● ᠵᠠᠩ ᠮᠠᠨ ᠴᠢᠤᠸᠠᠨ ᠡᠦ ᠰᠢᠤᠸᠠᠢ ᠮᠧᠢ ︵ᠦᠪᠦᠷ ᠮᠤᠩᠭᠤᠯ ᠤᠨ ᠦᠨᠳᠦᠰᠦᠲᠡᠨ ᠤ | ᠴᠢᠯᠦᠭᠡᠯᠡᠯᠲᠡ ᠶᠢᠨ ᠳᠤᠷᠠᠰᠬᠠᠯ ᠤᠨ ᠤᠷᠳᠤᠨ︶ | ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶᠠᠨ ᠤ ᠠᠵᠢᠯᠯᠠᠵᠦ ᠦᠩᠭᠡᠷᠡᠭᠰᠡᠨ ᠠᠯᠪᠠᠨ | ᠭᠡᠷ — ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠢᠩᠭᠠᠨ ᠬᠤᠶᠢᠲᠤ ᠵᠠᠮ ᠤᠨ 14 ᠳ᠋ᠦ᠋ᠭᠡᠷ ᠨᠣᠮᠧᠷ ᠲᠤ | ᠪᠠᠶᠢᠷᠢᠯᠠᠵᠤ᠂ ᠲᠣᠰ ᠪᠠᠷᠢᠯᠭ᠎ᠠ ᠶᠢ 1934 ᠣᠨ ᠳᠤ ᠡᠬᠢᠯᠡᠨ ᠪᠠᠶᠢᠭᠤᠯᠵᠤ᠂ ᠤᠤᠯ ᠨᠢ ᠬᠠᠭᠤᠷᠮᠠᠭ ᠮᠠᠨᠵᠤ | ᠤᠯᠤᠰ ᠤᠨ ᠬᠢᠩᠭᠠᠨ ᠮᠤᠵᠢ ᠪᠣᠯᠤᠨ ᠬᠢᠩᠭᠠᠨ ᠶᠡᠷᠦᠩᠬᠡᠶ ᠮᠤᠵᠢ ᠶᠢᠨ ᠠᠯᠪᠠᠨ ᠠᠰᠠᠷ ᠪᠠᠶᠢᠪᠠ᠃ 1947 ᠣᠨ ᠤ | 7 ᠰᠠᠷ᠎ᠠ ᠶᠢᠨ 1 ᠤ ᠡᠳᠦᠷ ᠠᠴᠠ 1949 ᠣᠨ ᠤ 12 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠡᠪ ᠬᠠᠮᠲᠤ | ᠨᠠᠮ ᠤᠨ ᠠᠵᠢᠯ ᠤᠨ ᠬᠤᠷᠢᠶ᠎ᠠ ᠡ᠊ᠨᠳᠡ ᠠᠵᠢᠯᠯᠠᠵᠤ ᠪᠠᠶᠢᠭᠰᠠᠨ ᠠᠴᠠ ᠲᠤᠰ ᠨᠡᠷ᠎ᠡ ᠪᠠᠷ ᠨᠡᠷᠡᠯᠡᠪᠡ᠃ ᠡᠨᠡ ᠬᠦ ᠬᠥᠬᠡ | ᠸᠠᠭᠠᠷ ᠤᠨ ᠪᠠᠷᠢᠯᠭ᠎ᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠥᠪᠥᠷ ᠮᠣᠩᠭᠤᠯ ᠤᠨ ᠡᠯ᠎ᠡ | ᠦᠨᠳᠦᠰᠦᠲᠡᠨ ᠤ ᠠᠷᠠᠳ ᠲᠦᠮᠡᠨ ᠢ ᠤᠳᠤᠷᠢᠳᠤᠨ ᠭᠠᠵᠠᠷ ᠲᠠᠷᠢᠶᠠᠨ ᠤ ᠥᠭᠡᠷᠡᠴᠢᠯᠡᠯᠲᠡ ᠪᠠ ᠮᠠᠯᠵᠢᠬᠤ ᠣᠷᠣᠨ ᠳᠤ | ᠠᠷᠠᠳᠴᠢᠯᠠᠭᠰᠠᠨ ᠥᠭᠡᠷᠡᠴᠢᠯᠡᠯᠲᠡ ᠬᠢᠵᠤ᠂ ᠳᠡᠭᠡᠷᠡᠮᠴᠢᠳ ᠢ ᠱᠦᠭᠦᠷᠳᠡᠨ ᠠᠷᠢᠯᠭᠠᠵᠤ᠂ ᠵᠡᠭᠦᠨ ᠬᠤᠶᠢᠲᠤ ᠣᠷᠣᠨ ᠤ | ᠴᠢᠯᠥᠭᠡᠯᠡᠬᠦ ᠳᠠᠶᠢᠨ ᠢ ᠲᠡᠮᠵᠢᠵᠤ᠂ ᠦᠢᠯᠡᠳᠪᠦᠷᠢᠯᠡᠯ ᠢ ᠰᠡᠷᠭᠦᠭᠡᠨ ᠬᠦᠭᠵᠢᠭᠦᠯᠤᠭ᠍ᠰᠡᠨ ᠤ ᠴᠢᠬᠤᠯᠠ ᠲᠡᠦᠬᠡᠨ ᠭᠡᠷᠡᠴᠢ | ᠮᠥᠨ᠃ ᠣᠳᠣ ᠨᠢᠭᠡᠨᠲᠡ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠭᠤᠣᠯᠳᠠᠯᠭ᠎ᠠ ᠲᠠᠢ | ᠨᠢᠭᠡᠴᠢ ᠪᠠ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠤᠯᠵᠠᠢ᠃ ᠲᠡᠭᠡᠪᠡᠯ ︽ᠥᠪᠥᠷ | ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ︾ ᠭᠡᠬᠦ ᠡᠨᠡ ᠬᠦ ᠪᠤᠰᠤᠳ ᠣᠷᠣᠨ ᠨᠤᠲᠤᠭ ᠤᠨ ᠨᠠᠮ ᠤᠨ | ᠵᠣᠬᠢᠶᠠᠨ ᠪᠠᠶᠢᠭᠤᠯᠤᠯᠲᠠ ᠠᠴᠠ ᠤᠨᠴᠠᠯᠢᠭᠳᠠᠬᠤ ᠨᠡᠷ᠎ᠡ ᠨᠢ ᠶᠠᠭᠠᠬᠢᠵᠤ ᠢᠷᠡᠭᠰᠡᠨ ᠪᠣᠶ︖ | ᠴᠢᠯᠥᠭᠡᠯᠡᠬᠦ ᠲᠠᠶᠢᠨ ᠤ ᠡᠬᠢᠨ ᠤ ᠦᠶ᠎ᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠥᠪᠥᠷ ᠮᠣᠩᠭᠤᠯ ᠣᠷᠣᠨ ᠤ ᠬᠤᠪᠢᠰᠬᠠᠯᠲᠤ ᠲᠡᠮᠡᠴᠡᠯ ᠨᠢ | ᠲᠤᠰ ᠲᠤᠰ ᠤᠨ ᠣᠷᠤᠨ ᠪᠦᠰᠡ ᠳᠤ ᠬᠠᠷᠢᠶᠠᠯᠠᠭᠳᠠᠵᠤ᠂ ᠡᠯ᠎ᠡ ᠵᠡᠷᠭᠡᠯᠡᠳᠡᠭᠡ ᠴᠢᠯᠥᠭᠡᠯᠡᠭᠳᠡᠭᠰᠡᠨ ᠣᠷᠣᠨ ᠠᠴᠠ | ᠰᠢᠭᠤᠳ ᠤᠳᠤᠷᠢᠳᠬᠤ ᠠᠷᠭ᠎ᠠ ᠶᠢ ᠠᠪᠴᠤ᠂ ᠥᠪᠥᠷ ᠮᠣᠩᠭᠤᠯ ᠤᠨ ᠴᠢᠯᠥᠭᠡᠯᠡᠭᠳᠡᠭᠰᠡᠨ ᠣᠷᠣᠨ ᠤ ᠨᠠᠮ ᠤᠨ | ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ | ᠬᠥᠭᠵᠢᠯᠲᠡ ᠶᠢ ᠠᠬᠢᠭᠤᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ | ᠪᠠᠶᠢᠭᠤᠯᠤᠭᠳᠠᠬᠤ ᠠᠴᠠ ᠡᠮᠦᠨ᠎ᠡ᠂ ᠥᠪᠥᠷ ᠮᠣᠩᠭᠤᠯ ᠤᠨ ᠳᠤᠮᠳᠠ᠂ ᠵᠡᠭᠦᠨ ᠬᠡᠰᠡᠭ ᠤᠨ ᠭᠠᠵᠠᠷ ᠣᠷᠣᠨ ᠳᠤ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠶᠢ ᠤᠷᠢᠳ ᠬᠤᠵᠢᠳ ᠪᠠᠶᠢᠭᠤᠯᠵᠤ᠂ ᠨᠠᠮ ᠤᠨ | ᠡᠩᠨᠡᠭᠡ ᠴᠦ ᠦᠳᠲᠡᠷ ᠲᠦᠷᠭᠡᠨ ᠥᠷᠭᠡᠵᠢᠪᠡ᠃ ᠡᠭᠦᠨ ᠳᠤ ᠮᠣᠩᠭᠤᠯ ᠦᠨᠳᠦᠰᠦᠲᠡᠨ ᠤ ᠨᠠᠮ ᠤᠨ ᠭᠡᠰᠢᠭᠦᠨ | 1946 ᠣᠨ ᠤ ᠡᠬᠢ ᠪᠠᠷ 100 ᠭᠠᠷᠤᠶ ᠪᠠᠶᠢᠭᠰᠠᠨ ᠠᠴᠠ ᠪᠠᠨ 1100 ᠭᠠᠷᠤᠶ ᠪᠣᠯᠵᠤ᠂ ᠣᠯᠠᠩᠬᠢ ᠨᠢ ᠶᠠᠫᠣᠨ ᠢ | ᠡᠰᠡᠷᠭᠦᠴᠡᠬᠦ ᠳᠠᠶᠢᠨ ᠢᠯᠠᠯᠲᠠ ᠣᠯᠤᠭᠰᠠᠨ ᠤ ᠳᠠᠷᠠᠭ᠎ᠠ ᠨᠠᠮ ᠳᠤ ᠤᠷᠤᠭᠰᠠᠨ ᠪᠠᠶᠢᠨ᠎ᠠ᠃ | 1946 ᠣᠨ ᠤ 5 ᠰᠠᠷ᠎ᠠ ᠶᠢᠨ 26 ᠤ ᠡᠳᠦᠷ᠂ ᠵᠡᠭᠦᠨ ᠮᠣᠩᠭᠤᠯ ᠤᠨ ᠤᠳᠤᠷᠢᠳᠬᠤ ᠬᠥᠮᠦᠰ ᠦᠪᠦᠷ | ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠢ ᠲᠠᠷᠬᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠬᠥᠳᠡᠯᠭᠡᠭᠡᠨ ᠤ ᠬᠤᠯᠪᠣᠭᠠᠲᠤ ᠬᠤᠷᠠᠯ ᠤᠨ ᠵᠡᠭᠦᠨ ᠮᠣᠩᠭᠤᠯ ᠤᠨ ᠶᠡᠷᠦᠩᠬᠡᠶ ᠬᠤᠪᠢᠶᠠᠷᠢ ᠬᠤᠷᠠᠯ ᠢ ᠪᠠᠶᠢᠭᠤᠯᠪᠠ᠃ | ᠭᠡᠪᠡᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠪᠠᠷ ᠪᠡᠯᠡᠳᠬᠡᠬᠦ | ᠶᠠᠪᠤᠴᠠ ᠳᠤ᠂ ᠵᠡᠭᠦᠨ ᠮᠣᠩᠭᠤᠯ ᠤᠨ ᠤᠳᠤᠷᠢᠳᠬᠤ ᠬᠥᠮᠦᠰ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠳᠤ ᠠᠳᠠᠯᠢ ᠪᠤᠰᠤ ᠦᠵᠡᠯᠲᠡ ᠲᠠᠢ ᠪᠠᠶᠢᠵᠠᠢ᠃ ᠥᠪᠥᠷ ᠮᠣᠩᠭᠤᠯ ᠤᠨ ᠨᠡᠶᠢᠭᠡᠮ ᠤᠨ | ᠪᠦᠷᠢᠯᠳᠦᠬᠦᠨ ᠨᠢ ᠳᠣᠲᠣᠷ᠎ᠠ ᠭᠠᠵᠠᠷ ᠲᠠᠢ ᠠᠳᠠᠯᠢ ᠦᠭᠡᠢ᠂ ᠡᠪ ᠬᠠᠮᠲᠤ ᠨᠠᠮ ᠪᠣᠯ ᠦᠭᠡᠶᠢᠭᠦᠦ ᠠᠩᠭᠢ ᠶᠢᠨ | ᠲᠦᠷᠦ ᠶᠢᠨ ᠨᠠᠮ᠂ ᠮᠠᠯᠴᠢᠨ ᠲᠠᠷᠢᠶᠠᠴᠢᠨ ᠢᠶᠠᠷ ᠠᠩᠭᠢ ᠶᠢᠨ ᠰᠠᠭᠤᠷᠢ ᠪᠣᠯᠭᠠᠭᠰᠠᠨ ᠦᠪᠦᠷ ᠮᠣᠩᠭᠤᠯ ᠤᠨ | ᠠᠷᠠᠳ ᠤᠨ ᠬᠤᠪᠢᠰᠬᠠᠯᠲᠤ ᠨᠠᠮ ᠢ ᠪᠠᠶᠢᠭᠤᠯᠵᠤ᠂ ᠡᠯ᠎ᠡ ᠱᠠᠲᠤᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ | ᠤᠳᠤᠷᠢᠳᠬᠤ ᠴᠢᠬᠤᠯᠠᠲᠠᠢ ᠭᠡᠵᠦ ᠦᠵᠡᠵᠤ ᠪᠠᠶᠢᠪᠠ᠃ ᠲᠡᠳᠡᠨ ᠤ ᠦᠵᠡᠬᠦ ᠪᠠᠷ ᠥᠪᠥᠷ ᠮᠣᠩᠭᠤᠯ ᠨᠢ ᠮᠣᠩᠭᠤᠯ | ᠤᠯᠤᠰ ᠤᠨ ᠨᠡᠶᠢᠭᠡᠮ ᠤᠨ ᠪᠠᠶᠢᠳᠠᠯ ᠲᠠᠢ ᠠᠳᠠᠯᠢᠪᠲᠤᠷ ᠪᠠᠶᠢᠵᠤ᠂ ᠮᠣᠩᠭᠤᠯ ᠤᠯᠤᠰ ᠲᠤ ᠮᠣᠩᠭᠤᠯ ᠠᠷᠠᠳ ᠤᠨ | ᠬᠤᠪᠢᠰᠬᠠᠯᠲᠤ ᠨᠠᠮ ᠪᠠᠶᠢᠨ᠎ᠠ᠂ ᠥᠪᠥᠷ ᠮᠣᠩᠭᠤᠯ ᠴᠤ ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠢ | ᠦᠯᠡᠳᠡᠭᠡᠪᠡᠯ ᠵᠣᠬᠢᠨ᠎ᠠ᠃ ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠢ ᠬᠢᠲᠠᠳ ᠬᠥᠮᠦᠨ ᠤ ᠨᠠᠮ ᠭᠡᠵᠦ | ᠡ᠊ᠨᠳᠡᠭᠦᠷᠡᠪᠡ᠃ ᠡᠳᠡᠭᠡᠷ ᠦᠵᠡᠯᠲᠡ ᠨᠢ ᠲᠡᠳᠡᠨ ᠤ ᠵᠥᠪᠬᠡᠨ ᠦᠨᠳᠦᠰᠦᠲᠡᠨ ᠤ ᠥᠪᠡᠷᠲᠡᠭᠡᠨ ᠵᠠᠰᠠᠬᠤ ᠬᠦᠰᠡᠯ | ᠡᠷᠡᠮᠡᠯᠵᠡᠯ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨᠵᠢ ᠴᠢᠨᠠᠷ᠂ ᠥᠪᠥᠷ ᠮᠣᠩᠭᠤᠯ ᠳᠠᠬᠢ | ᠲᠡᠦᠬᠡᠨ ᠪᠠᠶᠢᠷᠢ ᠰᠠᠭᠤᠷᠢ ᠵᠢᠴᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠵᠠᠮ ᠳᠤ ᠮᠥᠨ ᠯᠡ | ᠥᠷᠥᠭᠡᠰᠦᠯ ᠦᠵᠡᠯᠲᠡ ᠲᠠᠢ ᠪᠠᠶᠢᠭᠰᠠᠨ ᠢ ᠬᠠᠷᠠᠭᠤᠯᠵᠤ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠡᠭᠦᠨ ᠳᠤ ᠲᠦᠢᠯ ᠤᠨ ᠪᠣᠯᠭᠤᠮᠵᠢᠲᠠᠶ ᠣᠪᠣᠷ ᠠᠪᠴᠤ᠂ ᠪᠦᠯᠬᠦᠮᠳᠡᠬᠦ ᠡᠭᠦᠳᠡᠨ ᠠᠴᠠ ᠡᠭᠦᠰᠴᠦ᠂ | ᠤᠯᠠᠨ ᠤᠳᠠᠭ᠎ᠠ ᠵᠢᠭᠠᠪᠤᠷᠢ ᠪᠠᠭᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ | ᠬᠤᠶᠢᠲᠤ ᠣᠷᠣᠨ ᠤ ᠲᠣᠪᠴᠢᠶ᠎ᠠ᠂ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ ᠪᠠ ᠥᠪᠥᠷ ᠮᠣᠩᠭᠤᠯ ᠣᠷᠣᠨ ᠤ | ᠨᠠᠮ ᠤᠨ ᠵᠣᠬᠢᠶᠠᠨ ᠪᠠᠶᠢᠭᠤᠯᠤᠯᠲᠠ ᠲᠠᠢ ᠲᠠᠬᠢᠨ ᠳᠠᠪᠲᠠᠨ ᠶᠠᠷᠢᠯᠴᠠᠵᠤ᠂ ᠡᠨᠡ ᠬᠦ ᠠᠰᠠᠭᠤᠳᠠᠯ ᠢ ᠲᠣᠬᠢᠲᠠᠶ | ᠰᠢᠶ᠋ᠳᠪᠦᠷᠢᠯᠡᠬᠦ ᠪᠠᠷ ᠲᠣᠭᠲᠠᠪᠠ᠃ 1947 ᠣᠨ ᠤ 3 ᠰᠠᠷ᠎ᠠ ᠶᠢᠨ 14 ᠤ ᠡᠳᠦᠷ᠂ ᠤᠯᠠᠭᠠᠨᠬᠦᠤ ᠠᠴᠠ ᠲᠥᠪ | ᠬᠤᠷᠢᠶᠠᠨ ᠳᠤ ᠥᠭᠭᠦᠭᠰᠡᠨ ᠵᠢᠭᠠᠪᠤᠷᠢ ᠠᠪᠬᠤ ᠴᠠᠬᠢᠯᠭᠠᠨ ᠮᠡᠳᠡᠭᠡ ᠳᠡᠭᠡᠨ᠄ ︽ᠨᠠᠮ ᠤᠨ ᠤᠳᠤᠷᠢᠳᠤᠯᠭ᠎ᠠ ᠶᠢᠨ | ᠠᠰᠠᠭᠤᠳᠠᠯ ᠤᠨ ᠲᠤᠬᠠᠢ ᠪᠢᠳᠡ ᠥᠪᠥᠷ ᠮᠣᠩᠭᠤᠯ ᠤᠨ ᠬᠤᠪᠢᠶᠠᠷᠢ ᠲᠣᠪᠴᠢᠶ᠎ᠠ ᠪᠤᠶᠤ ᠥᠪᠥᠷ ᠮᠣᠩᠭᠤᠯ ᠤᠨ | ᠨᠠᠮ ᠤᠨ ᠬᠤᠷᠢᠶ᠎ᠠ ᠪᠠᠶᠢᠭᠤᠯᠬᠤ ᠳᠤᠷᠠᠳᠤᠯᠭ᠎ᠠ ᠭᠠᠷᠭᠠᠵᠤ᠂ ᠵᠡᠭᠦᠨ ᠬᠤᠶᠢᠲᠤ ᠶᠢᠨ ᠲᠣᠪᠴᠢᠶᠠᠨ ᠤ | ᠤᠳᠤᠷᠢᠳᠤᠯᠭ᠎ᠠ ᠶᠢ ᠬᠦᠯᠢᠶᠡᠨ᠎ᠡ︾ ᠭᠡᠵᠡᠢ᠃ 3 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠠᠴᠠ᠄ ︽ᠥᠪᠥᠷ ᠮᠣᠩᠭᠤᠯ ᠤᠨ ᠠᠷᠠᠳ ᠲᠦᠮᠡᠨ ᠤ ᠳᠤᠮᠳᠠᠬᠢ ᠳᠠᠪᠰᠢᠩᠭᠤᠢ ᠬᠥᠮᠦᠰ ᠢ | ᠳᠤᠮᠳᠠᠳᠤ ᠤᠯᠤᠰ ᠤᠨ ᠡᠪ ᠬᠠᠮᠲᠤ ᠨᠠᠮ ᠳᠤ ᠢᠯᠡᠭᠦᠬᠡᠨ ᠣᠷᠣᠭᠤᠯᠬᠤ ᠶᠢᠨ ᠬᠠᠮᠲᠤ ᠨᠠᠮ ᠤᠨ ᠬᠥᠮᠦᠵᠢᠯ | ᠬᠦᠷᠲᠡᠭᠡᠵᠦ᠂ ᠵᠣᠬᠢᠬᠤ ᠬᠥᠮᠦᠨ ᠤ ᠲᠤᠭ᠎ᠠ ᠳᠤ ᠬᠦᠷᠦᠭᠰᠡᠨ ᠤ ᠳᠠᠷᠠᠭ᠎ᠠ᠂ ᠥᠪᠥᠷ ᠮᠣᠩᠭᠤᠯ ᠤᠨ ᠡᠪ ᠬᠠᠮᠲᠤ ᠨᠠᠮ ᠢ | ᠪᠠᠶᠢᠭᠤᠯᠬᠤ ᠪᠠᠷ ᠵᠠᠷᠯᠠᠬᠤ ᠬᠡᠷᠡᠭᠲᠡᠢ᠃ ᠣᠳᠣᠬᠠᠨ ᠳᠤ ᠥᠪᠥᠷ ᠮᠣᠩᠭᠤᠯ ᠤᠨ ᠨᠠᠮ ᠤᠨ ᠤᠳᠤᠷᠢᠳᠬᠤ | ᠪᠠᠶᠢᠭᠤᠯᠭ᠎ᠠ ᠳᠤ ᠥᠪᠥᠷ ᠮᠣᠩᠭᠤᠯ ᠤᠨ ᠠᠵᠢᠯ ᠤᠨ ᠵᠥᠪᠯᠡᠯ ᠪᠠᠶᠢᠭᠤᠯᠵᠤ ᠪᠣᠯᠤᠨ᠎ᠠ᠂ ᠲᠤᠬᠠᠶᠢᠯᠠᠪᠠᠯ ᠶᠦᠨ ᠽᠧ | ᠨᠥᠬᠦᠷ ᠢᠶᠠᠷ ᠱᠦᠵᠢ ᠪᠣᠯᠭᠠᠵᠤ᠂ ᠵᠡᠭᠦᠨ ᠬᠤᠶᠢᠲᠤ ᠶᠢᠨ ᠲᠣᠪᠴᠢᠶ᠎ᠠ ᠪᠤᠶᠤ ᠪᠠᠷᠠᠭᠤᠨ ᠮᠠᠨᠵᠤ ᠶᠢᠨ ᠬᠤᠪᠢᠶᠠᠷᠢ | ᠲᠣᠪᠴᠢᠶᠠᠨ ᠤ ᠤᠳᠤᠷᠢᠳᠤᠯᠭ᠎ᠠ ᠶᠢ ᠬᠦᠯᠢᠶᠡᠨ᠎ᠡ︾ ᠭᠡᠵᠤ ᠵᠢᠭᠠᠪᠤᠷᠢᠯᠠᠵᠠᠢ᠃ 4 ᠰᠠᠷ᠎ᠠ ᠶᠢᠨ 1 ᠤ ᠡᠳᠦᠷ᠂ ᠵᠡᠭᠦᠨ | ᠬᠤᠶᠢᠲᠤ ᠶᠢᠨ ᠲᠣᠪᠴᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠳᠤ ᠴᠠᠬᠢᠯᠭᠠᠨ ᠮᠡᠳᠡᠭᠡ | ᠶᠠᠪᠤᠭᠤᠯᠵᠤ᠄ ︽ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠠᠰᠠᠭᠤᠳᠠᠯ ᠢ ᠨᠠᠷᠢᠨ ᠬᠢᠨᠠᠮᠠᠭᠠᠶ | ᠪᠣᠳᠣᠯᠬᠢᠯᠠᠵᠤ᠂ ᠥᠪᠥᠷ ᠮᠣᠩᠭᠤᠯ ᠤᠨ ᠡᠪ ᠬᠠᠮᠲᠤ ᠨᠠᠮ ᠨᠢ ᠨᠡᠯᠢᠶᠡᠳ ᠤᠯᠠᠨ ᠲᠦᠮᠡᠨᠴᠢ ᠰᠠᠭᠤᠷᠢ ᠲᠠᠢ ᠪᠣᠯᠬᠤᠷ | ᠵᠡᠭᠦᠨ ᠮᠣᠩᠭᠤᠯ ᠤᠨ ᠤᠳᠤᠷᠢᠳᠬᠤ ᠬᠥᠮᠦᠰ ᠰᠢᠯᠭᠠᠯᠲᠠ ᠪᠠᠷ ᠳᠠᠮᠵᠢᠨ ᠮᠠᠨ ᠤ ᠨᠠᠮ ᠳᠤ ᠤᠯᠠᠮ ᠨᠢᠭᠡ ᠠᠯᠬᠤᠮ | ᠣᠶᠢᠷᠠᠲᠤᠬᠤ ᠦᠶ᠎ᠡ ᠳᠤ᠂ ᠪᠠᠶᠢᠳᠠᠯ ᠢ ᠳᠠᠬᠢᠨ ᠲᠣᠭᠲᠠᠭᠠᠬᠤ ᠴᠢᠬᠤᠯᠠᠲᠠᠶ ᠡᠰᠡᠬᠦ ᠶᠢ ᠦᠵᠡᠬᠦ ᠬᠡᠷᠡᠭᠲᠡᠶ︾ ᠭᠡᠵᠡᠢ᠃ | 1947 ᠣᠨ ᠤ 4 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠠᠷᠠᠳ ᠤᠨ | ᠲᠥᠯᠥᠭᠡᠯᠡᠭᠴᠢᠳ ᠤᠨ ᠬᠤᠷᠠᠯ ᠬᠤᠷᠠᠯᠳᠤᠵᠤ᠂ ᠵᠡᠭᠦᠨ ᠮᠣᠩᠭᠤᠯ ᠤᠨ ᠤᠳᠤᠷᠢᠳᠬᠤ ᠬᠥᠮᠦᠰ ᠳᠠᠬᠢᠨ ᠳᠠᠪᠲᠠᠨ | ᠶᠠᠷᠢᠵᠤ᠂ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠠᠴᠠ ᠥᠪᠡᠷᠲᠡᠭᠡᠨ ᠵᠠᠰᠠᠬᠤ ᠵᠠᠰᠠᠭ ᠤᠨ | ᠣᠷᠳᠣᠨ ᠢ ᠤᠳᠤᠷᠢᠳᠤᠨ᠎ᠠ ᠭᠡᠵᠦ ᠳᠤᠷᠠᠳᠴᠤ᠂ ᠲᠥᠯᠥᠭᠡᠯᠡᠭᠴᠢᠳ ᠬᠤᠷᠴᠠ ᠰᠢᠷᠦᠭᠦᠨ ᠮᠠᠷᠭᠤᠯᠳᠤᠭᠠᠨ | ᠥᠷᠨᠢᠭᠦᠯᠪᠡ᠃ ᠶᠦᠨ ᠽᠧ᠂ ᠯᠢᠦ ᠴᠦᠨ ᠨᠡᠷ ᠲᠣᠳᠣᠷᠬᠠᠶ ᠵᠢᠭᠠᠵᠤ ᠭᠠᠷᠭᠠᠬᠤ ᠳᠠᠭᠠᠨ᠄ ᠠᠳᠠᠯᠢ ᠨᠢᠭᠡ ᠤᠯᠤᠰ᠂ | ᠠᠳᠠᠯᠢ ᠨᠢᠭᠡ ᠨᠡᠶᠢᠭᠡᠮ ᠳᠤ ᠡᠯ᠎ᠡ ᠦᠨᠳᠦᠰᠦᠲᠡᠨ ᠤ ᠳᠣᠲᠣᠷ᠎ᠠ ᠲᠤᠰ ᠲᠤᠰ ᠤᠨ ᠦᠭᠡᠶᠢᠭᠦᠤ ᠠᠩᠭᠢ ᠶᠢ ᠪᠤᠢ | ᠪᠣᠯᠭᠠᠵᠤ ᠴᠢᠳᠠᠬᠤ ᠦᠭᠡᠢ᠂ ᠳᠤᠮᠳᠠᠳᠤ ᠤᠯᠤᠰ ᠤᠨ ᠬᠢᠯᠢ ᠳᠣᠲᠣᠷᠠᠬᠢ ᠠᠯᠢ ᠴᠤ ᠦᠨᠳᠦᠰᠦᠲᠡᠨ ᠭᠡᠳ | ᠭᠠᠭᠴᠠᠭᠠᠷ ᠢᠶᠠᠨ ᠥᠪᠡᠷ ᠤᠨ ᠦᠨᠳᠦᠰᠦᠲᠡᠨ ᠤ ᠦᠭᠡᠶᠢᠭᠦᠤ ᠠᠩᠭᠢ ᠶᠢ ᠪᠤᠢ ᠪᠣᠯᠭᠠᠵᠤ ᠴᠢᠳᠠᠬᠤ ᠦᠭᠡᠢ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠦᠭᠡᠶᠢᠭᠦᠤ ᠠᠩᠭᠢ ᠶᠢᠨ ᠲᠦᠷᠦ ᠶᠢᠨ ᠨᠠᠮ | ᠮᠥᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ ᠶᠢ ᠲᠥᠯᠥᠭᠡᠯᠡᠬᠦ ᠠᠴᠠ | ᠪᠢᠰᠢ᠂ ᠠᠯᠢ ᠨᠢᠭᠡᠨ ᠦᠨᠳᠦᠰᠦᠲᠡᠨ ᠤ ᠨᠠᠮ ᠪᠢᠰᠢ ᠶᠤᠮ᠃ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠬᠥᠳᠡᠯᠭᠡᠭᠡᠨ ᠰᠠᠶ᠋ᠢ | ᠢᠯᠠᠯᠲᠠ ᠲᠠᠢ ᠤᠷᠤᠭᠰᠢᠯᠠᠵᠤ ᠴᠢᠳᠠᠨ᠎ᠠ ᠭᠡᠳᠡᠭ ᠢ ᠪᠣᠳᠠᠲᠤ ᠶᠠᠪᠤᠳᠠᠯ ᠭᠡᠷᠡᠴᠢᠯᠡᠪᠡ᠃ ᠵᠡᠭᠦᠨ ᠮᠣᠩᠭᠤᠯ ᠤᠨ | ᠤᠳᠤᠷᠢᠳᠬᠤ ᠬᠥᠮᠦᠰ ᠬᠡᠳᠦ᠋ᠢᠪᠡᠷ ᠡᠳᠡᠭᠡᠷ ᠵᠣᠷᠢᠯᠲᠠ ᠶᠢ ᠬᠦᠯᠢᠶᠡᠨ ᠠᠪᠤᠭᠰᠠᠨ ᠪᠣᠯᠪᠠᠴᠤ ᠥᠪᠥᠷ ᠮᠣᠩᠭᠤᠯ ᠳᠤ ᠡᠪ | ᠬᠠᠮᠲᠤ ᠨᠠᠮ ᠤᠨ ᠠᠵᠢᠯ ᠤᠨ ᠬᠤᠷᠢᠶ᠎ᠠ ᠪᠠᠶᠢᠭᠤᠯᠤᠭᠰᠠᠨ ᠴᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ | ᠪᠠᠶᠢᠭᠤᠯᠬᠤ ᠦᠭᠡᠢ᠂ ᠨᠠᠮ ᠤᠨ ᠭᠡᠰᠢᠭᠦᠨ ᠡᠯᠰᠡᠬᠦ ᠦᠭᠡᠢ᠂ ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ | ᠨᠠᠮ ᠠᠴᠠ ᠥᠪᠥᠷ ᠮᠣᠩᠭᠤᠯ ᠤᠨ ᠡᠯ᠎ᠡ ᠲᠦᠷᠦᠯ ᠤᠨ ᠠᠵᠢᠯ ᠢ ᠰᠢᠭᠤᠳ ᠤᠳᠤᠷᠢᠳᠤᠨ᠎ᠠ ᠭᠡᠰᠡᠨ ᠳᠤᠷᠠᠳᠤᠯᠭ᠎ᠠ | ᠭᠠᠷᠭᠠᠵᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠤ ᠲᠠᠷᠠᠭ᠎ᠠ᠂ | ᠤᠯᠠᠭᠠᠨᠬᠦᠤ ᠤᠯᠠᠨ ᠤᠳᠠᠭ᠎ᠠ ᠨᠠᠮ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠹᠦᠩᠭ᠎ᠠ᠂ ᠯᠢᠦ ᠴᠦᠨ᠂ ᠵᠠᠩ | ᠼᠧ᠂ ᠲᠡᠮᠦᠷᠪᠠᠭᠠᠨ᠎ᠠ᠂ ᠹᠠᠩ ᡁᠢ ᠳ᠋ᠡ᠂ ᠠᠰᠬᠠᠨ᠂ ᠬᠤ᠋ ᠵᠤᠤ ᠾᠧᠩ᠂ ᠫᠣᠩᠰᠤᠭ ᠨᠠᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠥᠪᠥᠷ ᠮᠣᠩᠭᠤᠯ ᠤᠨ ᠠᠵᠢᠯ ᠢ ᠠᠯᠢ ᠨᠢᠭᠡᠨ ᠨᠠᠮ ᠤᠨ ᠤᠳᠤᠷᠢᠳᠬᠤ ᠠᠰᠠᠭᠤᠳᠠᠯ ᠳᠤ ᠰᠠᠨᠠᠯ ᠢᠶᠠᠨ | ᠰᠢᠭᠤᠳ ᠰᠣᠯᠢᠯᠴᠠᠵᠤ᠂ ᠬᠦᠯᠢᠴᠡᠩᠭᠦᠶ ᠨᠠᠷᠢᠨ ᠨᠢᠮᠪᠠᠶ ᠢᠳᠬᠠᠬᠤ ᠠᠵᠢᠯ ᠢᠶᠠᠷ ᠳᠠᠮᠵᠢᠨ᠂ ᠬᠠᠹᠦᠩᠭ᠎ᠠ ᠵᠡᠷᠭᠡ ᠪᠠᠷ | ᠲᠥᠯᠥᠭᠡᠯᠡᠭᠦᠯᠦᠭᠰᠡᠨ ᠵᠡᠭᠦᠨ ᠮᠣᠩᠭᠤᠯ ᠤᠨ ᠤᠳᠤᠷᠢᠳᠬᠤ ᠬᠥᠮᠦᠰ ᠨᠠᠮ ᠤᠨ ᠳᠣᠲᠣᠭᠠᠳᠤ ᠶᠢᠨ ᠨᠥᠬᠦᠳ ᠤᠨ | ᠬᠠᠪᠰᠤᠷᠤᠯᠭ᠎ᠠ ᠪᠠ ᠢᠳᠬᠠᠯ ᠢ ᠬᠦᠯᠢᠶᠡᠨ ᠠᠪᠴᠤ᠂ ᠴᠢᠩ ᠦᠨᠡᠨᠴᠢ ᠪᠠᠷ ᠥᠪᠡᠷ ᠤᠨ ᠰᠢᠭᠦᠮᠵᠢᠯᠡᠯ ᠬᠢᠵᠦ᠂ ᠦᠪᠦᠷ | ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠢ ᠰᠡᠷᠭᠦᠭᠡᠬᠦ ᠵᠣᠷᠢᠯᠲᠠ ᠶᠢ ᠲᠠᠶᠠᠭᠳᠠᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠭᠰᠠᠨ ᠵᠠᠷᠴᠢᠮᠲᠤ ᠵᠣᠭᠰᠣᠯᠲᠠ ᠶᠢ ᠬᠦᠯᠢᠶᠡᠨ᠂ ᠦᠨᠳᠦᠰᠦᠲᠡᠨ ᠤ ᠦᠵᠡᠯᠲᠡᠨ ᠠᠴᠠ | ᠮᠠᠷᠺᠰ ᠤᠨ ᠦᠵᠡᠯᠳᠠᠨ ᠪᠤᠯᠪᠠ᠃ | 1947 ᠣᠨ ᠤ 5 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠵᠡᠭᠦᠨ ᠬᠤᠶᠢᠲᠤ ᠣᠷᠣᠨ ᠤ ᠳᠤᠪᠴᠢᠶ᠎ᠠ ᠠᠴᠠ᠄ ︽ᠥᠪᠥᠷ ᠮᠣᠩᠭᠤᠯ ᠤᠨ ᠨᠠᠮ ᠤᠨ ᠵᠣᠬᠢᠶᠠᠨ | ᠪᠠᠶᠢᠭᠤᠯᠤᠯᠲᠠ ᠶᠢ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠭᠡᠵᠦ ᠨᠡᠷᠡᠯᠡᠵᠦ ᠪᠣᠯᠤᠨ᠎ᠠ︾ | ᠭᠡᠵᠤ ᠵᠢᠭᠠᠪᠤᠷᠢᠯᠠᠵᠠᠢ᠃ ᠡᠨᠡ ᠪᠣᠯ ᠠᠷᠭ᠎ᠠ ᠪᠤᠳᠤᠯᠭ᠎ᠠ ᠶᠢᠨ ᠦᠵᠡᠯ ᠰᠠᠨᠠᠭ᠎ᠠ ᠲᠠᠢ ᠣᠨᠴᠠᠭᠠᠢ ᠨᠡᠷᠡᠶᠢᠳᠦᠯ ᠮᠥᠨ᠂ | ᠲᠡᠷᠡ ᠨᠢ ᠪᠤᠰᠤᠳ ᠭᠠᠵᠠᠷ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ | ᠢᠯᠭᠠᠭᠳᠠᠬᠤ ᠳᠦᠷᠢᠮᠵᠢᠯ ᠲᠠᠢ ᠨᠡᠷᠡᠶᠢᠳᠦᠯ ᠮᠥᠨ᠂ ᠲᠡᠷᠡ ᠨᠢ ᠥᠪᠥᠷ ᠮᠣᠩᠭᠤᠯ ᠤᠨ ᠦᠨᠳᠦᠰᠦᠲᠡᠨ ᠤ ᠣᠨᠴᠠᠯᠢᠭ | ᠪᠠ ᠭᠠᠵᠠᠷ ᠣᠷᠣᠨ ᠤ ᠣᠨᠴᠠᠯᠢᠭ ᠠᠴᠠ ᠡᠭᠦᠰᠴᠦ ᠳᠤᠷᠠᠳᠤᠨ ᠭᠠᠷᠭᠠᠭᠰᠠᠨ ᠶᠤᠮ᠂ ᠡᠨᠡ ᠬᠦ ᠨᠡᠷᠡᠶᠢᠳᠦᠯ ᠨᠢ | ᠲᠤᠬᠠᠢ ᠶᠢᠨ ᠦᠶ᠎ᠡ ᠶᠢᠨ ᠮᠣᠩᠭᠤᠯ ᠦᠨᠳᠦᠰᠦᠲᠡᠨ ᠤ ᠬᠤᠪᠢᠰᠬᠠᠯᠴᠢᠳ ᠪᠠ ᠬᠤᠪᠢᠰᠬᠠᠯᠲᠤ ᠵᠠᠯᠠᠭᠤᠴᠤᠳ ᠤᠨ | ᠬᠦᠯᠢᠶᠡᠨ ᠠᠪᠬᠤ ᠳᠤ ᠳᠥᠭᠦᠮ ᠪᠠᠶᠢᠵᠤ᠂ ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ | ᠠᠰᠠᠭᠤᠳᠠᠯ ᠢ ᠵᠣᠬᠢᠰᠲᠠᠢ ᠰᠢᠢᠳᠪᠦᠷᠢᠯᠡᠬᠦ ᠮᠡᠷᠭᠡᠨ ᠪᠤᠳᠤᠯᠭ᠎ᠠ ᠮᠥᠨ᠃ 5 ᠰᠠᠷ᠎ᠠ ᠶᠢᠨ 26 ᠤ ᠡᠳᠦᠷ᠂ ᠥᠪᠥᠷ | ᠮᠣᠩᠭᠤᠯ ᠤᠨ ᠡᠪ ᠬᠠᠮᠲᠤ ᠨᠠᠮ ᠤᠨ ᠠᠵᠢᠯᠯᠠᠬᠤ ᠬᠤᠷᠢᠶ᠎ᠠ ᠵᠢᠩᠬᠢᠨᠢ ᠪᠠᠷ ᠪᠠᠶᠢᠭᠤᠯᠤᠭᠳᠠᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠶᠢᠨ ᠳᠤᠪᠴᠢᠶ᠎ᠠ ᠶᠦᠨ ᠽᠧ ᠶᠢ ᠥᠪᠥᠷ ᠮᠣᠩᠭᠤᠯ ᠤᠨ | ᠡᠪ ᠬᠠᠮᠲᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠠᠷ ᠲᠣᠮᠢᠯᠠᠵᠤ᠂ ᠯᠢᠦ ᠴᠦᠨ᠂ ᠺᠦᠢ ᠪᠢ᠂ ᠬᠥᠭᠦᠷᠭᠡ ︵ | ᠺᠧ ᠯᠢ ᠭᠧᠩ︶᠂ ᠸᠠᠩ ᠽᠠᠢ ᠲᠢᠶᠠᠨ᠂ ᠸᠠᠩ ᠢ ᠯᠦᠨ᠂ ᠬᠠᠹᠦᠩᠭ᠎ᠠ᠂ ᠲᠡᠮᠦᠷᠪᠠᠭᠠᠨ᠎ᠠ᠂ ᠸᠠᠩ ᠳ᠋ᠦᠸᠧ ᠶᠢ | ᠭᠡᠰᠢᠭᠦᠨ ᠢᠶᠠᠷ ᠲᠣᠮᠢᠯᠠᠵᠤ᠂ ᠵᠠᠶᠠᠭᠠᠲᠠᠢ᠂ ᠠᠰᠬᠠᠨ ᠢ ᠣᠷᠣᠯᠠᠭᠴᠢ ᠭᠡᠰᠢᠭᠦᠨ ᠢᠶᠠᠷ ᠲᠣᠮᠢᠯᠠᠵᠤ᠂ ᠹᠠᠩ ᡁᠢ ᠳ᠋ᠡ ᠶᠢ | ᠨᠠᠷᠢᠨ ᠪᠢᠴᠢᠭ ᠤᠨ ᠳᠠᠷᠤᠭ᠎ᠠ ᠪᠠᠷ ᠲᠣᠮᠢᠯᠠᠪᠠ᠃ 6 ᠰᠠᠷ᠎ᠠ ᠶᠢᠨ 2 ᠤᠨ ᠡᠳᠦᠷ᠂ ᠥᠪᠥᠷ ᠮᠣᠩᠭᠤᠯ ᠤᠨ ᠡᠪ ᠬᠠᠮᠲᠤ | ᠨᠠᠮ ᠤᠨ ᠠᠵᠢᠯ ᠤᠨ ᠬᠤᠷᠢᠶ᠎ᠠ ︽ᠨᠠᠮ ᠪᠠᠶᠢᠭᠤᠯᠬᠤ ᠠᠰᠠᠭᠤᠳᠠᠯ ᠵᠢᠴᠢ ᠨᠠᠮ ᠤᠨ ᠳᠣᠲᠣᠭᠠᠳᠤ ᠶᠢᠨ ᠪᠦᠯᠬᠦᠮᠳᠡᠯ ᠤᠨ | ᠲᠤᠬᠠᠶ ᠰᠢᠢᠳᠪᠣᠷᠢ︾ ᠶᠢ ᠭᠠᠷᠭᠠᠵᠤ᠂ ︽ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ | ᠨᠢᠭᠡᠨᠲᠡ ᠪᠠᠶᠢᠭᠤᠯᠤᠭᠳᠠᠪᠠ᠂ ᠡᠭᠦᠨ ᠠᠴᠠ ᠤᠨᠳᠤᠤ ᠭᠠᠳᠠᠭᠤᠷ ᠨᠠᠮ ᠪᠠᠶᠢᠭᠤᠯᠬᠤ ᠶᠢ ᠵᠦᠪᠰᠢᠶᠡᠷᠡᠬᠦ ᠦᠭᠡᠢ᠃ ᠪᠦᠬᠦ | ᠨᠠᠮ ᠤᠨ ᠭᠡᠰᠢᠭᠦᠨ ᠨᠠᠮ ᠤᠨ ᠰᠢᠢᠳᠪᠣᠷᠢ ᠶᠢ ᠡᠷᠡᠰ ᠬᠡᠷᠡᠭᠵᠢᠭᠦᠯᠵᠦ᠂ ᠨᠠᠮ ᠤᠨ ᠳᠣᠲᠣᠭᠠᠳᠤ ᠶᠢᠨ ᠪᠦᠯᠬᠦᠮᠳᠡᠯ ᠢ | ᠴᠢᠩᠭᠠᠳᠬᠠᠵᠤ᠂ ᠴᠢᠩᠭ᠎ᠠ ᠵᠣᠬᠢᠶᠠᠨ ᠪᠠᠶᠢᠭᠤᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠠᠯᠬᠤᠭ᠎ᠠ ᠪᠠᠨ | ᠨᠢᠭᠡᠳᠬᠡᠵᠦ᠂ ᠠᠭᠤᠤ ᠶᠡᠭᠡ ᠪᠥᠭᠡᠳ ᠬᠠᠲᠠᠭᠤ ᠪᠡᠷᠬᠡ ᠬᠤᠪᠢᠰᠬᠠᠯᠲᠤ ᠲᠡᠮᠡᠴᠡᠯ ᠢ ᠤᠭᠲᠤᠬᠤ ᠬᠡᠷᠡᠭᠲᠡᠶ︾ ᠭᠡᠵᠡᠢ᠃ | 7 ᠰᠠᠷ᠎ᠠ ᠶᠢᠨ 1 ᠤ ᠡᠳᠦᠷ᠂ ᠸᠠᠩ ᠤᠨ ᠰᠦᠮ᠎ᠡ ︵ᠣᠲᠣ ᠶᠢᠨ ᠤᠯᠠᠭᠠᠨᠬᠤᠲᠠ︶ ᠳᠤ | ᠬᠤᠷᠠᠯᠳᠤᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 26 ᠵᠢᠯ ᠤᠨ ᠣᠶ ᠶᠢ | ᠪᠡᠯᠭᠡᠯᠡᠬᠦ ᠶᠡᠭᠡ ᠬᠤᠷᠠᠯ ᠳᠡᠭᠡᠷ᠎ᠡ ᠶᠦᠨ ᠽᠧ ᠨᠦᠬᠦᠷ ᠶᠠᠷᠢᠶ᠎ᠠ ᠲᠠᠯᠪᠢᠵᠤ ︽ᠥᠨᠥᠳᠦᠷ ᠪᠣᠯ ᠥᠪᠥᠷ ᠮᠣᠩᠭᠤᠯ ᠤᠨ | ᠡᠪ ᠬᠠᠮᠲᠤ ᠨᠠᠮ ᠤᠨ ᠠᠵᠢᠯ ᠤᠨ ᠬᠤᠷᠢᠶ᠎ᠠ ᠶᠢᠨ ᠮᠡᠨᠳᠦᠯᠡᠭᠰᠡᠨ ᠡᠳᠦᠷ ᠮᠥᠨ︾ ᠭᠡᠵᠤ ᠲᠤᠩᠬᠠᠭᠯᠠᠵᠠᠢ᠃ 7 | ᠰᠠᠷ᠎ᠠ ᠶᠢᠨ 9 ᠤ ᠡᠳᠦᠷ᠂ ᠤᠯᠠᠭᠠᠨᠬᠤᠲᠠ ᠳᠤ ᠶᠠᠪᠤᠭᠳᠠᠭᠰᠠᠨ ᠣᠯᠠᠨ ᠲᠦᠮᠡᠨ ᠤ ᠶᠡᠭᠡ ᠬᠤᠷᠠᠯ ᠳᠡᠭᠡᠷ᠎ᠡ᠂ ᠶᠦᠨ | ᠽᠧ ᠠᠴᠠ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠪᠠᠶᠢᠭᠤᠯᠤᠭᠳᠠᠭᠰᠠᠨ ᠢ ᠢᠯᠡ ᠪᠠᠷ | ᠵᠠᠷᠯᠠᠪᠠ᠃ ᠡᠨᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠳᠠᠬᠢ ᠤᠳᠤᠷᠢᠳᠬᠤ ᠪᠠᠶᠢᠷᠢ | ᠰᠠᠭᠤᠷᠢ ᠲᠣᠭᠲᠠᠵᠤ᠂ ᠥᠪᠥᠷ ᠮᠣᠩᠭᠤᠯ ᠤᠨ ᠨᠠᠮ ᠤᠨ ᠵᠣᠬᠢᠶᠠᠨ ᠪᠠᠶᠢᠭᠤᠯᠤᠯᠲᠠ ᠪᠠᠲᠤ ᠴᠢᠩᠭ᠎ᠠ᠂ ᠨᠢᠭᠡᠳᠦᠯᠲᠡᠢ | ᠬᠠᠮᠲᠤ ᠨᠡᠶᠢᠲᠡ ᠪᠤᠯᠵᠤ ᠪᠦᠷᠢᠯᠳᠦᠵᠤ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠥᠪᠥᠷ ᠮᠣᠩᠭᠤᠯ ᠤᠨ ᠡᠪ ᠬᠠᠮᠲᠤ | ᠨᠠᠮ ᠤᠨ ᠠᠵᠢᠯ ᠤᠨ ᠬᠤᠷᠢᠶ᠎ᠠ ᠪᠠᠶᠢᠭᠤᠯᠤᠭᠳᠠᠭᠰᠠᠨ ᠨᠢ ᠥᠪᠥᠷ ᠮᠣᠩᠭᠤᠯ ᠣᠷᠣᠨ ᠤ ᠮᠣᠩᠭᠤᠯ ᠬᠢᠲᠠᠳ | ᠦᠨᠳᠦᠰᠦᠲᠡᠨ ᠨᠦᠭᠦᠳ ᠤᠨ ᠠᠷᠠᠳ ᠲᠦᠮᠡᠨ᠂ ᠢᠯᠠᠩᠭᠤᠶ᠎ᠠ ᠥᠷᠭᠡᠨ ᠣᠯᠠᠨ ᠮᠣᠩᠭᠤᠯ ᠦᠨᠳᠦᠰᠦᠲᠡᠨ ᠤ | ᠵᠠᠯᠠᠭᠤᠴᠤᠳ ᠤᠨ ᠬᠠᠯᠠᠭᠤᠨ ᠬᠦᠷᠢᠶᠡᠯᠡᠯ ᠢ ᠣᠯᠵᠤ᠂ ᠥᠪᠥᠷ ᠮᠣᠩᠭᠤᠯ ᠤᠨ ᠬᠤᠪᠢᠰᠬᠠᠯ ᠤᠨ ᠦᠢᠯᠡᠰ ᠤᠨ | ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ |