ᠮᠤᠩᠭᠤᠯ ᠮᠤᠷᠢᠨ ᠤ ᠵᠤᠷᠢᠭ ᠰᠠᠨᠠᠭ᠎ᠠ ᠶᠢᠨ ᠰᠢᠳᠤᠷᠭᠤ ᠦᠢᠯᠡᠳᠦᠯᠭᠡᠵᠢᠬᠦᠯᠦᠭᠴᠢ ᠪᠤᠯᠰᠤᠭᠠᠢ
ᠨᠡᠶᠢᠲᠡᠯᠡᠭᠰᠡᠨ ᠴᠠᠭ᠄
2020-05-21
       ᠦᠪᠦᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ        ᠨᠢᠭᠡ ᠦᠨᠳᠦᠰᠦᠳᠡᠨ᠂ ᠨᠢᠭᠡ ᠤᠯᠤᠰ ᠪᠤᠶᠤ ᠨᠢᠭᠡ ᠭᠠᠵᠠᠷ ᠤᠷᠤᠨ ᠤ ᠦᠨᠡᠨ ᠪᠤᠳᠠᠳᠠᠢ ᠡᠳ᠋ ᠬᠦᠷᠦᠩᠭᠡ ᠪᠤᠯ ᠪᠤᠳᠠᠳᠠᠢ ᠡᠳ᠋ ᠪᠤᠳᠠᠰ ᠤᠨ ᠬᠦᠷᠦᠩᠭᠡ ᠳᠡᠳᠦᠢ ᠦᠭᠡᠢ ᠨᠡᠩ ᠴᠦ ᠨᠢᠳᠤᠨ ᠳᠤ ᠦᠵᠡᠭᠳᠡᠵᠦ ᠭᠠᠷ ᠲᠤ ᠪᠠᠷᠢᠬᠳᠠᠳᠠᠭ ᠦᠭᠡᠢ ᠵᠤᠷᠢᠭ ᠰᠠᠨᠠᠭᠠᠨ ᠤ ᠬᠦᠴᠦᠨ ᠪᠤᠯᠬᠤ ᠶᠢ ᠲᠡᠦᠭᠡ ᠪᠠ ᠪᠤᠳᠠᠳᠤ ᠠᠬᠤᠢ ᠭᠡᠷᠡᠴᠢᠯᠡᠵᠡᠢ᠃ ᠵᠤᠷᠢᠭ ᠰᠠᠨᠠᠭ᠎ᠠ ᠪᠠᠶᠢᠪᠠᠯ ᠲᠦᠰᠢᠭ ᠲᠤᠯᠭᠠᠭᠤᠷᠢ ᠲᠠᠢ ᠪᠤᠯᠵᠦ᠂ ᠲᠦᠰᠢᠭ ᠲᠤᠯᠭᠠᠭᠤᠷᠢ ᠲᠠᠢ ᠪᠤᠯᠪᠠᠯ ᠬᠦᠴᠦᠨ ᠴᠢᠳᠠᠯ ᠲᠠᠢ ᠪᠤᠯᠵᠦ᠂ ᠤᠷᠤᠬᠰᠢᠯᠠᠬᠤ ᠵᠠᠮ ᠳᠡᠭᠡᠷ᠎ᠠ ᠠᠶᠦᠯ ᠲᠦᠭᠰᠢᠬᠦᠷᠢ ᠠᠴᠠ ᠦᠯᠦ ᠰᠦᠷᠳᠡᠵᠦ᠂ ᠪᠡᠷᠭᠡ ᠶᠢ ᠳᠠᠪᠠᠨ ᠬᠦᠴᠢᠷ ᠢ ᠲᠤᠭᠤᠯᠵᠦ ᠴᠢᠳᠠᠨ᠎ᠠ᠃       ︽ᠵᠤᠪᠠᠯ ᠵᠦᠳᠡᠭᠦᠷᠢ ᠶᠢ ᠲᠡᠰᠪᠤᠷᠢᠯᠡᠨ᠂ ᠴᠤᠴᠠᠯᠳᠠ ᠦᠭᠡᠢ ᠤᠷᠤᠬᠰᠢᠯᠠᠵᠦ᠂ ᠵᠤᠷᠢᠬᠰᠠᠨ ᠳᠠᠭᠠᠨ ᠵᠠᠪᠠᠯ ᠬᠦᠷᠬᠦ︾ ᠮᠤᠩᠭᠤᠯ ᠮᠤᠷᠢᠨ ᠤ ᠵᠤᠷᠢᠭ ᠰᠠᠨᠠᠭ᠎ᠠ ᠨᠢ ᠤᠷᠳᠤ ᠤᠳᠠᠭᠠᠨ ᠲᠡᠦᠭᠡ ᠶᠢᠨ ᠶᠠᠪᠤᠴᠠ ᠳᠤᠮᠳᠠ ᠪᠠ ᠦᠢᠯᠡᠳᠪᠤᠷᠢᠯᠡᠯ ᠠᠮᠢᠳᠤᠷᠠᠯ ᠤᠨ ᠦᠢᠯᠡᠳᠦᠯᠭᠡ ᠳᠤᠮᠳᠠ ᠳᠠᠰᠤᠷᠠᠯᠳᠠ ᠦᠭᠡᠢ ᠲᠠᠪᠳᠠᠭᠳᠠᠨ ᠪᠤᠯᠪᠠᠰᠤᠷᠠᠬᠳᠠᠭᠰᠠᠨ ᠶᠤᠮ᠃ ᠮᠤᠩᠭᠤᠯ ᠮᠤᠷᠢᠨ ᠤ ᠵᠤᠷᠢᠭ ᠰᠠᠨᠠᠭ᠎ᠠ ᠳᠤ ᠲᠠᠯ᠎ᠠ ᠨᠤᠳᠤᠭ ᠤᠨ ᠠᠷᠠᠳ ᠲᠦᠮᠡᠨ ᠤ ᠬᠠᠮᠤᠭ ᠤᠨ ᠬᠦᠨ ᠬᠦᠨᠵᠡᠭᠡᠢ ᠵᠤᠷᠢᠭ ᠰᠠᠨᠠᠭᠠᠨ ᠤ ᠬᠦᠭᠡᠭᠡᠴᠡᠯᠳᠦᠯ ᠠᠭᠤᠯᠤᠭᠳᠠᠵᠦ᠂ ᠲᠠᠯ᠎ᠠ ᠨᠤᠳᠤᠭ ᠤᠨ ᠠᠷᠠᠳ ᠲᠦᠮᠡᠨ ᠤ ᠦᠪᠡᠷᠮᠢᠴᠡ ᠵᠤᠷᠢᠭ ᠰᠠᠨᠠᠭᠠᠨ ᠤ ᠪᠡᠯᠭᠡ ᠲᠡᠮᠳᠡᠭ ᠢ ᠲᠦᠯᠦᠭᠡᠯᠡᠵᠦ ᠪᠠᠶᠢᠳᠠᠭ᠂ ᠡᠨᠡ ᠨᠢ ᠲᠠᠯ᠎ᠠ ᠨᠤᠳᠤᠭ ᠤᠨ ᠠᠷᠠᠳ ᠲᠦᠮᠡᠨ ᠤ ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠵᠦ᠂ ᠲᠠᠰᠤᠷᠠᠯᠳᠠ ᠦᠭᠡᠢ ᠤᠷᠤᠬᠰᠢᠯᠠᠬᠤ ᠶᠢ ᠵᠤᠷᠢᠬᠵᠢᠭᠤᠯᠬᠤ ᠵᠤᠷᠢᠭ ᠰᠠᠨᠠᠭᠠᠨ ᠤ ᠬᠦᠳᠡᠯᠭᠡᠬᠦ ᠬᠦᠴᠦᠨ ᠮᠦᠨ᠃ ᠰᠢᠨ᠎ᠠ ᠴᠠᠭ ᠦᠶ᠎ᠠ ᠳᠤ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠨᠢ ᠦᠨᠳᠦᠰᠦ ᠶᠢ ᠴᠤᠬᠴᠠᠯᠠᠨ ᠰᠦᠭ ᠰᠦᠨᠡᠰᠦ ᠶᠢ ᠱᠤᠭᠤᠬᠤ ᠵᠠᠶᠢᠯᠠᠰᠢ ᠦᠭᠡᠢ ᠰᠤᠩᠭᠤᠯᠳᠠ ᠪᠤᠯᠬᠤ ᠪᠠᠷ ᠪᠠᠷᠠᠬᠤ ᠦᠭᠡᠢ ᠪᠠᠰᠠ ᠬᠦᠭᠵᠢᠯᠳᠠ ᠶᠢ ᠠᠬᠢᠭᠤᠯᠬᠤ ᠤᠶᠤᠨᠯᠢᠬ ᠬᠦᠭᠡᠭᠡᠴᠡᠯᠳᠦᠯ ᠪᠤᠯᠤᠨ᠎ᠠ᠃       ᠮᠤᠩᠭᠤᠯ ᠮᠤᠷᠢᠨ ᠤ ᠵᠤᠷᠢᠭ ᠰᠠᠨᠠᠭ᠎ᠠ ᠨᠢ ᠭᠡᠶᠢᠰᠪᠤᠷᠢ ᠤᠬᠠᠬᠳᠠᠬᠤᠨ ᠪᠢᠰᠢ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠳᠤ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠤᠳᠠᠳᠠᠶᠢᠵᠢᠭᠤᠯᠵᠦ᠂ ᠲᠦᠷᠰᠦᠵᠢᠬᠦᠯᠵᠦ᠂ ᠨᠡᠶᠢᠭᠡᠮ ᠤᠨ ᠠᠮᠢᠳᠤᠷᠠᠯ ᠤᠨ ᠡᠯ᠎ᠠ ᠲᠠᠯ᠎ᠠ ᠳᠤ ᠦᠨᠡᠨ ᠬᠦ ᠠᠭᠤᠰᠤᠯᠴᠠᠭᠤᠯᠬᠤ ᠭᠡᠷᠡᠭᠲᠡᠢ᠃ ᠦᠳᠭᠡᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠦ᠂ ᠲᠤᠭᠤᠰᠢᠯᠠᠭᠤᠯᠬᠤ᠂ ᠤᠶᠠᠯᠳᠤᠭᠤᠯᠬᠤ᠂ ᠠᠭᠤᠰᠤᠯᠴᠠᠭᠤᠯᠬᠤ ᠲᠠᠯ᠎ᠠ ᠪᠠᠷ ᠬᠦᠴᠦᠯᠡᠨ᠂ ᠪᠤᠳᠠᠳᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠡᠶᠡᠯᠡᠬᠦᠯᠵᠦ᠂ ᠦᠯᠦ ᠮᠡᠳᠡᠭᠳᠡᠮ᠎ᠠ ᠨᠦᠯᠦᠭᠡᠯᠡᠬᠦ ᠪᠠᠷ ᠴᠢᠷᠮᠠᠶᠢᠬᠤ ᠭᠡᠷᠡᠭᠲᠡᠢ᠃ ᠤᠯᠠᠮᠵᠢᠯᠠᠨ ᠵᠠᠯᠭᠠᠮᠵᠢᠯᠠᠬᠤ ᠠᠷᠭ᠎ᠠ ᠪᠠᠷᠢᠯ ᠢᠶᠠᠨ ᠰᠢᠨᠡᠴᠢᠯᠡᠵᠥ᠂ ᠮᠤᠩᠭᠤᠯ ᠮᠤᠷᠢᠨ ᠤ ᠵᠤᠷᠢᠭ ᠰᠠᠨᠠᠭ᠎ᠠ ᠪᠠᠷ ᠴᠦᠮ᠎ᠡ ᠪᠤᠯᠭᠠᠭᠰᠠᠠ ᠮᠤᠩᠭᠤᠯ ᠦᠨᠳᠦᠰᠦᠳᠡᠨ ᠤ ᠠᠳᠤᠭᠤᠨ ᠰᠤᠶᠤᠯ ᠤᠨ ᠡᠬᠢ ᠪᠠᠶᠠᠯᠢᠭ ᠢ ᠬᠦᠨᠵᠡᠬᠡᠢ ᠠᠭᠤᠳᠠᠯᠯᠠᠵᠥ᠂ ᠰᠢᠯᠢᠳᠡᠭ ᠰᠤᠶᠤᠯ ᠤᠨ ᠪᠦᠳᠦᠬᠡᠯᠴᠢ ᠴᠢᠨᠠᠷᠳᠠᠢ ᠤᠨᠳᠤᠤᠰᠢᠭᠤᠯᠤᠯᠳᠠ ᠪᠤᠯᠤᠨ ᠰᠢᠨᠡᠴᠢᠯᠡᠯᠳᠡ ᠶᠢᠨ ᠴᠢᠨᠠᠷᠳᠠᠢ ᠬᠦᠭᠵᠢᠯᠳᠡ ᠶᠢ ᠪᠡᠶᠡᠯᠡᠬᠦᠯᠬᠦ ᠬᠡᠷᠡᠭᠳᠡᠢ᠃ ᠰᠤᠶᠤᠯ ᠤᠨ ᠠᠴᠢᠶᠠᠯᠠᠪᠤᠷᠢ ᠶᠢ ᠪᠠᠶᠠᠯᠢᠬᠵᠢᠭᠤᠯᠵᠥ᠂ ᠰᠢᠯᠥᠭ᠂ ᠦᠬᠦᠯᠡᠯᠬᠡ᠂ ᠺᠢᠨᠣ᠋ ᠵᠡᠷᠬᠡ ᠦᠵᠡᠯ ᠰᠠᠨᠠᠭᠠᠴᠢ ᠴᠢᠨᠠᠷ ᠪᠤᠯᠤᠨ ᠤᠷᠠᠯᠢᠬᠴᠢ ᠴᠢᠨᠠᠷ ᠢ ᠨᠢᠬᠡ ᠴᠤᠭᠴᠠᠵᠢᠭᠤᠯᠤᠬᠰᠠᠠ ᠰᠤᠶᠤᠯ ᠤᠨ ᠪᠦᠳᠦᠬᠡᠭᠳᠡᠬᠦᠨ ᠢ ᠵᠤᠬᠢᠶᠠᠨ ᠪᠦᠳᠦᠬᠡᠬᠦ ᠪᠠᠷ ᠲᠠᠮᠵᠢᠨ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠤᠯᠠᠮᠵᠢᠯᠠᠵᠥ᠂ ᠬᠦᠮᠥᠰ ᠤᠨ ᠮᠤᠩᠭᠤᠯ ᠮᠤᠷᠢᠨ ᠤ ᠵᠤᠷᠢᠭ ᠰᠠᠨᠠᠭᠠᠨ ᠤ ᠲᠤᠬᠠᠢ ᠦᠵᠡᠯ ᠰᠠᠨᠠᠭᠠᠨ ᠤ ᠴᠤᠤᠷᠢᠶᠠᠳᠤᠯ ᠢ ᠨᠡᠮᠡᠭᠳᠡᠬᠦᠯᠬᠦ ᠬᠡᠷᠡᠭᠳᠡᠢ᠃       ᠨᠢᠬᠡ ᠵᠦᠢᠯ ᠤᠨ ᠵᠤᠷᠢᠭ ᠰᠠᠨᠠᠭᠠᠨ ᠤ ᠲᠤᠬᠠᠢ ᠪᠠᠭᠠᠳᠤᠷ ᠵᠢᠱᠢᠶᠡᠴᠢ᠂ ᠨᠡᠶᠢᠳᠡᠯᠢᠭ ᠲᠦᠯᠥᠬᠡᠯᠡᠭᠴᠢ ᠶᠢᠨ ᠲᠡᠨᠳᠡ ᠠᠴᠠ ᠬᠠᠷᠢᠭᠤᠯᠳᠠ ᠤᠯᠵᠥ ᠪᠤᠯᠤᠨ᠎ᠠ᠂ ᠨᠡᠩ ᠴᠤ ᠦᠷᠬᠡᠨ ᠤᠯᠠᠨ ᠲᠦᠮᠡᠨ ᠤ ᠨᠡᠶᠢᠳᠡᠮ ᠤᠨ ᠠᠵᠢᠯᠯᠠᠭ᠎ᠠ ᠪᠤᠯᠤᠨ ᠨᠡᠶᠢᠬᠡᠮ ᠤᠨ ᠦᠢᠯᠡᠳᠦᠯᠬᠡ ᠶᠢᠨ ᠲᠤᠮᠳᠠ ᠭᠠᠶᠢᠬᠠᠭᠤᠯᠬᠤ ᠬᠡᠷᠡᠭᠳᠡᠢ᠃ ᠨᠢᠬᠡ ᠲᠡᠯ᠎ᠡ ᠪᠠᠷ᠂ ᠪᠢᠳᠡ ᠲᠡᠷᠬᠡᠳᠡᠬᠢ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠦᠢᠯᠡᠳᠦᠯᠬᠡᠵᠢᠬᠦᠯᠵᠥ ᠪᠠᠶᠢᠭ᠎ᠠ ᠲᠡᠷᠢᠬᠦᠨ ᠤ ᠨᠡᠶᠢᠳᠡᠯᠢᠭ ᠵᠢᠱᠢᠶ᠎ᠡ ᠪᠠᠷ ᠦᠯᠢᠬᠡᠷ ᠲᠠᠭᠤᠷᠢᠶᠠᠯ ᠪᠤᠯᠭᠠᠨ ᠰᠤᠷᠤᠯᠴᠠᠵᠥ᠂ ᠲᠡᠳᠡᠨ ᠤ ᠪᠡᠶ᠎ᠡ ᠲᠡᠬᠡᠷᠡᠬᠢ ᠵᠤᠪᠠᠭᠤᠷᠢ ᠶᠢ ᠡᠳ᠋ᠯᠡᠵᠥ ᠵᠦᠳᠡᠬᠦᠷᠢ ᠶᠢ ᠲᠡᠰᠪᠦᠷᠢᠯᠡᠳᠡᠭ ᠵᠠᠩ ᠴᠢᠨᠠᠷ᠂ ᠠᠮᠢ ᠴᠦᠯᠠᠨ ᠲᠡᠮᠡᠴᠡᠳᠡᠭ ᠢᠳᠡᠬᠡᠯ ᠪᠢᠰᠢᠷᠡᠯ᠂ ᠵᠤᠷᠢᠬᠳᠡᠢ ᠪᠠᠷ ᠭᠠᠪᠰᠢᠭᠠᠢᠢᠯᠠᠵᠥ ᠵᠤᠷᠢᠬᠳᠡᠢ ᠪᠠᠷ ᠲᠤᠷᠰᠢᠳᠠᠭ ᠰᠦᠰᠦ ᠵᠤᠷᠢᠭ ᠪᠤᠯᠤᠨ ᠵᠤᠷᠢᠬᠳᠡᠢ ᠪᠠᠷ ᠪᠤᠰᠤᠳ ᠠᠴᠠ ᠵᠠᠪᠳᠤᠳᠠᠭ ᠤᠮᠤᠭ ᠵᠤᠷᠢᠭ ᠢ ᠰᠤᠷᠤᠯᠴᠠᠵᠥ᠂ ᠠᠵᠢᠯ ᠬᠢᠵᠥ ᠦᠢᠯᠡᠰ ᠪᠤᠰᠬᠠᠬᠤ ᠤᠷᠮ᠎ᠡ ᠰᠡᠳᠬᠢᠯᠬᠡ ᠪᠤᠯᠤᠨ ᠬᠦᠴᠦᠨ ᠴᠢᠳᠠᠯ ᠢ ᠨᠢ ᠤᠯᠠᠮ ᠴᠢᠨᠠᠬᠰᠢᠳᠠ ᠬᠦᠭᠵᠢᠬᠡᠬᠦ ᠬᠡᠷᠡᠭᠳᠡᠢ︔ ᠨᠦᠬᠦᠬᠡ ᠲᠡᠯ᠎ᠡ ᠪᠠᠷ᠂ ᠪᠢᠳᠡ ᠪᠠᠰᠠ ᠦᠪᠡᠷ ᠤᠨ ᠪᠡᠶ᠎ᠡ ᠠᠴᠠ ᠪᠠᠨ ᠡᠬᠢᠯᠡᠨ ᠬᠢᠵᠥ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢᠨ ᠠᠴᠢᠶᠠᠯᠠᠬᠴᠢ᠂ ᠪᠠᠳᠠᠷᠠᠭᠤᠯᠤᠬᠴᠢ᠂ ᠦᠢᠯᠡᠳᠦᠯᠬᠡᠵᠢᠬᠦᠯᠥᠭᠴᠢ ᠪᠤᠯᠬᠤ ᠪᠠᠷ ᠴᠢᠷᠮᠡᠶᠢᠵᠥ᠂ ᠡᠬᠦᠷᠢᠳᠡ ᠦᠯᠥ ᠴᠠᠯᠠᠭᠠᠢᠢᠷᠠᠬᠤ ᠤᠶᠤᠨ ᠰᠠᠨᠠᠭᠠᠨ ᠤ ᠲᠦᠷᠰᠦ ᠪᠠᠶᠢᠳᠠᠯ ᠪᠤᠯᠤᠨ ᠴᠤᠴᠡᠯᠳᠡ ᠦᠬᠡᠢ ᠤᠷᠤᠭᠰᠢᠯᠠᠬᠤ ᠲᠡᠮᠡᠴᠡᠯ ᠤᠨ ᠲᠦᠷᠰᠦ ᠪᠠᠶᠢᠳᠠᠯ ᠢᠶᠠᠷ᠂ ᠰᠢᠨ᠎ᠡ ᠵᠢᠳᠬᠦᠯ ᠴᠢᠷᠮᠡᠶᠢᠯᠭ᠎ᠠ ᠪᠠᠨ ᠢᠯᠡᠷᠡᠬᠦᠯᠵᠥ᠂ ᠰᠢᠨ᠎ᠡ ᠵᠤᠬᠢᠶᠠᠨ ᠪᠦᠳᠦᠬᠡᠯᠬᠡ ᠪᠠᠨ ᠬᠦᠭᠵᠢᠬᠡᠵᠥ᠂ ᠰᠢᠨ᠎ᠡ ᠲᠦᠷᠢ ᠲᠦᠷᠬᠦ ᠪᠠᠨ ᠢᠯᠡᠷᠡᠬᠦᠯᠬᠦ ᠬᠡᠷᠡᠭᠳᠡᠢ᠃       ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠶᠢᠨ ᠵᠠᠩᠭᠢᠯᠠᠭ᠎ᠠ ᠨᠢ ᠠᠵᠢᠯᠯᠠᠭ᠎ᠠ ᠲᠠᠭᠡᠷ᠎ᠡ ᠪᠠᠨ ᠨᠠᠶᠢᠳᠠᠪᠤᠷᠢᠵᠢᠭᠤᠯᠵᠤ᠂ ᠬᠦᠭᠵᠢᠯᠳᠠ ᠶᠢᠨ ᠲᠤᠮᠳᠠ ᠢᠯᠡᠷᠡᠬᠦᠯᠬᠦ ᠳᠤ ᠪᠠᠶᠢᠨ᠎ᠡ᠃ ᠬᠡᠢ ᠪᠤᠳᠤᠯ ᠳᠤ ᠪᠠᠷᠢᠬᠳᠠᠬᠤ ᠦᠭᠡᠢ᠂ ᠬᠤᠭᠤᠰᠤᠨ ᠲᠠᠭᠤᠨ ᠠᠴᠠ ᠠᠶᠤᠬᠤ ᠦᠭᠡᠢ᠂ ᠠᠵᠢᠯ ᠢᠶᠠᠨ ᠯᠠᠪᠳᠠᠭᠤᠨ ᠪᠤᠳᠠᠳᠠᠢ ᠰᠠᠶᠢᠳᠤᠷ ᠬᠢᠵᠤ᠂ ᠪᠡᠷᠭᠡ ᠶᠢ ᠲᠠᠪᠡᠨ ᠬᠦᠴᠢᠷ ᠢ ᠲᠤᠭᠤᠯᠬᠤ ᠲᠤᠮᠳᠠ ᠠᠤᠭ᠎ᠠ ᠲᠦᠰᠦᠪ ᠪᠤᠯᠤᠨ ᠴᠢᠬᠤᠯᠠ ᠶᠡᠭᠡ ᠪᠠᠶᠢᠷᠢᠯᠠᠭᠤᠯᠤᠯᠳᠠ ᠶᠢ ᠰᠠᠶᠢᠨ ᠰᠠᠶᠢᠬᠠᠨ ᠪᠤᠳᠠᠳᠤ ᠠᠬᠤᠢ ᠪᠤᠯᠭᠠᠨ ᠬᠤᠪᠢᠷᠠᠭᠤᠯᠬᠤ ᠨᠢ ᠲᠠᠷᠤᠢ ᠮᠤᠩᠭᠤᠯ ᠮᠤᠷᠢᠨ ᠤ ᠵᠤᠷᠢᠭ ᠰᠠᠨᠠᠭᠠᠨ ᠤ ᠰᠡᠳᠦᠪ ᠤᠨ ᠲᠤᠳᠤᠷᠠᠬᠢ ᠤᠳᠬ᠎ᠠ ᠪᠤᠯᠤᠨ᠎ᠡ᠃ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠬᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠠ ᠶᠢ ᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠵᠡᠷᠭᠡ ᠮᠠᠨ ᠤ ᠤᠷᠤᠨ ᠤ ᠤᠳᠤᠬᠠᠨ ᠤ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠵᠤᠷᠢᠬᠳᠠᠢ ᠪᠠᠷ ᠤᠷᠤᠬᠰᠢᠯᠠᠨ ᠲᠠᠪᠰᠢᠬᠤ᠂ ᠨᠡᠭᠡᠭᠡᠯᠳᠠ ᠬᠢᠵᠤ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠤᠯᠤᠨ ᠰᠢᠷᠭᠠᠭᠤ ᠠᠵᠢᠯᠯᠠᠬᠤ᠂ ᠦᠨᠡᠨ ᠬᠦ ᠠᠳᠬᠤᠵᠤ ᠪᠤᠳᠠᠳᠠᠢ ᠠᠵᠢᠯᠯᠠᠬᠤ ᠰᠠᠨᠠᠭᠠᠴᠢᠯᠠᠭᠠᠳᠤ ᠠᠵᠢᠯᠯᠠᠭ᠎ᠠ ᠪᠤᠯᠭᠠᠪᠡᠯ ᠰᠠᠶ᠋ᠢ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠪᠤᠳᠠᠳᠠᠢ ᠠᠴᠢᠶᠠᠯᠠᠬᠴᠢ ᠪᠠᠨ ᠤᠯᠵᠤ᠂ ᠦᠪᠤᠷ ᠮᠤᠩᠭᠤᠯ ᠤᠨ ᠦᠭᠡᠷᠡᠴᠢᠯᠡᠯᠳᠠ ᠬᠦᠭᠵᠢᠯᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠤ ᠴᠢᠳᠠᠨ᠎ᠡ᠃       ︽ᠮᠤᠳᠤ ᠤᠷᠭᠤᠬᠤ ᠳᠠᠭᠠᠨ ᠤᠰᠤ ᠬᠦᠷᠦᠰᠦᠨ ᠳᠤ ᠰᠢᠮᠡᠵᠢᠵᠤ᠂ ᠬᠦᠮᠦᠨ ᠠᠮᠢᠳᠤᠷᠠᠬᠤ ᠳᠠᠭᠠᠨ ᠤᠶᠤᠨ ᠰᠠᠨᠠᠭᠠᠨ ᠳᠤ ᠲᠦᠰᠢᠭᠯᠡᠨ᠎ᠡ︾᠃ ᠨᠢᠭᠡ ᠬᠦᠮᠦᠨ ᠤ ᠦᠰᠦᠨ ᠪᠤᠶᠢᠵᠢᠯᠳᠠ ᠨᠢ ᠤᠶᠤᠨ ᠰᠠᠨᠠᠭᠠᠨ ᠤ ᠰᠢᠮ᠎ᠡ ᠲᠡᠵᠢᠭᠡᠯ ᠢ ᠭᠡᠷᠡᠭᠰᠡᠵᠤ᠂ ᠨᠢᠭᠡ ᠦᠨᠳᠤᠰᠤᠳᠡᠨ᠂ ᠤᠯᠤᠰ ᠪᠤᠶᠤ ᠭᠠᠵᠠᠷ ᠤᠷᠤᠨ ᠤ ᠬᠦᠭᠵᠢᠯᠳᠠ ᠨᠢ ᠠᠳᠠᠯᠢᠬᠠᠨ ᠤᠶᠤᠨ ᠰᠠᠨᠠᠭᠠᠨ ᠤ ᠲᠤᠯᠭᠠᠭᠤᠷᠢᠯᠠᠯ ᠢ ᠭᠡᠷᠡᠭᠰᠡᠨ᠎ᠡ᠃ ᠪᠢᠳᠠ ᠪᠦᠬᠦᠳᠡᠭᠡᠷ ᠲᠦᠮᠡᠨ ᠠᠬᠳᠠ ᠶᠢᠨ ᠲᠦᠪᠡᠷᠭᠡᠨ ᠤ ᠰᠦᠷ ᠬᠦᠴᠤᠨ ᠢᠶᠠᠷ᠂ ᠬᠤᠷᠳᠤᠨ ᠮᠤᠷᠢᠨ ᠳᠠᠭᠠᠨ ᠲᠠᠰᠢᠭᠤᠷ ᠲᠠᠯᠪᠢᠬᠤ ᠡᠷᠴᠢᠮ ᠢᠶᠠᠷ᠂ ᠮᠠᠩᠯᠠᠶᠢᠯᠠᠬᠤ ᠪᠠᠷ ᠮᠠᠷᠡᠶᠢᠨ ᠴᠢᠷᠮᠠᠶᠢᠬᠤ ᠰᠦᠰᠤ ᠵᠤᠷᠢᠭ ᠢᠶᠠᠷ᠂ ᠮᠤᠩᠭᠤᠯ ᠮᠤᠷᠢᠨ ᠤ ᠵᠤᠷᠢᠭ ᠰᠠᠨᠠᠭᠠᠨ ᠤ ᠦᠨᠡᠨᠴᠢ ᠰᠢᠳᠤᠷᠭᠤ ᠦᠢᠯᠡᠳᠦᠯᠭᠡᠵᠢᠬᠦᠯᠦᠭᠴᠢ ᠪᠤᠯᠵᠤ᠂ ᠬᠤᠪᠢ ᠬᠦᠮᠦᠨ ᠤ ᠠᠮᠢᠳᠤᠷᠠᠯ ᠤᠨ ᠬᠦᠰᠡᠯ ᠬᠦᠭᠡᠭᠡᠴᠡᠯᠳᠦᠯ ᠢᠶᠠᠨ ᠴᠠᠭ ᠦᠶ᠎ᠡ ᠶᠢᠨ ᠬᠦᠭᠵᠢᠯᠳᠠ ᠶᠢᠨ ᠶᠡᠭᠡ ᠤᠷᠤᠰᠬᠠᠯ ᠲᠠᠢ ᠠᠭᠤᠰᠤᠯᠴᠠᠭᠤᠯᠵᠤ᠂ ᠮᠠᠨ ᠤ ᠤᠷᠤᠨ ᠤ ᠡᠯ᠎ᠡ ᠵᠦᠢᠯ ᠤᠨ ᠠᠵᠢᠯ ᠤᠨ ᠲᠠᠰᠤᠷᠠᠯᠳᠠ ᠦᠭᠡᠢ ᠰᠢᠨ᠎ᠡ ᠲᠡᠭᠳᠡᠷ ᠲᠤ ᠭᠠᠷᠬᠤ ᠶᠢ ᠠᠬᠢᠭᠤᠯᠵᠤ᠂ ᠡᠭᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠰᠤᠭᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号