ᠤᠷᠤᠰᠢᠨ ᠠᠮᠢᠳᠦᠷᠠᠬᠤ ᠳᠤ ᠰᠦᠰᠦ ᠵᠤᠷᠢᠬ ᠤᠷᠤᠬᠰᠢ ᠲᠠᠪᠰᠢᠬᠤ ᠳᠤ ᠤᠶᠤᠨ ᠤᠬᠠᠭᠠᠨ
ᠨᠡᠶᠢᠲᠡᠯᠡᠭᠰᠡᠨ ᠴᠠᠭ᠄
2020-05-22
      ᠮᠤᠷᠢ ᠪᠤᠯ ᠬᠦᠮᠦᠨ ᠲᠦᠷᠦᠯᠬᠢᠲᠡᠨ ᠤ ᠬᠠᠨᠢ᠂ ᠮᠤᠩᠭᠤᠯ ᠮᠤᠷᠢ ᠪᠤᠯ ᠮᠤᠩᠭᠤᠯᠴᠤᠳ ᠤᠨ ᠰᠦᠯᠲᠡ ᠬᠡᠶᠢᠮᠤᠷᠢ᠃ ᠮᠤᠩᠭᠤᠯᠴᠤᠳ ᠪᠤᠯᠤᠨ ᠮᠤᠷᠢ ᠶᠢᠨ ᠬᠠᠷᠢᠴᠠᠭ᠎ᠠ ᠠᠯᠢ ᠬᠡᠳᠦ᠋ᠢᠨ ᠬᠦᠮᠦᠨ ᠪᠤᠯᠤᠨ ᠠᠳᠤᠭᠤᠰᠤ ᠠᠮᠢᠲᠠᠨ ᠤ ᠬᠦᠷᠢᠶ᠎ᠡ ᠴᠠᠷᠠᠭ᠎ᠠ ᠠᠴᠠ ᠬᠤᠯᠠ ᠲᠠᠪᠠᠵᠤ᠂ ᠮᠤᠷᠢ ᠨᠢ ᠮᠤᠩᠭᠤᠯᠴᠤᠳ ᠤᠨ ᠠᠮᠢ ᠨᠠᠰᠤ᠂ ᠬᠤᠪᠢ ᠵᠠᠶᠠᠭ᠎ᠠ᠂ ᠢᠲᠡᠭᠡᠯ ᠪᠢᠰᠢᠷᠡᠯ᠂ ᠭᠤᠸ᠎ᠠ ᠲᠠᠭᠠᠰᠢᠶᠠᠯ ᠲᠠᠢ ᠨᠢᠬᠲᠠ ᠬᠤᠯᠪᠤᠬᠳᠠᠬᠰᠠᠨ ᠠᠮᠢᠲᠠᠨ ᠪᠤᠯᠤᠬᠰᠠᠨ ᠪᠢᠯᠡ᠃       ᠶᠠᠮᠠᠷ ᠨᠢᠭᠡᠨ ᠬᠤᠪᠢ ᠬᠦᠮᠦᠨ᠂ ᠨᠢᠭᠡᠨ ᠦᠨᠳᠦᠰᠦᠲᠡᠨ᠂ ᠴᠢᠨᠠᠬᠰᠢᠯᠠᠪᠠᠯ ᠤᠯᠤᠰ ᠭᠡᠷ ᠤᠷᠤᠬᠰᠢ ᠲᠠᠪᠰᠢᠵᠦ ᠬᠦᠭᠵᠢᠨ ᠮᠠᠨᠳᠤᠬᠤ ᠭᠡᠪᠠᠯ ᠡᠷᠬᠡᠪᠰᠢ ᠬᠦᠴᠢᠷ ᠪᠡᠷᠭᠡᠰᠢᠶᠡᠯ ᠢ ᠲᠤᠭᠤᠯᠦᠨ ᠳᠠᠪᠠᠭ᠋ᠤ ᠰᠦᠰᠦ ᠵᠤᠷᠢᠬ᠂ ᠤᠶᠤᠨ ᠤᠬᠠᠭᠠᠨ ᠪᠠᠶᠢᠬᠤ ᠨᠢ ᠬᠠᠮᠤᠭ ᠤᠨ ᠴᠢᠬᠤᠯᠠ ᠶᠠᠪᠤᠳᠠᠯ ᠪᠤᠯᠬᠤ ᠶᠤᠮ᠃ ᠡᠭᠦᠨ ᠲᠠᠢ ᠠᠳᠠᠯᠢ ᠪᠠᠷ᠂ ᠶᠠᠮᠠᠷ ᠨᠢᠭᠡᠨ ᠬᠦᠮᠦᠨ ᠨᠢᠭᠡ ᠭᠠᠵᠠᠷ ᠠᠴᠠ ᠨᠦᠬᠦᠭᠡ ᠤᠷᠴᠢᠨ ᠲᠤᠭᠤᠷᠢᠨ ᠳᠤ ᠤᠴᠢᠵᠦ ᠵᠤᠬᠢᠴᠠᠨ ᠠᠮᠢᠳᠦᠷᠠᠬᠤ᠂ ᠡᠰᠡᠭᠦᠯ᠎ᠠ ᠶᠠᠮᠠᠷ ᠨᠢᠭᠡᠨ ᠠᠮᠵᠢᠯᠲᠠ ᠪᠦᠲᠦᠭᠡᠯ ᠢ ᠬᠦᠷᠲᠡᠬᠦ ᠭᠡᠪᠡᠯ ᠡᠷᠬᠡᠪᠰᠢ ᠵᠤᠪᠠᠭᠤᠷᠢ ᠵᠦᠳᠡᠭᠦᠷᠢ ᠶᠢ ᠲᠠᠰᠪᠦᠷᠢᠯᠡᠨ᠂ ᠴᠤᠴᠠᠯᠲᠠ ᠦᠭᠡᠢ ᠤᠷᠤᠬᠰᠢᠯᠠᠬᠤ᠂ ᠵᠤᠷᠢᠬᠰᠠᠨ ᠳᠠᠭᠠᠨ ᠵᠠᠪᠠᠯ ᠬᠦᠷᠬᠦ ᠡᠷᠡᠰ ᠬᠠᠳᠠᠭᠤ ᠰᠦᠰᠦ ᠵᠤᠷᠢᠬ᠂ ᠬᠤᠷᠴᠠ ᠰᠡᠷᠭᠦᠯᠠᠩ ᠤᠶᠤᠨ ᠤᠬᠠᠭᠠᠨ ᠪᠠᠶᠢᠬᠤ ᠬᠡᠷᠡᠭᠲᠠᠢ᠃ ᠢᠡᠭᠬᠢᠪᠡᠯ ᠰᠠᠶ᠋ᠢ ᠡᠨᠡᠬᠦ ᠤᠷᠴᠢᠨ ᠲᠤᠭᠤᠷᠢᠨ ᠳᠤ ᠵᠤᠬᠢᠴᠠᠨ ᠠᠮᠢᠳᠦᠷᠠᠵᠦ᠂ ᠤᠷᠤᠰᠢᠨ ᠠᠮᠢᠳᠦᠷᠠᠵᠦ ᠤᠷᠤᠬᠰᠢ ᠲᠠᠪᠰᠢᠵᠦ ᠴᠢᠳᠠᠬᠤ ᠶᠤᠮ᠃       ᠤᠳᠤᠬᠠᠨ ᠳᠤ᠂ ᠮᠤᠩᠭᠤᠯ ᠮᠤᠷᠢᠨ ᠤ ᠵᠤᠷᠢᠬ ᠰᠠᠨᠠᠭ᠎ᠠ ᠠᠴᠠ ᠲᠠᠭᠠᠨ ᠰᠤᠷᠤᠯᠴᠠᠵᠦ᠂ ᠮᠤᠩᠭᠤᠯ ᠮᠤᠷᠢᠨ ᠤ ᠵᠤᠷᠢᠬ ᠰᠠᠨᠠᠭ᠎ᠠ ᠪᠠᠷ ᠪᠤᠳᠠᠲᠦ ᠤᠢᠢᠯᠡ ᠠᠵᠢᠯᠯᠠᠭ᠎ᠠ ᠪᠠᠨ ᠤᠢᠢᠯᠡᠳᠦᠯᠭᠡᠵᠢᠭᠦᠯᠬᠦ ᠲᠤᠬᠠᠢ ᠮᠠᠨ ᠤ ᠲᠤᠭᠤᠷᠢᠨ ᠳᠤ ᠬᠠᠯᠠᠮᠰᠢᠯ ᠴᠡᠭ ᠪᠤᠯᠵᠦ ᠪᠠᠶᠢᠭ᠎ᠠ ᠶᠤᠮ᠃ ᠮᠤᠩᠭᠤᠯ ᠮᠤᠷᠢᠨ ᠤ ᠵᠤᠷᠢᠭ ᠰᠠᠨᠠᠭ᠎ᠠ ᠪᠤᠯ ᠬᠡᠶᠢᠰᠪᠦᠷᠢ ᠤᠬᠠᠬᠳᠠᠬᠤᠨ ᠪᠢᠰᠢ᠂ ᠮᠤᠩᠭᠤᠯ ᠮᠤᠷᠢᠨ ᠤ ᠵᠤᠷᠢᠬ ᠰᠠᠨᠠᠭ᠎ᠠ ᠪᠤᠯ ᠨᠢᠭᠡ ᠦᠨᠳᠦᠰᠦᠲᠡᠨ᠂ ᠨᠢᠭᠡ ᠤᠯᠤᠰ ᠪᠤᠶᠤ ᠭᠠᠵᠠᠷ ᠤᠷᠤᠨ ᠤ ᠦᠨᠡᠨ ᠪᠤᠳᠠᠲᠠᠢ ᠦᠪ ᠬᠦᠷᠦᠩᠭᠡ ᠪᠤᠯᠬᠤ ᠪᠠᠷ ᠦᠯᠦ ᠪᠠᠷᠠᠨ᠂ ᠬᠠᠷᠢᠨ ᠨᠢᠭᠡᠨ ᠨᠢᠳᠦᠨ ᠳᠤ ᠦᠵᠡᠭᠳᠡᠵᠦ ᠭᠠᠷ ᠲᠤ ᠦᠯᠦ ᠪᠠᠷᠢᠬᠳᠠᠬᠤ ᠵᠤᠷᠢᠬ ᠰᠠᠨᠠᠭᠠᠨ ᠤ ᠬᠦᠴᠦᠨ ᠪᠤᠯᠦᠨ᠎ᠠ ᠭᠡᠳᠡᠭ ᠢ ᠲᠡᠤᠭᠡ ᠪᠤᠯᠦᠨ ᠪᠤᠳᠠᠳᠦ ᠠᠬᠤᠢ ᠭᠡᠷᠡᠴᠢᠯᠡᠭᠰᠡᠨ ᠪᠠᠶᠢᠨ᠎ᠠ᠃       ︽ᠮᠤᠲᠦ ᠤᠷᠭᠤᠬᠤ ᠳᠤ ᠤᠰᠦ ᠬᠦᠷᠦᠰᠦᠨ ᠳᠤ᠂ ᠬᠦᠮᠦᠨ ᠠᠮᠢᠳᠦᠷᠠᠬᠤ ᠳᠤ ᠤᠶᠤᠨ ᠤᠬᠠᠭᠠᠨ ᠳᠤ︾ ᠭᠡᠳᠡᠭᠴᠢᠯᠡᠨ᠂ ᠨᠢᠭᠡ ᠮᠤᠲᠦᠨ ᠤ ᠦᠰᠦᠨ ᠪᠤᠶᠢᠵᠢᠬᠤ ᠶᠢᠨ ᠰᠠᠶᠢᠨ ᠮᠠᠭᠤ ᠨᠢ ᠤᠰᠤ ᠬᠦᠷᠦᠰᠦᠨ ᠤ ᠰᠢᠮ᠎ᠠ ᠲᠠᠵᠢᠭᠡᠯ ᠢ ᠬᠡᠲᠦᠢ ᠬᠦᠷᠳᠡᠵᠦ ᠪᠠᠶᠢᠬᠤ ᠡᠰᠡᠬᠦ ᠲᠠᠢ ᠨᠢᠬᠲᠠ ᠬᠠᠷᠢᠴᠠᠭ᠎ᠠ ᠲᠠᠢ᠂ ᠡᠭᠦᠨ ᠲᠠᠢ ᠠᠳᠠᠯᠢ ᠪᠠᠷ᠂ ᠨᠢᠭᠡ ᠬᠦᠮᠦᠨ᠂ ᠨᠢᠭᠡ ᠤᠯᠤᠰ ᠦᠨᠳᠦᠰᠦᠲᠡᠨ ᠤ ᠤᠷᠤᠰᠢᠨ ᠠᠮᠢᠳᠦᠷᠠᠵᠦ᠂ ᠬᠦᠭᠵᠢᠨ ᠮᠠᠨᠳᠤᠬᠤ ᠨᠢ ᠤᠶᠤᠨ ᠤᠬᠠᠭᠠᠨ ᠤ ᠰᠢᠮ᠎ᠠ ᠲᠠᠵᠢᠭᠡᠯ ᠤᠨ ᠲᠤᠯᠭᠠᠭᠤᠷᠢᠯᠠᠯ ᠪᠠᠶᠢᠬᠤ ᠡᠰᠡᠬᠦ ᠲᠠᠢ ᠨᠢᠬᠲᠠ ᠬᠠᠷᠢᠴᠠᠭ᠎ᠠ ᠲᠠᠢ᠃ ᠶᠠᠬ ᠳᠡᠭᠡᠷ᠎ᠠ ᠲᠤᠷᠠᠳᠤᠬᠰᠠᠨ ᠵᠢᠱᠢᠶ᠎ᠠ ᠪᠠᠷ ᠠᠪᠴᠦ ᠶᠠᠷᠢᠪᠡᠯ᠂ ᠶᠠᠮᠠᠷ ᠨᠢᠭᠡᠨ ᠪᠠᠶᠢᠭᠠᠯᠢ ᠶᠢᠷᠳᠢᠨᠴᠦ ᠶᠢᠨ ᠡᠪᠡᠰᠦ ᠮᠤᠲᠦ᠂ ᠨᠡᠶᠢᠭᠡᠮ ᠨᠡᠶᠢᠲᠠ ᠶᠢᠨ ᠬᠦᠮᠦᠨ ᠲᠦᠷᠦᠯᠬᠢᠲᠠᠨ ᠭᠡᠰᠡᠨ ᠦᠭᠡᠢ ᠤᠷᠤᠰᠢᠨ ᠠᠮᠢᠳᠦᠷᠠᠵᠦ᠂ ᠤᠷᠤᠬᠰᠢ ᠲᠠᠪᠰᠢᠬᠤ ᠳᠤ ᠬᠦᠷᠪᠡᠯ ᠡᠷᠬᠡᠪᠰᠢ ᠤᠶᠤᠨ ᠰᠠᠨᠠᠭᠠᠨ ᠤ ᠲᠦᠰᠢᠭ ᠲᠤᠯᠭᠠᠭᠤᠷᠢ᠂ ᠮᠤᠩᠭᠤᠯ ᠮᠤᠷᠢᠨ ᠤ ᠵᠤᠷᠢᠬ ᠰᠠᠨᠠᠭ᠎ᠠ ᠪᠠᠶᠢᠬᠤ ᠨᠢ ᠬᠠᠮᠤᠭ ᠤᠨ ᠵᠠᠩᠬᠢᠯᠠᠭ᠎ᠠ ᠪᠤᠯᠬᠤ ᠶᠤᠮ᠃       ᠤᠳᠤᠬᠠᠨ ᠳᠤ᠂ ᠪᠢᠳᠡ ᠴᠠᠬ ᠡᠷᠡᠨ ᠤ ᠬᠦᠭᠵᠢᠯᠲᠠ ᠶᠢᠨ ᠱᠠᠭᠠᠷᠳᠡᠯᠭ᠎ᠠ ᠳᠤ ᠵᠤᠬᠢᠴᠠᠨ ᠤᠷᠤᠰᠢᠵᠦ᠂ ᠦᠪᠡᠷ ᠤᠨ ᠬᠦᠰᠡᠯ ᠬᠦᠭᠡᠭᠡᠴᠡᠯᠳᠦᠯ ᠢᠶᠠᠨ ᠰᠠᠶᠢᠳᠦᠷ ᠪᠡᠶᠡᠯᠡᠭᠦᠯᠵᠦ᠂ ᠰᠢᠨ᠎ᠠ ᠴᠠᠬ ᠡᠷᠡᠨ ᠤ ᠰᠢᠨ᠎ᠠ ᠵᠦᠢᠯᠡᠰ ᠢ ᠬᠦᠯᠢᠶᠡᠨ ᠠᠪᠬᠤ ᠪᠠᠷ ᠮᠠᠷᠠᠶᠢᠨ ᠴᠢᠷᠮᠠᠶᠢᠬᠤ ᠨᠢ ᠪᠢᠳᠡᠨ ᠤ ᠬᠠᠮᠤᠭ ᠤᠨ ᠴᠢᠬᠤᠯᠠ ᠬᠢᠪᠡᠰᠦ ᠵᠤᠬᠢᠬᠤ ᠠᠵᠢᠯᠯᠠᠭ᠎ᠠ ᠪᠤᠯᠦᠨ᠎ᠠ᠃ ᠡᠶᠢᠮᠤ ᠠᠴᠠ᠂ ᠡᠨᠡᠬᠦ ᠰᠢᠨ᠎ᠠ ᠴᠠᠬ ᠡᠷᠡᠨ ᠤ ᠠᠵᠠ ᠲᠤᠬᠢᠶᠠᠯ ᠢ ᠠᠰᠢᠬᠯᠠᠨ ᠪᠢᠳᠡ ᠪᠦᠬᠦᠳᠡᠭᠡᠷ ᠮᠤᠩᠭᠤᠯ ᠮᠤᠷᠢᠨ ᠤ ᠵᠤᠷᠢᠬ ᠰᠠᠨᠠᠭ᠎ᠠ ᠪᠠᠷ ᠤᠢᠢᠯᠡ ᠠᠵᠢᠯᠯᠠᠭ᠎ᠠ ᠪᠠᠨ ᠡᠷᠴᠢᠯᠡᠵᠦ᠂ ᠦᠪᠡᠷ ᠤᠨ ᠬᠦᠰᠡᠯ ᠬᠦᠭᠡᠭᠡᠴᠡᠯᠳᠦᠯ ᠢᠶᠠᠨ ᠴᠠᠬ ᠦᠶ᠎ᠠ ᠶᠢᠨ ᠬᠦᠭᠵᠢᠯᠲᠠ ᠶᠢᠨ ᠶᠡᠭᠡ ᠤᠷᠤᠰᠬᠠᠯ ᠲᠠᠢ ᠠᠭᠤᠰᠤᠯᠴᠠᠭᠤᠯᠦᠨ᠂ ᠮᠤᠩᠭᠤᠯ ᠮᠤᠷᠢᠨ ᠤ ᠵᠤᠷᠢᠬ ᠰᠠᠨᠠᠭᠠᠨ ᠤ ᠤᠢᠢᠯᠡᠳᠦᠯᠭᠡᠵᠢᠭᠦᠯᠦᠭᠴᠢ ᠪᠤᠯᠬᠤ ᠪᠠᠷ  ᠴᠢᠷᠮᠠᠶᠢᠨ ᠤᠷᠤᠬᠰᠢᠯᠠᠵᠠᠭᠠᠶ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号