᠯᠡᠭᠡᠨ ᠤ ᠬᠦᠨᠳᠦ ᠡᠭᠦᠷᠭᠡ ᠶᠢ ᠡᠭᠦᠷᠭᠡᠯᠡᠵᠦ᠂ ᠠᠮᠠᠨ ᠳᠤᠬᠢᠶ᠎ᠠ ᠬᠦᠯᠢᠶᠡᠮᠡᠭᠴᠡ ᠶᠠᠭᠤᠨ ᠠᠴᠠ ᠴᠤ ᠪᠤᠴᠠᠯ ᠦᠭᠡᠢ ᠡᠷᠡᠮᠡᠭᠡᠶᠢᠯᠡᠨ ᠤᠷᠤᠭᠰᠢᠯᠠᠳᠠᠭ ᠰᠠᠨ᠃ ᠠᠵᠢᠯ ᠦᠢᠯᠡᠰ ᠪᠦᠲᠦᠭᠡᠬᠦ ᠳᠤ ᠡᠷᠡᠯᠬᠡᠭᠯᠡᠨ ᠤᠷᠤᠭᠰᠢᠯᠠᠬᠤ ᠡᠷᠴᠢ ᠵᠣᠷᠢᠭ ᠦᠭᠡᠢ ᠶᠤᠮ ᠪᠣᠯ ᠠᠮᠵᠢᠯᠲᠠ ᠣᠯᠵᠤ ᠴᠢᠳᠠᠬᠤ ᠦᠭᠡᠢ ᠭᠡᠳᠡᠭ ᠢ ᠲᠡᠤᠬᠡ ᠪᠠ ᠦᠶ᠋ᠯᠡᠳᠦᠯᠭᠡ ᠠᠬᠢᠨ ᠳᠠᠬᠢᠨ ᠭᠡᠷᠡᠴᠢᠯᠡᠭᠰᠡᠭᠡᠷ ᠪᠤᠢ᠃ ᠪᠢᠳᠠ ᠭᠡᠷᠡᠯ ᠰᠠᠴᠤᠷᠠᠩᠭᠤᠶ ᠲᠠᠯ᠎ᠠ ᠨᠤᠲᠤᠭ ᠤᠨ ᠰᠣᠶᠣᠯ ᠢ ᠡᠭᠦᠳᠦᠨ ᠪᠦᠲᠦᠭᠡᠵᠦ ᠴᠢᠳᠠᠬᠰᠠᠨ ᠨᠢᠭᠡ ᠰᠢᠯᠲᠠᠭᠠᠨ ᠪᠣᠯ᠂ ᠳᠠᠷᠤᠶ ᠴᠤᠴᠠᠯᠲᠠ ᠦᠭᠡᠢ ᠤᠷᠤᠭᠰᠢᠯᠠᠬᠤ ᠤᠶᠤᠨ ᠰᠠᠨᠠᠭᠠᠨ ᠤ ᠬᠡᠪ ᠰᠤᠷᠲᠠᠯ ᠤᠨ ᠬᠥᠳᠡᠯᠭᠡᠭᠴᠢ ᠬᠦᠴᠦᠨ ᠲᠤᠯᠭᠠᠭᠤᠷᠢᠯᠠᠭᠰᠠᠨ ᠠᠴᠠ ᠪᠤᠯᠤᠭᠰᠠᠨ ᠶᠤᠮ᠃ ᠰᠢᠨ᠎ᠡ ᠲᠡᠦᠬᠡᠨ ᠨᠥᠬᠦᠴᠡᠯ ᠳᠣᠣᠷ᠎ᠠ᠂ ᠪᠢᠳᠡ ᠨᠡᠩ ᠴᠤ ᠮᠣᠩᠭᠤᠯ ᠮᠣᠷᠢ ᠰᠢᠬ ᠴᠤᠴᠠᠯᠲᠠ ᠦᠭᠡᠢ ᠲᠡᠮᠡᠦᠯᠵᠦ ᠡᠷᠡᠯᠬᠡᠭᠯᠡᠨ ᠤᠷᠤᠭᠰᠢᠯᠠᠬᠤ ᠡᠷᠴᠢ ᠵᠣᠷᠢᠭ ᠢᠶᠠᠨ ᠬᠥᠪᠴᠢᠯᠡᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠢᠳᠡᠨ ᠤ ᠡᠨᠡ ᠬᠦ ᠴᠠᠭ ᠦᠶ᠎ᠡ ᠶᠢᠨ ᠢᠶᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ᠃      ᠮᠣᠩᠭᠤᠯ ᠮᠣᠷᠢᠨ ᠤ ᠵᠣᠷᠢᠭ ᠰᠠᠨᠠᠭᠠᠨ ᠳᠤ ᠵᠤᠷᠢᠬᠰᠠᠨ ᠳᠠᠭᠠᠨ ᠵᠠᠪᠠᠯ ᠬᠦᠷᠬᠦ ᠲᠡᠮᠡᠴᠡᠯ ᠤᠨ ᠵᠣᠷᠢᠭ ᠰᠠᠨᠠᠭ᠎ᠠ ᠠᠭᠤᠯᠤᠭᠳᠠᠵᠤ ᠪᠠᠶᠢᠳᠠᠭ᠃ ᠮᠣᠩᠭᠤᠯᠴᠤᠳ ᠲᠤ ︽ᠰᠠᠶᠢᠨ ᠡᠷ᠎ᠡ ᠵᠤᠷᠢᠭᠰᠠᠨ ᠳᠠᠭᠠᠨ᠂ ᠰᠠᠶᠢᠨ ᠮᠤᠷᠢ ᠬᠠᠷᠠᠶᠢᠭᠰᠠᠨ ᠳᠠᠭᠠᠨ︾ ᠭᠡᠰᠡᠨ ᠵᠦᠶ᠋ᠷ ᠰᠡᠴᠡᠨ ᠦᠭᠡ ᠪᠠᠶᠢᠳᠠᠭ᠃ ᠡᠨᠡ ᠨᠢ ᠬᠠᠷᠠᠯᠲᠠ ᠵᠤᠷᠢᠯᠲᠠ ᠲᠠᠢ ᠪᠣᠯᠤᠮᠠᠭᠴᠠ ᠶᠠᠭᠠᠬᠢᠭᠰᠠᠨ ᠴᠤ ᠳᠤᠲᠠᠭᠤ ᠲᠤᠷᠭᠤᠨ ᠤᠷᠬᠢᠵᠤ ᠪᠣᠯᠬᠤ ᠦᠭᠡᠢ ᠭᠡᠰᠡᠨ ᠶᠤᠰᠤ ᠤᠴᠢᠷ ᠢ ᠬᠠᠷᠠᠭᠤᠯᠵᠤ ᠪᠠᠶᠢᠨ᠎ᠠ᠃ ᠬᠤᠶᠠᠷ ᠭᠠᠷ ᠲᠠᠭᠠᠨ ᠳᠦᠰᠢᠭᠯᠡᠨ ︽ᠨᠢᠴᠦᠭᠦᠨ ᠡᠯᠡᠰᠦ︾ ᠶᠢ ᠨᠤᠭᠤᠭᠠᠷᠠᠭᠤᠯᠤᠭᠰᠠᠨ ᠶᠢᠨ ᠢᠦᠶ ᠵᠧᠨ᠂ ᠠᠮᠢ ᠨᠠᠰᠤ ᠪᠠᠷ ᠢᠶᠠᠨ ᠲᠠᠯ᠎ᠠ ᠨᠤᠲᠤᠭ ᠢᠶᠠᠨ ᠬᠠᠮᠠᠭᠠᠯᠠᠭᠰᠠᠨ ᠵᠢᠷᠭᠠᠯ᠂ ᠠᠷᠠᠳ ᠲᠦᠮᠡᠨ ᠤ ᠲᠥᠯᠥᠭᠡ ᠠᠷᠠᠯ ᠤᠨ ᠱᠠᠷ ᠮᠡᠲᠦ ᠵᠢᠳᠬᠦᠭᠰᠡᠨ ᠨᠢᠦ ᠢᠦᠢ ᠷᠦ᠋ ᠁ ᠥᠷᠭᠡᠨ ᠠᠭᠤᠳᠠᠮ ᠲᠠᠯ᠎ᠠ ᠨᠤᠲᠤᠭ ᠲᠤ ᠲᠥᠷᠥᠵᠦ ᠥᠰᠦᠭᠰᠡᠨ ᠲᠠᠯ᠎ᠠ ᠨᠤᠲᠤᠭ ᠤᠨ ᠬᠥᠪᠡᠭᠦᠳ ᠥᠬᠢᠳ ᠲᠤ ᠶᠠᠭᠤ ᠬᠢᠭᠰᠡᠨ ᠴᠦ ᠵᠠᠪᠠᠯ ᠡᠴᠦᠰ ᠲᠤᠨᠢ ᠲᠤᠯᠲᠠᠯ᠎ᠠ ᠲᠡᠮᠡᠴᠡᠬᠦ ᠰᠢᠨᠳᠠᠰᠦ ᠬᠠᠳᠠᠭᠤ ᠰᠦᠰᠦ ᠵᠤᠷᠢᠭ ᠪᠠᠶᠢᠳᠠᠭ ᠰᠠᠨ᠃ ᠵᠣᠷᠢᠬᠰᠠᠨ ᠳᠠᠭᠠᠨ ᠵᠠᠪᠠᠯ ᠬᠦᠷᠬᠦ ᠤᠶᠤᠨ ᠰᠠᠨᠠᠭᠠᠨ ᠤ ᠬᠥᠳᠡᠯᠭᠡᠬᠦ ᠬᠦᠴᠦ ᠪᠠᠨ ᠦᠷᠭᠦᠯᠵᠢᠯᠡᠨ ᠬᠥᠭᠵᠢᠭᠡᠵᠦ᠂ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠬᠠᠷᠠᠭᠤᠯᠪᠠᠯ ᠪᠢᠳᠡ ᠰᠠᠶ᠋ᠢ ᠪᠤᠳᠠᠲᠤ ᠠᠵᠢᠯᠯᠠᠭ᠎ᠠ ᠪᠠᠷ ᠢᠶᠠᠨ ᠬᠦᠰᠡᠯ ᠵᠡᠭᠦᠳᠦ ᠪᠠᠨ ᠲᠡᠷᠭᠡᠯᠰᠢᠭᠦᠯᠵᠦ ᠴᠢᠳᠠᠨ᠎ᠠ᠃      ᠴᠠᠭ ᠦᠶ᠎ᠡ ᠤᠯᠠᠷᠢᠨ ᠬᠤᠪᠢᠷᠠᠵᠤ᠂ ᠵᠣᠷᠢᠭ ᠰᠠᠨᠠᠭ᠎ᠠ ᠥᠨᠢᠳᠡ ᠮᠥᠩᠬᠡᠷᠡᠨ᠎ᠡ᠃ ᠯᠦ ᠰᠢᠶᠦ᠋ᠨ ᠠᠪᠤᠭᠠᠶ᠄ ︽ᠠᠷᠠᠳ ᠲᠦᠮᠡᠨ ᠤ ᠰᠦᠭ ᠰᠦᠨᠡᠰᠦ ᠪᠣᠯ ᠡᠷᠬᠢᠮ ᠨᠠᠨᠳᠢᠨ ᠶᠤᠮ᠂ ᠲᠡᠭᠦᠨ ᠢ ᠪᠠᠳᠠᠷᠠᠭᠤᠯᠪᠠᠯ ᠳᠤᠮᠳᠠᠳᠤ ᠤᠯᠤᠰ ᠰᠠᠶ᠋ᠢ ᠵᠢᠩᠬᠢᠨᠢ ᠲᠠᠪᠰᠢᠯᠳᠠ ᠲᠠᠢ ᠪᠤᠯᠵᠤ ᠴᠢᠳᠠᠨ᠎ᠠ︾ ᠭᠡᠵᠦ ᠬᠡᠯᠡᠭᠰᠡᠨ ᠪᠠᠶᠢᠳᠠᠭ᠃     ᠮᠣᠩᠭᠤᠯ ᠮᠣᠷᠢᠨ ᠤ ᠵᠣᠷᠢᠭ ᠰᠠᠨᠠᠭᠠᠨ ᠤ ᠪᠠᠶᠠᠯᠢᠭ ᠠᠭᠤᠯᠬᠤᠨ ᠢ ᠭᠦᠨᠵᠡᠭᠡᠶ ᠣᠶᠢᠯᠠᠭᠠᠨ ᠪᠠᠲᠤ ᠡᠵᠡᠮᠰᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠠᠵᠢᠯ ᠬᠢᠵᠦ ᠦᠢᠯᠡᠰ ᠪᠤᠰᠬᠠᠬᠤ ᠶᠢ ᠠᠬᠢᠭᠤᠯᠬᠤ ᠤᠳᠠᠭᠠᠨ ᠳᠠᠭᠠᠭᠠᠮᠠᠭᠠᠶ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠡᠯ᠂ ᠪᠢᠳᠡ ᠯᠠᠪᠲᠠᠢ ᠡᠷᠡᠮᠡᠭᠡᠶᠢᠯᠡᠨ ᠲᠡᠮᠡᠴᠡᠬᠦ ᠶᠢᠨ ᠳᠤᠮᠳᠠ ᠠᠵᠢᠯ ᠦᠢᠯᠡᠰ ᠤᠨ ᠬᠥᠭᠵᠢᠯᠲᠡ ᠪᠠᠨ ᠠᠬᠢᠭᠤᠯᠵᠤ᠂ ᠲᠡᠮᠡᠴᠡᠯ ᠤᠨ ᠳᠤᠮᠳᠠ ᠠᠮᠢᠳᠤᠷᠠᠬᠤᠢ ᠶᠢᠨ ᠦᠷᠳᠡᠭ ᠢᠶᠠᠨ ᠪᠡᠶᠡᠯᠡᠭᠦᠯᠵᠦ᠂ ᠰᠠᠶᠢᠨ ᠰᠠᠶᠢᠬᠠᠨ ᠢᠷᠡᠭᠡᠳᠦᠢ ᠵᠦᠭ ᠢᠶᠠᠨ ᠵᠢᠪᠬᠤᠭ᠎ᠠ ᠲᠡᠭᠦᠯᠳᠡᠷ ᠤᠷᠤᠭᠰᠢᠯᠠᠵᠤ ᠴᠢᠳᠠᠬᠤ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号