ᠤᠯᠠᠭᠠᠨᠬᠤᠲᠠ ᠶᠢᠨ ᠭᠡᠭᠡᠨᠰᠦ᠋ᠮ᠎ᠡ ᠶᠢᠨ ᠲᠡᠤᠬᠡ ᠶᠢᠨ ᠤᠯᠠ ᠮᠦᠷ ᠤᠨ ᠠᠩᠬᠠᠨ ᠤ ᠬᠠᠶᠢᠯᠲᠠ
ᠨᠡᠶᠢᠲᠡᠯᠡᠭᠰᠡᠨ ᠴᠠᠭ᠄
2020/5/9
    ● ᠵᠠᠩ ᠮᠠᠨ ᠴᠢᠤᠸᠠᠨ ᠵᠢᠶᠠᠩ ᠱᠠᠨ ︵ᠦᠪᠦᠷ ᠮᠤᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠤᠷᠳᠤᠨ︶                         ᠭᠡᠭᠡᠨᠰᠦ᠋ᠮ᠎ᠡ ᠨᠢ ᠪᠤᠰᠤᠳ ᠲᠣᠮᠣ ᠰᠦᠮ᠎ᠡ ᠬᠡᠶᠢᠳ ᠲᠠᠢ ᠠᠳᠠᠯᠢ ᠪᠠᠷ ᠴᠥᠮ ᠭᠠᠨᠵᠤᠤᠷ᠂ ᠳ᠋ᠠᠨᠵᠤᠤᠷ ᠢᠶᠠᠷ ᠭᠤᠣᠯᠯᠠᠭᠤᠯᠤᠨ ᠰᠣᠩᠭᠤᠳᠠᠭ ᠨᠣᠮ ᠤᠩᠰᠢᠳᠠᠭ᠃ ᠳ᠋ᠠᠨᠵᠤᠤᠷ ᠰᠤᠳᠤᠷ ᠤᠨ ᠳᠣᠲᠣᠷᠠᠬᠢ ︽ᠠᠨᠠᠭᠠᠬᠤ ᠤᠬᠠᠭᠠᠨ ᠤ ᠢ ᠶᠦᠨ ᠮᠢᠩ ᠤᠨ ᠠᠶᠢᠮᠠᠭ︾ ᠪᠣᠯ ᠣᠳᠣᠬᠢ ᠯᠠᠮᠠ ᠶᠢᠨ ᠡᠮᠨᠡᠯᠭᠡ ᠶᠢᠨ ᠤᠬᠠᠭᠠᠨ ᠪᠠ ᠮᠣᠩᠭᠤᠯ ᠠᠨᠠᠭᠠᠬᠤ ᠤᠬᠠᠭᠠᠨ ᠤ ᠰᠣᠩᠭᠤᠳᠠᠭ ᠪᠦᠲᠦᠭᠡᠯ ᠪᠣᠯᠤᠨ᠎ᠠ᠃ ᠭᠤᠣᠯ ᠬᠠᠷᠰᠢ ᠶᠢᠨ ᠹᠠᠨ ᠲᠦᠩ ᠰᠧ ᠰᠦᠮ᠎ᠡ ᠠᠴᠠ ᠭᠠᠳᠠᠨ᠎ᠠ᠂ ᠳᠦᠷᠪᠡᠨ ᠶᠡᠭᠡ ᠬᠠᠷᠰᠢ ᠳᠤ ᠲᠤᠰ ᠪᠦᠷᠢ ᠨᠢᠭᠡ ᠡᠷᠳᠡᠮ ᠰᠢᠨᠵᠢᠯᠡᠭᠡᠨ ᠤ ᠬᠡᠯᠲᠡᠰ ᠪᠠᠶᠢᠭᠤᠯᠵᠤ᠂ ᠲᠤᠰ ᠲᠤᠰ ᠪᠤᠷᠬᠠᠨ ᠤ ᠱᠠᠰᠢᠨ ᠤ ᠣᠨᠣᠯ ᠤᠨ ᠨᠣᠮ᠂ ᠣᠳᠣᠨ ᠣᠷᠣᠨ ᠤ ᠭᠠᠵᠠᠷ ᠵᠦᠢ᠂ ᠪᠤᠳ᠋ᠳ᠋ᠾᠠ ᠶᠢᠨ ᠱᠠᠰᠢᠨ ᠤ ᠨᠢᠭᠤᠴᠠ ᠤᠬᠠᠭᠠᠨ ᠤ ᠣᠨᠣᠯ᠂ ᠡᠪᠡᠳᠴᠢᠨ ᠤ ᠰᠢᠯᠲᠠᠭᠠᠨ ᠤ ᠠᠨᠠᠭᠠᠬᠤ ᠤᠬᠠᠭᠠᠨ ᠵᠡᠷᠭᠡ ᠶᠢ ᠰᠤᠳᠤᠯᠳᠠᠭ᠃ ᠡᠭᠦᠨ ᠠᠴᠠ ᠭᠠᠳᠠᠨ᠎ᠠ᠂ ᠡᠯ᠎ᠡ ᠬᠠᠷᠰᠢ ᠶᠠᠮᠤᠨ ᠨᠢ ᠲᠤᠰ ᠲᠤᠰ ᠤᠨ ᠡᠳᠦᠷ ᠲᠤᠳᠦᠮ ᠤᠨ ᠠᠵᠢᠯᠯᠠᠭ᠎ᠠ ᠶᠢ ᠬᠠᠮᠢᠶᠠᠷᠬᠤ 15 ᠰᠦᠮ᠎ᠡ ᠶᠢᠨ ᠰᠠᠩ ᠲᠠᠢ ᠪᠠᠶᠢᠵᠠᠢ᠃ ᠡᠶᠢᠨ ᠭᠦ ᠪᠦᠬᠦ ᠰᠦᠮ᠎ᠡ ᠶᠢᠨ ᠡᠯ᠎ᠡ ᠰᠢᠰᠲ᠋ᠧᠮ ᠢᠶᠠᠷ ᠢᠶᠠᠨ ᠬᠢᠴᠢᠶᠡᠯ ᠬᠥᠮᠦᠵᠢᠯ ᠂ ᠰᠤᠷᠤᠯᠴᠠᠯᠭ᠎ᠠ᠂ ᠠᠮᠢᠳᠤᠷᠠᠯ ᠪᠣᠯᠤᠨ ᠡᠳ᠋ ᠬᠤᠭᠰᠢᠯ᠂ ᠣᠷᠣᠯᠭ᠎ᠠ ᠵᠡᠷᠭᠡ ᠶᠢ ᠬᠠᠮᠢᠶᠠᠷᠳᠠᠭ ᠪᠠᠶᠢᠩᠭᠤ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠤᠯᠵᠤ ᠪᠦᠷᠢᠯᠳᠦᠵᠡᠢ᠃       ᠯᠠᠮᠠ ᠶᠢᠨ ᠱᠠᠰᠢᠨ ᠤ ᠵᠣᠬᠢᠶᠠᠨ ᠪᠠᠶᠢᠭᠤᠯᠤᠯᠲᠠ ᠶᠢ ᠬᠤᠶᠠᠷ ᠶᠡᠭᠡ ᠰᠢᠰᠲ᠋ᠧᠮ ᠬᠤᠪᠢᠶᠠᠵᠤ ᠪᠣᠯᠤᠨ᠎ᠠ᠃ ᠳᠠᠷᠤᠢ ᠡᠷᠳᠡᠮ ᠴᠣᠯᠠ ᠬᠠᠮᠠᠭᠠᠯᠠᠬᠤ ᠰᠢᠰᠲ᠋ᠧᠮ ᠪᠠ ᠡᠷᠬᠡ ᠲᠤᠰᠢᠶᠠᠯ ᠤᠨ ᠰᠢᠰᠲ᠋ᠧᠮ ᠪᠣᠯᠤᠨ᠎ᠠ᠃ ᠴᠢᠩ ᠤᠯᠤᠰ ᠤᠨ ᠰᠡᠭᠦᠯᠴᠢ ᠶᠢᠨ ᠦᠶ᠎ᠡ ᠪᠠᠷ ᠭᠡᠭᠡᠨ ᠰᠦᠮ᠎ᠡ ᠶᠢᠨ ᠱᠠᠰᠢᠨ ᠰᠤᠷᠲᠠᠬᠤᠨ ᠤ ᠠᠵᠢᠯᠯᠠᠭ᠎ᠠ ᠪᠠ ᠯᠠᠮᠠ ᠨᠠᠷ ᠤᠨ ᠲᠤᠭ᠎ᠠ ᠣᠷᠭᠢᠯ ᠳᠤ ᠪᠠᠨ ᠬᠦᠷᠦᠭᠰᠡᠨ ᠪᠠᠶᠢᠨ᠎ᠠ᠃ ᠲᠤᠬᠠᠶ ᠶᠢᠨ ᠦᠶ᠎ᠡ ᠳᠤ ᠯᠠᠮᠠ ᠨᠠᠷ ᠤᠨ ᠲᠤᠭ᠎ᠠ ᠮᠢᠩᠭ᠎ᠠ ᠬᠤᠶᠠᠷ ᠵᠠᠭᠤ ᠭᠠᠷᠤᠶ ᠬᠥᠮᠦᠨ᠂ ᠰᠦᠮ᠎ᠡ ᠶᠢᠨ ᠠᠯᠪᠠᠳᠤ ᠬᠤᠶᠠᠷ ᠵᠠᠭᠤ ᠳᠥᠴᠢ ᠭᠠᠷᠤᠶ ᠡᠷᠦᠬᠡ ᠪᠠᠶᠢᠭᠰᠠᠨ ᠪᠥᠭᠡᠳ ︽ᠯᠠᠪᠵᠢᠨᠪᠠ ︾ ᠴᠣᠯᠠ ᠬᠦᠷᠳᠡᠭᠰᠡᠳ ᠳᠠᠯᠠ ᠭᠠᠷᠤᠶ ᠪᠠᠶᠢᠪᠠ᠃ ᠭᠠᠳᠠᠨ᠎ᠠ ᠭᠠᠵᠠᠷ ᠠᠴᠠ ᠲᠤᠰ ᠰᠦᠮ᠎ᠡ ᠳᠤ ᠢᠷᠡᠵᠦ ᠨᠣᠮ ᠰᠤᠳᠤᠷ ᠰᠤᠷᠴᠤ᠂ ᠡᠷᠳᠡᠮ ᠤᠨ ᠴᠣᠯᠠ ᠬᠦᠷᠲᠡᠳᠡᠭ ᠬᠥᠮᠦᠰ ᠴᠤ ᠮᠠᠰᠢ ᠣᠯᠠᠨ ᠪᠠᠶᠢᠪᠠ᠃       ᠲᠤᠬᠠᠢ ᠶᠢᠨ ᠦᠶ᠎ᠡ ᠳᠤ ᠭᠡᠭᠡᠨᠰᠦ᠋ᠮ᠎ᠡ ᠶᠢᠨ ᠡᠯ᠎ᠡ ᠰᠠᠩ ᠨᠢ ᠰᠠᠷ᠎ᠠ ᠪᠦᠷᠢ ᠥᠪᠡᠷ ᠥᠪᠡᠷ ᠤᠨ ᠵᠤᠷᠰᠢᠯ ᠲᠠᠢ ᠲᠤᠮᠤ ᠬᠡᠯᠪᠡᠷᠢ ᠶᠢᠨ ᠨᠣᠮ ᠤᠨ ᠬᠤᠷᠠᠯ ᠬᠤᠷᠠᠳᠠᠭ ᠪᠠᠶᠢᠵᠠᠢ᠃ ᠪᠦᠬᠦ ᠰᠦᠮ᠎ᠡ ᠶᠢᠨ ᠬᠡᠪᠴᠢᠶᠡᠨ ᠳᠠᠬᠢ ᠬᠠᠮᠤᠭ ᠲᠣᠮᠣ ᠰᠦᠮ᠎ᠡ ᠶᠢᠨ ᠬᠤᠷᠠᠯ ᠨᠢ ᠵᠢᠯ ᠪᠦᠷᠢ 3 ᠤᠳᠠᠭ᠎ᠠ ᠲᠣᠭᠲᠠᠭᠰᠠᠨ ᠬᠤᠭᠤᠴᠠᠭ᠎ᠠ ᠲᠠᠢ ᠶᠠᠪᠤᠭᠳᠠᠳᠠᠭ ︽ᠴᠠᠮ︾ ᠤᠨ ᠶᠡᠭᠡ ᠬᠤᠷᠠᠯ ᠪᠣᠯᠤᠨ᠎ᠠ᠃ ᠵᠢᠷᠠ ᠭᠠᠷᠤᠶ ᠬᠥᠮᠦᠨ ᠴᠠᠮ ᠦᠰᠦᠷᠴᠦ᠂ ᠡᠯ᠎ᠡ ᠵᠣᠶᠢᠯ ᠤᠨ ᠬᠠᠴᠢᠨ ᠳᠦᠷᠢ᠂ ᠬᠠᠴᠢᠨ ᠵᠢᠭᠲᠡᠶ ᠬᠤᠪᠴᠠᠰᠤ ᠬᠤᠨᠠᠷ ᠡᠮᠦᠰᠴᠤ᠂ ᠡᠵᠡᠳ ᠰᠠᠬᠢᠭᠤᠯᠰᠤᠨ᠂ ᠪᠣᠭ ᠴᠢᠳᠬᠦᠷ᠂ ᠠᠷᠢᠶᠠᠲᠠᠨ ᠵᠢᠭᠦᠷᠲᠡᠨ ᠵᠡᠷᠭᠡ ᠶᠢᠨ ᠳᠦᠷᠢ ᠶᠢ ᠲᠣᠭᠯᠠᠵᠤ᠂ ᠬᠥᠳᠡᠯᠦᠯ ᠪᠠᠶᠢᠳᠠᠯ ᠨᠢ ᠴᠦ ᠴᠢᠳᠬᠦᠷ ᠰᠢᠮᠨᠤ ᠶᠢ ᠦᠯᠡᠳᠡᠨ ᠬᠥᠭᠡᠭᠡᠵᠦ ᠰᠢᠷᠦᠭᠦᠨ ᠲᠡᠮᠡᠴᠡᠯᠳᠦᠭᠰᠡᠨ ᠳᠦᠷᠢ ᠶᠢ ᠦᠵᠡᠭᠦᠯᠳᠡᠭ᠃       ᠭᠡᠭᠡᠨᠰᠦ᠋ᠮ᠎ᠡ ᠶᠢᠨ ᠯᠠᠮᠠ ᠨᠠᠷ ᠤᠨ ᠴᠡᠭᠡᠷᠯᠡᠬᠦ ᠳᠦᠷᠢᠮ ᠨᠡᠶᠢᠲᠡ 253 ᠵᠤᠷᠪᠤᠰ ᠪᠠᠶᠢᠵᠤ᠂ ᠯᠠᠮᠠ ᠨᠠᠷ ᠤᠨ ᠰᠤᠷᠤᠯᠭ᠎ᠠ ᠶᠢᠨ ᠨᠠᠮᠲᠠᠷ ᠤᠨ ᠠᠳᠠᠯᠢ ᠪᠤᠰᠤ᠂ ᠪᠠᠶᠢᠷᠢ ᠰᠠᠭᠤᠷᠢ ᠶᠢᠨ ᠠᠳᠠᠯᠢ ᠪᠤᠰᠤ ᠠᠴᠠ ᠪᠣᠯᠵᠤ᠂ ᠰᠠᠬᠢᠯ ᠰᠠᠨᠸᠠᠷ ᠤᠨ ᠱᠠᠭᠠᠷᠳᠠᠯᠭ᠎ᠠ ᠨᠢ ᠴᠦ ᠠᠳᠠᠯᠢ ᠦᠭᠡᠢ ᠪᠠᠶᠢᠳᠠᠭ᠃ ᠬᠡᠷᠪᠡ ᠠᠩᠬ᠎ᠠ ᠤᠳᠠᠭ᠎ᠠ ᠰᠠᠬᠢᠯ ᠰᠠᠨᠸᠠᠷ ᠡᠪᠳᠡᠭᠰᠡᠳ ᠪᠠᠶᠢᠪᠠᠯ ᠬᠥᠩᠭᠡᠨ ᠢᠶᠠᠷ ᠴᠣᠬᠢᠭᠳᠠᠬᠤ ᠪᠥᠭᠡᠳ ᠡᠭᠦᠨ ᠠᠴᠠ ᠬᠤᠶᠢᠰᠢ ᠴᠢᠩᠭ᠎ᠠ ᠰᠠᠬᠢᠨ᠎ᠠ ᠭᠡᠵᠦ ᠲᠠᠩᠭᠠᠷᠢᠭᠯᠠᠬᠤ ᠬᠡᠷᠡᠭᠲᠡᠶ᠃ ᠡᠭᠦᠨ ᠠᠴᠠ ᠬᠦᠨᠳᠦ ᠶᠢ ᠨᠢ ᠴᠤᠬᠢᠭᠰᠠᠨ ᠤ ᠳᠠᠷᠠᠭ᠎ᠠ ᠪᠠᠰᠠ 10 ᠠᠴᠠ 15 ᠡᠳᠦᠷ ᠤᠨ ᠬᠠᠷ᠎ᠠ ᠠᠯᠪᠠ ᠪᠠᠷ ᠲᠣᠷᠭᠠᠨ᠎ᠠ᠃ ᠣᠯᠠᠨᠲᠠ ᠰᠤᠷᠭᠠᠪᠠᠴᠤ ᠦᠯᠦ ᠵᠠᠰᠠᠷᠠᠭᠰᠠᠳ ᠢ ᠰᠦᠮ᠎ᠡ ᠠᠴᠠ ᠬᠥᠭᠡᠭᠡᠨ ᠭᠠᠷᠭᠠᠵᠤ᠂ ᠬᠥᠮᠦᠨ ᠲᠣᠮᠢᠯᠠᠨ ᠤᠭ ᠨᠤᠲᠤᠭ ᠲᠤᠨᠢ ᠬᠦᠷᠭᠡᠭᠦᠯᠦᠨ᠎ᠡ᠃ ᠡᠭᠦᠨ ᠤ ᠬᠠᠮᠲᠦ ᠰᠦᠮ᠎ᠡ ᠶᠢᠨ ᠠᠯᠪᠠᠳᠦ ᠭᠠᠷᠤᠯ ᠲᠠᠢ ᠯᠠᠮᠠ ᠨᠠᠷ ᠢ ᠠᠯᠪᠠᠳᠠᠵᠤ ᠪᠠᠶᠢᠭᠠᠳ ᠲᠣᠭᠲᠠᠮᠠᠯ ᠪᠤᠰᠤ ᠬᠤᠭᠤᠴᠠᠭ᠎ᠠ ᠲᠠᠢ ᠬᠠᠷ᠎ᠠ ᠠᠵᠢᠯ ᠬᠢᠯᠭᠡᠳᠡᠭ᠃       ᠰᠦᠮ᠎ᠡ ᠬᠡᠶᠢᠳ ᠤᠨ ᠥᠭᠯᠢᠭᠡ ᠶᠢᠨ ᠣᠷᠣᠯᠭ᠎ᠠ ᠨᠢ ᠬᠤᠶᠠᠷ ᠵᠦᠢᠯ ᠤᠨ ᠬᠡᠯᠪᠡᠷᠢ ᠲᠠᠢ ᠪᠠᠶᠢᠳᠠᠭ᠄ ᠨᠢᠭᠡ ᠨᠢ ᠹᠦᠩᠯᠦ᠂ ᠨᠦᠭᠦᠭᠡ ᠨᠢᠭᠡ ᠨᠢ ᠪᠠᠳᠢᠷ ᠢᠷᠦᠭᠡᠯ ᠤᠨ ᠪᠠᠷᠢᠴᠠᠭ᠎ᠠ ᠶᠢᠨ ᠣᠷᠣᠯᠭ᠎ᠠ ᠪᠤᠯᠤᠨ᠎ᠠ᠃ ᠡᠨᠡ ᠬᠤᠶᠠᠷ ᠵᠦᠢᠯ ᠤᠨ ᠣᠷᠣᠯᠭ᠎ᠠ ᠪᠣᠯ ᠰᠦᠮ᠎ᠡ ᠬᠡᠶᠢᠳ ᠤᠨ ᠰᠠᠩ ᠤᠨ ᠠᠵᠤ ᠠᠬᠤᠢ ᠶᠢᠨ ᠰᠠᠭᠤᠷᠢ ᠪᠤᠯᠵᠤ ᠪᠠᠶᠢᠵᠠᠢ᠃ ᠴᠢᠩ ᠤᠯᠤᠰ ᠤᠨ ᠰᠡᠭᠦᠯᠴᠢ ᠶᠢᠨ ᠦᠶ᠎ᠡ ᠠᠴᠠ ᠢᠷᠭᠡᠨ ᠤᠯᠤᠰ ᠤᠨ ᠡᠬᠢᠨ ᠤ ᠦᠶ᠎ᠡ ᠪᠤᠯᠲᠠᠯᠠᠬᠢ ᠬᠤᠭᠤᠴᠠᠭ᠎ᠠ ᠪᠣᠯ ᠲᠤᠰ ᠰᠦᠮ᠎ᠡ ᠶᠢᠨ ᠪᠠᠷᠢᠴᠠᠭ᠎ᠠ ᠶᠢᠨ ᠣᠷᠣᠯᠭ᠎ᠠ ᠬᠠᠮᠤᠭ ᠠᠷᠪᠢᠨ ᠪᠠᠶᠢᠭᠰᠠᠨ ᠦᠶ᠎ᠡ ᠪᠣᠯᠤᠨ᠎ᠠ᠃       ᠭᠡᠭᠡᠨᠰᠦ᠋ᠮ᠎ᠡ ᠳᠤ ᠨᠢᠭᠡᠳᠦᠭᠡᠷ ᠳᠦᠷᠢ ᠶᠢᠨ ᠭᠡᠭᠡᠨ ᠠᠴᠠ ᠳᠤᠯᠣᠳᠣᠭᠠᠷ ᠳᠦᠷᠢ ᠶᠢᠨ ᠭᠡᠭᠡᠨ ︵1945 ᠤᠨ ︶ ᠬᠦᠷᠲᠡᠯ᠎ᠡ ᠨᠡᠶᠢᠲᠡ ᠳᠤᠯᠤᠭᠠᠨ ᠳᠦᠷᠢ ᠶᠢᠨ ᠭᠡᠭᠡᠨ ᠲᠠᠢ ᠪᠠᠶᠢᠵᠠᠶ᠃       ᠨᠢᠭᠡᠳᠦᠭᠡᠷ ᠳᠦᠷᠢ ᠶᠢᠨ ᠭᠡᠭᠡᠨ ᠤ ᠨᠡᠷ᠎ᠡ ᠴᠦᠢᠷᠤᠪᠵᠠᠮᠰᠤ ᠭᠡᠳᠡᠭ᠃ ᠲᠡᠷᠡ ᠲᠦᠰᠢᠶᠡᠲᠦ ᠬᠤᠰᠢᠭᠤᠨ ᠤ ᠬᠤᠶᠢᠲᠤ ᠬᠡᠰᠡᠭ ᠤᠨ ᠪᠠᠶᠠᠨ ᠲᠤᠪᠤ ᠭᠡᠳᠡᠭ ᠭᠠᠵᠠᠷ ᠮᠡᠨᠳᠦᠯᠡᠵᠡᠢ᠃ ᠬᠠᠷᠢᠶᠠᠳᠦ ᠭᠠᠷᠤᠯ ᠲᠠᠢ ᠪᠠᠶᠢᠵᠤ ᠤᠤᠯ ᠨᠢ ᠡᠬᠡᠨᠡᠷ ᠬᠡᠦᠬᠡᠳ ᠲᠠᠢ ᠪᠠᠶᠢᠵᠠᠢ᠃ ᠲᠡᠷᠡ 27 ᠨᠠᠰᠤᠨ ᠠᠴᠠ ᠪᠠᠨ ᠡᠬᠢᠯᠡᠨ ᠲᠦᠰᠢᠶᠡᠲᠦ ᠬᠤᠰᠢᠭᠤᠨ ᠤ ᠸᠠᠩ ᠤᠨ ᠤᠷᠳᠤᠨ ᠤ ᠪᠤᠷᠬᠠᠨ ᠲᠠᠬᠢᠳᠠᠭ ᠲᠠᠩᠬᠢᠮ ᠳᠤ ᠪᠣᠷᠬᠠᠨ ᠢᠶᠠᠨ ᠲᠠᠬᠢᠪᠠ᠃ ᠳᠣᠮᠤᠭ ᠶᠠᠷᠢᠶᠠᠨ ᠳᠤ ᠴᠦᠢᠷᠤᠪᠵᠠᠮᠰᠤ ︽ᠳᠠᠪᠠᠭ᠎ᠠ︾ ᠶᠢ ᠵᠠᠰᠠᠬᠤ ᠳᠠᠭᠠᠨ ᠴᠢᠳᠠᠮᠠᠭᠠᠢ ᠪᠠᠶᠢᠵᠠᠢ᠂ ᠲᠤᠬᠠᠢ ᠶᠢᠨ ᠦᠶ᠎ᠡ ᠳᠤ ᠳᠠᠷᠬᠠᠨ ᠸᠠᠩ ᠪᠠᠰᠠ ᠡᠶᠢᠮᠦ ᠡᠪᠡᠳᠴᠢᠨ ᠳᠤ ᠨᠡᠷᠪᠡᠭᠳᠡᠵᠦ᠂ ᠲᠦᠰᠢᠶᠡᠲᠦ ᠸᠠᠩ ᠳᠤ ᠵᠠᠬᠢᠳᠠᠯ ᠢᠯᠡᠭᠡᠵᠦ᠂ ᠴᠦᠢᠷᠤᠪᠵᠠᠮᠰᠤ ᠶᠢ ᠬᠦᠷᠭᠡᠵᠦ ᠡᠪᠡᠳᠴᠢᠨ ᠢᠶᠠᠨ ᠵᠠᠰᠠᠭᠤᠯᠬᠤ ᠶᠢ ᠬᠦᠰᠡᠭᠰᠡᠨ ᠳᠤ ᠲᠦᠰᠢᠶᠡᠲᠦ ᠸᠠᠩ ᠬᠥᠮᠦᠨ ᠲᠣᠮᠢᠯᠠᠨ ᠴᠦᠢᠷᠤᠪᠵᠠᠮᠰᠤ ᠶᠢ ᠳᠠᠷᠬᠠᠨ ᠬᠤᠰᠢᠭᠤᠨ ᠤ ᠸᠠᠩ ᠤᠨ ᠣᠷᠳᠣᠨ ᠳᠤ ᠬᠦᠷᠭᠡᠭᠦᠯᠵᠡᠢ᠃ ᠴᠦᠢᠷᠤᠪᠵᠠᠮᠰᠤ ᠤᠳᠠᠯ ᠦᠭᠡᠢ ᠳᠠᠷᠬᠠᠨ ᠸᠠᠩ ᠤᠨ ︽ᠪᠦᠳᠦᠭᠦᠨ ᠨᠢᠷᠤᠭᠤ︾ ︵ᠡᠪᠡᠳᠴᠢᠨ︶ ᠢ ᠵᠠᠰᠠᠨ ᠡᠳᠡᠭᠡᠷᠡᠭᠦᠯᠪᠡ᠃ ᠡᠶᠢᠨ ᠭᠦ ᠳᠠᠷᠬᠠᠨ ᠸᠠᠩ ᠠᠴᠠ ᠴᠦᠢᠷᠤᠪᠵᠠᠮᠰᠤ ᠶᠢ ︽ᠠᠪᠠᠭ᠎ᠠ︾ ᠯᠠᠮᠠ ᠬᠡᠮᠡᠨ ᠡᠷᠭᠦᠮᠵᠢᠯᠡᠭᠰᠡᠨ ᠪᠦᠭᠡᠳ ᠴᠦᠢᠷᠤᠪᠵᠠᠮᠰᠤ ᠭᠡᠭᠡᠨ ᠭᠡᠵᠦ ᠨᠡᠷᠡᠯᠡᠪᠡ᠃ ᠲᠡᠭᠦᠨ ᠢ 35 ᠨᠠᠰᠤᠲᠠᠢ ᠳᠤᠨᠢ ᠳᠠᠷᠬᠠᠨ ᠬᠤᠰᠢᠭᠤ ᠪᠠ ᠵᠠᠰᠠᠭᠲᠤ ᠬᠤᠰᠢᠭᠤ ᠠᠴᠠ ᠵᠢᠩᠬᠢᠨᠢ ᠪᠠᠷ ᠭᠡᠭᠡᠨ ᠪᠣᠯᠭᠠᠵᠤ᠂ ᠵᠡᠷᠭᠡ ᠬᠡᠷᠭᠡᠮ᠂ ᠹᠦᠩᠯᠦ ᠥᠭᠴᠦ ᠯᠢᠩᠬᠤᠸᠠᠲᠤ ᠰᠦᠮ᠎ᠡ ᠳᠤ ᠵᠠᠯᠠᠪᠠ᠃ ᠡᠭᠦᠨ ᠤ ᠬᠠᠮᠲᠤ ᠳᠠᠷᠬᠠᠨ ᠬᠤᠰᠢᠭᠤ ᠪᠠ ᠵᠠᠰᠠᠭᠲᠤ ᠬᠤᠰᠢᠭᠤ ᠬᠠᠮᠲᠦᠪᠡᠷ ᠭᠡᠭᠡᠨ ᠳᠤ ᠴᠠᠯᠢᠩ ᠹᠦᠩᠯᠦ ᠬᠠᠩᠭᠠᠵᠤ᠂ ᠨᠢᠭᠡ ᠵᠢᠯ ᠳᠤ ᠬᠤᠶᠠᠷ ᠬᠤᠰᠢᠭᠤᠨ ᠤ ᠬᠠᠷᠢᠶᠠᠨ ᠳᠣᠲᠣᠷ᠎ᠠ ᠲᠤᠰ ᠲᠤᠰ ᠬᠠᠭᠠᠰ ᠵᠢᠯ ᠰᠠᠭᠤᠬᠤ ᠪᠠᠷ ᠬᠡᠯᠡᠯᠴᠡᠨ ᠲᠣᠭᠲᠠᠵᠠᠶ᠃ ᠲᠡᠷᠡ 91 ᠨᠠᠰᠤᠲᠠᠢ ᠳᠠᠭᠠᠨ ᠨᠠᠰᠤ ᠪᠠᠷᠠᠬᠤ ᠪᠣᠯᠲᠠᠯ᠎ᠠ ᠡᠨᠡ ᠬᠦ ᠰᠢᠢᠳᠪᠦᠷᠢ ᠶᠢ ᠰᠠᠬᠢᠪᠠ᠃       1714 ᠤᠨ ︵ᠴᠢᠩ ᠤᠯᠤᠰ ᠤᠨ ᠡᠩᠬᠡ ᠠᠮᠤᠭᠤᠯᠠᠩ ᠤᠨ 53 ᠣᠨ︶ ᠳᠤ ᠬᠤᠶᠠᠳᠤᠭᠠᠷ ᠲᠦᠷᠢ ᠶᠢᠨ ᠭᠡᠭᠡᠨ ᠠᠭᠸᠠᠩᠳᠠᠨᠪᠠᠶᠠᠷ ᠲᠤᠰ ᠬᠤᠰᠢᠭᠤᠨ ᠤ ᠰᠢᠲᠦᠭᠡᠨ ᠲᠠᠶᠢᠵᠢ ᠶᠢᠨ ᠭᠡᠷ ᠲᠤ ᠮᠡᠨᠳᠦᠯᠡᠵᠡᠢ᠃ ᠬᠤᠶᠠᠳᠤᠭᠠᠷ ᠳᠦᠷᠢ ᠠᠴᠠ ᠡᠬᠢᠯᠡᠨ ᠭᠡᠭᠡᠨ ᠤ ᠨᠡᠷ᠎ᠡ ᠶᠢ ᠪᠦᠷ ᠲᠥᠪᠡᠳ ᠠᠴᠠ ᠠᠪᠴᠠᠶ᠃ ᠲᠠᠷᠬᠠᠨ ᠬᠤᠰᠢᠭᠤ ᠪᠣᠯᠤᠨ ᠵᠠᠰᠠᠭᠲᠤ ᠬᠤᠰᠢᠭᠤ ᠴᠥᠮ ᠲᠡᠭᠦᠨ ᠢ ᠦᠪᠡᠷ ᠤᠨ ᠬᠤᠰᠢᠭᠤᠨ ᠳᠤ ᠵᠠᠯᠠᠵᠤ ᠠᠪᠴᠢᠷᠠᠬᠤ ᠶᠢ ᠬᠦᠰᠡᠵᠦ ᠮᠠᠷᠭᠤᠯᠳᠤᠵᠤ ᠪᠠᠶᠢᠭᠰᠠᠨ ᠲᠤᠯᠠ ᠲᠡᠭᠦᠨ ᠢ ᠬᠤᠷᠢᠨ ᠨᠠᠢᠮᠠᠨ ᠨᠠᠰᠤᠲᠠᠶ ᠳᠤᠨᠢ ᠰᠠᠶ᠋ᠢ ᠭᠡᠭᠡᠨ ᠡᠷᠭᠦᠮᠵᠢᠯᠡᠵᠡᠢ᠃ ᠲᠡᠷᠡ ᠰᠠᠭᠤᠷᠢᠨ ᠳᠤ ᠰᠠᠭᠤᠭᠰᠠᠨ ᠤ ᠳᠠᠷᠠᠭ᠎ᠠ ᠡᠴᠢᠭᠡ ᠨᠢ ᠰᠢᠲᠦᠭᠡᠨ ᠲᠠᠶᠢᠵᠢ ᠯᠢᠩᠬᠤᠸᠠᠲᠤ ᠰᠦᠮ᠎ᠡ ᠶᠢ ᠵᠠᠰᠠᠨ ᠰᠢᠨᠡᠳᠭᠡᠵᠦ ᠲᠡᠭᠦᠨ ᠢ ᠲᠤᠰ ᠰᠦᠮ᠎ᠡ ᠳᠤ ᠰᠠᠭᠤᠯᠭᠠᠪᠠ᠃ ᠬᠤᠵᠢᠮ ᠨᠢ ᠴᠢᠩ ᠤᠯᠤᠰ ᠤᠨ ᠲᠩᠷᠢ ᠲᠡᠳᠬᠦᠭᠴᠢ ᠬᠠᠭᠠᠨ ᠤ ᠦᠶ᠎ᠡ ᠳᠤ ᠪᠡᠭᠡᠵᠢᠩ ᠳᠤ ᠤᠴᠢᠵᠤ ︽ᠳ᠋ᠠᠨᠵᠤᠤᠷ︾ ᠨᠣᠮ ᠢ ᠲᠥᠪᠡᠳ ᠬᠡᠯᠡ ᠠᠴᠠ ᠮᠣᠩᠭᠤᠯ ᠬᠡᠯᠡᠨ ᠳᠤ ᠤᠷᠴᠢᠭᠤᠯᠬᠤ ᠠᠵᠢᠯ ᠳᠤ ᠤᠷᠤᠯᠴᠠᠭᠰᠠᠨ ᠪᠥᠭᠡᠳ ᠲᠩᠷᠢ ᠲᠡᠳᠬᠦᠭᠴᠢ ᠬᠠᠭᠠᠨ ᠠᠴᠠ ᠲᠡᠭᠦᠨ ᠢ ︽ᠨᠣᠶᠠᠨ ᠬᠤᠲᠤᠭᠲᠤ︾ ᠭᠡᠵᠦ ᠡᠷᠭᠦᠮᠵᠢᠯᠡᠪᠡ᠃ 1748 ᠤᠨ ︵ᠴᠢᠩ ᠤᠯᠤᠰ ᠤᠨ ᠲᠩᠷᠢ ᠲᠡᠳᠬᠦᠭᠴᠢ ᠶᠢᠨ ᠠᠷᠪᠠᠨ ᠭᠤᠷᠪᠠᠳᠤᠭᠠᠷ ᠣᠨ︶ ᠳᠤ ᠲᠩᠷᠢ ᠲᠡᠳᠬᠦᠭᠴᠢ ᠬᠠᠭᠠᠨ ᠯᠢᠩᠬᠤᠸᠠᠲᠤ ᠰᠦᠮ᠎ᠡ ᠳᠤ ᠰᠠᠨᠰᠺᠷᠢᠲ ᠰᠦᠮ᠎ᠡ ᠶᠢᠨ 101 ᠬᠤᠪᠢ ᠯᠠᠮᠠ ᠶᠢᠨ ᠲᠡᠮᠳᠡᠭ ᠪᠢᠴᠢᠭ ᠢ ᠰᠣᠶᠣᠷᠬᠠᠭᠰᠠᠨ ᠪᠣᠯᠪᠠᠴᠤ ᠲᠤᠬᠠᠶ ᠶᠢᠨ ᠦᠶ᠎ᠡ ᠳᠤ ᠲᠤᠰᠬᠠᠢ ᠠᠯᠪᠠᠨ ᠪᠢᠴᠢᠭ ᠣᠯᠭᠤᠭᠰᠠᠨ ᠦᠭᠡᠶ᠃ ᠬᠤᠵᠢᠮ ᠨᠢ ᠬᠤᠶᠠᠳᠤᠭᠠᠷ ᠳᠦᠷᠢ ᠶᠢᠨ ᠭᠡᠭᠡᠨ ᠲᠤᠭᠤᠷ ᠤᠨ ᠭᠤᠣᠯ ᠤᠨ ᠵᠡᠭᠦᠨᠳᠡᠬᠢ ᠲᠠᠦᠯᠠᠶᠢᠲᠦ ᠠᠭᠤᠯᠠᠨ ᠳᠤ ᠬᠦᠷᠴᠦ ᠰᠦᠮ᠎ᠡ ᠶᠢᠨ ᠬᠠᠶ᠋ᠢᠭ ᠢ ᠰᠣᠩᠭᠤᠵᠤ᠂ ᠰᠦᠮ᠎ᠡ ᠬᠡᠶᠢᠳ ᠢ ᠥᠷᠭᠡᠳᠬᠡᠬᠦ ᠪᠠᠷ ᠪᠡᠯᠡᠳᠬᠡᠪᠡ᠃ ᠭᠡᠪᠡᠴᠦ ᠬᠤᠶᠠᠳᠤᠭᠠᠷ ᠳᠦᠷᠢ ᠶᠢᠨ ᠭᠡᠭᠡᠨ ᠰᠦᠮ᠎ᠡ ᠬᠡᠶᠢᠳ ᠤᠨ ᠠᠵᠢᠯ ᠢ ᠥᠷᠭᠡᠳᠬᠡᠵᠦ ᠴᠢᠳᠠᠭᠰᠠᠨ ᠦᠭᠡᠢ 48 ᠨᠠᠰᠤᠲᠠᠢ ᠳᠠᠭᠠᠨ ᠨᠠᠰᠤ ᠪᠠᠷᠠᠵᠤ᠂ ᠴᠢᠨᠳᠠᠷ ᠢ ᠨᠢ ᠭᠠᠯ ᠢᠶᠠᠷ ᠳᠡᠭᠳᠡᠭᠡᠪᠡ᠃      ᠨᠡᠶᠢᠲᠡ ᠶᠢᠨ ᠣᠨ ᠲᠣᠭᠠᠯᠠᠯ ᠤᠨ 1762 ᠤᠨ ︵ᠴᠢᠩ ᠤᠯᠤᠰ ᠤᠨ ᠲᠩᠷᠢ ᠲᠡᠳᠬᠦᠭᠴᠢ ᠬᠠᠭᠠᠨ ᠤ ᠬᠤᠷᠢᠨ ᠳᠣᠯᠣᠳᠤᠭᠠᠷ ᠣᠨ︶ ᠳᠤ ᠭᠤᠷᠪᠠᠳᠤᠭᠠᠷ ᠳᠦᠷᠢ ᠶᠢᠨ ᠭᠡᠭᠡᠨ ᠶᠤᠰᠢᠭᠠᠯᠰᠠᠨ ᠯᠠᠮᠠ ᠲᠦᠰᠢᠶᠡᠲᠦ ᠬᠤᠰᠢᠭᠤᠨ ᠤ ᠲᠤᠰᠠᠯᠠᠭᠴᠢ ᠰᠡᠷᠡᠩᠨᠠᠮᠵᠢᠯ ᠤᠨ ᠭᠡᠷ ᠲᠤ ᠮᠡᠨᠳᠦᠯᠡᠵᠡᠢ᠃ ᠲᠡᠷᠡ 8 ᠨᠠᠰᠤᠲᠠᠶ ᠳᠠᠭᠠᠨ ᠭᠡᠭᠡᠨ ᠰᠠᠭᠤᠷᠢᠨ ᠳᠤ ᠰᠠᠭᠤᠵᠤ᠂ 28 ᠨᠠᠰᠤᠲᠠᠶ ᠳᠠᠭᠠᠨ ᠲᠥᠪᠡᠳ ᠤᠨ ᠰᠿᠤᠵᠤᠪᠰᠠᠩ ᠰᠦᠮ᠎ᠡ ᠳᠤ ᠬᠦᠷᠴᠦ᠂ 33 ᠨᠠᠰᠤᠲᠠᠶ ᠳᠠᠭᠠᠨ ᠪᠤᠴᠠᠵᠤ ᠢᠷᠡᠪᠡ᠃ 1796 ᠤᠨ ︵ᠰᠠᠶᠢᠰᠢᠶᠠᠯᠲᠤ ᠢᠷᠥᠭᠡᠯᠲᠦ ᠶᠢᠨ ᠲᠡᠷᠢᠭᠦᠨ ᠤᠨ︶ ᠠᠴᠠ ᠡᠬᠢᠯᠡᠨ ᠬᠤᠶᠠᠳᠤᠭᠠᠷ ᠳᠦᠷᠢ ᠶᠢᠨ ᠭᠡᠭᠡᠨ ᠤ ᠬᠠᠶᠢᠨ ᠲᠣᠭᠲᠠᠭᠠᠭᠰᠠᠨ ᠲᠠᠦᠯᠠᠶᠢᠲᠦ ᠠᠭᠤᠯᠠ ᠶᠢᠨ ᠬᠤᠷᠮᠣᠶ ᠳᠤ ᠹᠠᠨ ᠲᠦᠩ ᠰᠧ ᠰᠦᠮ᠎ᠡ᠂ ᠭᠤᠸᠠᠩ ᠱᠸᠦ ᠰᠧ ᠰᠦᠮ᠎ᠡ᠂ ᠭᠤᠸᠠᠩ ᠵᠢᠤᠸᠠᠢ ᠰᠧ ᠰᠦᠮ᠎ᠡ ᠪᠠ ᠬᠤᠩ ᠵᠢᠶ ᠰᠧ ᠰᠦᠮ᠎ᠡ ᠳᠥᠷᠪᠡᠨ ᠰᠦᠮ᠎ᠡ ᠶᠢ ᠲᠤᠰ ᠲᠤᠰ ᠪᠠᠶᠢᠭᠤᠯᠪᠠ᠃ ᠳᠥᠷᠪᠡᠨ ᠰᠦᠮ᠎ᠡ ᠶᠢ ᠨᠡᠶᠢᠲᠡ ᠭᠤᠷᠪᠠᠨ ᠵᠢᠯ ᠪᠠᠶᠢᠭᠤᠯᠵᠤ᠂ ᠨᠡᠶᠢᠲᠡ ᠶᠢᠨ ᠤᠨ ᠲᠣᠭᠠᠯᠠᠯ ᠤᠨ 1798 ᠣᠨ ᠤ 7 ᠰᠠᠷ᠎ᠠ ᠶᠢᠨ 12 ᠤᠨ ᠡᠳᠦᠷ ᠪᠠᠶᠢᠭᠤᠯᠵᠤ ᠳᠠᠭᠤᠰᠬᠠᠵᠠᠢ᠃ ᠭᠤᠷᠪᠠᠳᠤᠭᠠᠷ ᠲᠦᠷᠢ ᠶᠢᠨ ᠭᠡᠭᠡᠨ ᠰᠠᠭᠤᠷᠢᠨ ᠳᠤ ᠰᠠᠭᠤᠭᠰᠠᠨ ᠤ ᠳᠠᠷᠠᠭ᠎ᠠ ᠪᠡᠭᠡᠵᠢᠩ ᠠᠴᠠ ᠴᠢᠩ ᠤᠯᠤᠰ ᠤᠨ ᠵᠠᠰᠠᠭ ᠤᠨ ᠭᠠᠵᠠᠷ ᠬᠤᠶᠠᠳᠤᠭᠠᠷ ᠲᠦᠷᠢ ᠶᠢᠨ ᠭᠡᠭᠡᠨ ᠳᠤ ᠰᠤᠶᠣᠷᠬᠠᠭᠰᠠᠨ 101 ᠬᠤᠪᠢ ᠯᠠᠮᠠ ᠶᠢᠨ ᠲᠡᠮᠳᠡᠭ ᠪᠢᠴᠢᠭ ᠢ ᠠᠪᠴᠢᠷᠠᠪᠠ᠃ ᠭᠤᠷᠪᠠᠳᠤᠭᠠᠷ ᠳᠦᠷᠢ ᠶᠢᠨ ᠭᠡᠭᠡᠨ 58 ᠨᠠᠰᠤᠲᠠᠢ ᠳᠠᠭᠠᠨ ᠨᠠᠰᠤ ᠪᠠᠷᠠᠵᠠᠢ᠃       ᠨᠡᠶᠢᠲᠡ ᠶᠢᠨ ᠤᠨ ᠲᠣᠭᠠᠯᠠᠯ ᠤᠨ 1820 ᠤᠨ ︵ᠰᠠᠶᠢᠰᠢᠶᠠᠯᠲᠤ ᠢᠷᠥᠭᠡᠯᠲᠦ ᠶᠢᠨ ᠬᠤᠷᠢᠨ ᠲᠠᠪᠤᠳᠤᠭᠠᠷ ᠣᠨ︶ ᠳᠤ ᠳᠥᠷᠪᠡᠳᠦᠭᠡᠷ ᠳᠦᠷᠢ ᠶᠢᠨ ᠭᠡᠭᠡᠨ ᠯᠤᠪᠰᠠᠩᠲᠤᠪᠳᠠᠨᠵᠢᠭᠮᠢᠳᠵᠠᠯᠰᠠᠩ᠂ ᠲᠦᠰᠢᠶᠡᠲᠦ ᠬᠤᠰᠢᠭᠤᠨ ᠤ ᠸᠠᠩ ᠨᠤᠷᠪᠤᠷᠢᠨᠴᠢᠨ ᠤ ᠲᠠᠪᠤᠳᠤᠭᠠᠷ ᠬᠥᠪᠡᠭᠦᠨ ᠪᠤᠯᠵᠤ ᠵᠠᠶᠠᠭᠠᠵᠠᠢ᠃ ᠲᠡᠷᠡ 25 ᠨᠠᠰᠤᠲᠠᠶ ᠳᠠᠭᠠᠨ ᠰᠠᠶ᠋ᠢ ᠭᠡᠭᠡᠨ ᠰᠠᠭᠤᠷᠢᠨ ᠳᠤ ᠭᠠᠷᠤᠭᠰᠠᠨ ᠨᠢ ᠲᠡᠭᠦᠨ ᠤ ᠡᠴᠢᠭᠡ ᠨᠤᠷᠪᠤᠷᠢᠨᠴᠢᠨ ᠬᠦᠦ ᠪᠠᠨ ᠭᠡᠷ ᠠᠴᠠ ᠭᠠᠷᠴᠤ ᠯᠠᠮᠠ ᠪᠣᠯᠬᠤ ᠶᠢ ᠡᠰᠡᠷᠭᠦᠴᠡᠭᠰᠡᠨ ᠠᠴᠠ ᠪᠣᠯᠤᠭᠰᠠᠨ ᠶᠤᠮ᠃ ᠭᠡᠪᠡᠴᠦ ᠬᠡᠭᠡᠨ ᠢ ᠰᠢᠲᠦᠳᠡᠭ ᠪᠤᠰᠤᠳ ᠶᠢᠰᠦᠨ ᠬᠤᠰᠢᠭᠤ ᠠᠴᠠ ᠨᠤᠷᠪᠤᠷᠢᠨᠴᠢᠨ ᠸᠠᠩ ᠤᠨ ᠲᠠᠪᠤᠳᠤᠭᠠᠷ ᠬᠥᠪᠡᠭᠦᠨ ᠢ ᠭᠡᠭᠡᠨ ᠭᠡᠵᠦ ᠨᠤᠲᠠᠯᠠᠬᠤ ᠶᠢ ᠪᠠᠷᠢᠮᠲᠠᠯᠠᠳᠠᠭ᠃ ᠡᠭᠦᠨ ᠤ ᠲᠤᠯᠠᠳᠠ ᠬᠤᠶᠠᠷ ᠡᠲᠡᠭᠡᠳ ᠢᠶᠠᠷ ᠢᠶᠠᠨ 1850 ᠤᠨ ︵ᠴᠢᠩ ᠤᠯᠤᠰ ᠤᠨ ᠲᠥᠷᠥ ᠭᠡᠷᠡᠯᠲᠦ ᠶᠢᠨ ᠭᠤᠴᠢᠳᠤᠭᠠᠷ ᠣᠨ ︶ ᠳᠤ ᠵᠠᠷᠭᠤ ᠬᠢᠵᠦ᠂ ᠲᠥᠷᠥ ᠭᠡᠷᠡᠯᠲᠦ ᠬᠠᠭᠠᠨ ᠳᠤ ᠵᠠᠭᠠᠯᠳᠤᠵᠠᠶ᠃ ᠬᠠᠮᠤᠭ ᠰᠡᠭᠦᠯ ᠳᠤᠨᠢ ᠲᠥᠷᠥ ᠭᠡᠷᠡᠯᠲᠦ ᠬᠠᠭᠠᠨ ᠳᠥᠷᠪᠡᠳᠦᠭᠡᠷ ᠳᠦᠷᠢ ᠶᠢᠨ ᠭᠡᠭᠡᠨ ᠢ ︽ᠪᠠᠭᠰᠢ ᠭᠡᠭᠡᠨ︾ ᠬᠡᠮᠡᠨ ᠡᠷᠭᠦᠮᠵᠢᠯᠡᠭᠰᠡᠨ ᠠᠴᠠ ᠡᠨᠡ ᠤᠳᠠᠭᠠᠨ ᠤ ᠮᠠᠷᠭᠤᠯᠳᠤᠭᠠᠨ ᠰᠠᠶ᠋ᠢ ᠵᠤᠭᠰᠤᠵᠤ᠂ ᠲᠦᠰᠢᠶᠡᠲᠦ ᠸᠠᠩ ᠨᠤᠷᠪᠤᠷᠢᠨᠴᠢᠨ ᠲᠡᠭᠦᠨ ᠢ ᠰᠦᠮ᠎ᠡ ᠳᠤ ᠬᠦᠷᠭᠡᠨ ᠯᠠᠮᠠ ᠪᠣᠯᠭᠠᠬᠤ ᠪᠠᠷ ᠵᠥᠪᠰᠢᠶᠡᠷᠡᠵᠡᠶ᠃ ᠴᠢᠩ ᠤᠯᠤᠰ ᠤᠨ ᠨᠣᠶᠠᠷᠬᠠᠭᠴᠢᠳ ᠳᠥᠷᠪᠡᠳᠦᠭᠡᠷ ᠳᠦᠷᠢ ᠶᠢᠨ ᠭᠡᠭᠡᠨ ᠳᠤ ︽ᠵᠠᠭᠠᠨ ᠤ ᠰᠣᠶᠤᠭ᠎ᠠ ᠶᠢᠨ ᠭᠡᠭᠡᠨᠴᠢᠷ︾ ᠪᠠ ᠯᠣᠣ ᠶᠢᠨ ᠰᠡᠶᠢᠯᠦᠮᠡᠯ ᠪᠦᠬᠦᠢ ︽ᠡᠷᠬᠡ ᠶᠢᠨ ᠲᠠᠶᠠᠭ︾ ᠵᠡᠷᠭᠡ ᠶᠢ ᠬᠠᠶᠢᠷᠠᠯᠠᠪᠠ ︵ᠡᠳᠡᠭᠡᠷ ᠪᠣᠳᠠᠰ ᠨᠢ ᠰᠦᠮ᠎ᠡ ᠳᠤ ᠬᠠᠳᠠᠭᠠᠯᠠᠭᠳᠠᠵᠤ᠂ ︽ᠰᠣᠶᠣᠯ ᠤᠨ ᠬᠤᠪᠢᠰᠬᠠᠯ︾ ᠤᠨ ᠳᠤᠮᠳᠠ ᠡᠪᠳᠡᠭᠳᠡᠪᠡ︶᠃ ᠳᠥᠷᠪᠡᠳᠦᠭᠡᠷ ᠳᠦᠷᠢ ᠶᠢᠨ ᠭᠡᠭᠡᠨ 1877 ᠤᠨ ︵ᠴᠢᠩ ᠤᠯᠤᠰ ᠤᠨ ᠪᠠᠳᠠᠷᠠᠭᠤᠯᠲᠤ ᠲᠥᠷᠥ ᠶᠢᠨ ᠭᠤᠷᠪᠠᠳᠤᠭᠠᠷ ᠤᠨ︶ ᠤ 3 ᠰᠠᠷ᠎ᠠ ᠶᠢᠨ 24 ᠤ ᠡᠳᠦᠷ ᠨᠠᠰᠤ ᠪᠠᠷᠠᠵᠤ᠂ ᠲᠤᠬᠠᠶ ᠶᠢᠨ ᠦᠶ᠎ᠡ ᠳᠤ 58 ᠨᠠᠰᠤᠲᠠᠶ ᠪᠠᠶᠢᠵᠠᠶ᠃ ᠨᠠᠰᠤ ᠪᠠᠷᠠᠬᠤ ᠠᠴᠠ ᠪᠠᠨ ᠡᠮᠦᠨ᠎ᠡ ᠦᠪᠡᠷ ᠤᠨ ᠬᠡᠭᠦᠷ ᠪᠡᠶ᠎ᠡ ᠶᠢ ᠪᠤᠯᠠᠰᠢᠯᠠᠬᠤ ᠪᠠ ᠰᠢᠲᠠᠭᠠᠵᠤ ᠪᠣᠯᠬᠤ ᠦᠭᠡᠢ᠂ ᠬᠢᠲᠤᠭ᠎ᠠ ᠪᠠᠷ ᠬᠡᠭᠦᠷ ᠪᠡᠶ᠎ᠡ ᠶᠢ ᠨᠢ ᠰᠠᠯᠭᠠᠵᠤ ᠪᠣᠯᠬᠤ ᠦᠭᠡᠢ ᠭᠡᠵᠤ ᠬᠡᠷᠢᠶᠡᠰᠦᠯᠡᠪᠡ᠃ ᠡᠶᠢᠮᠦ ᠠᠴᠠ ᠪᠠᠨ ᠳᠥᠷᠪᠡᠳᠦᠭᠡᠷ ᠳᠦᠷᠢ ᠶᠢᠨ ᠭᠡᠭᠡᠨ ᠨᠠᠰᠤ ᠪᠠᠷᠠᠭᠰᠠᠨ ᠤ ᠳᠠᠷᠠᠭ᠎ᠠ ᠬᠡᠭᠦᠷ ᠪᠡᠶ᠎ᠡ ᠶᠢ ᠨᠢ ᠬᠠᠳᠠᠭᠠᠵᠤ᠂ ᠲᠡᠭᠦᠨ ᠤ ᠭᠡᠷ ᠤᠨ ᠬᠥᠮᠦᠨ ᠢ ᠲᠣᠮᠢᠯᠠᠨ ᠭᠡᠭᠡᠨᠰᠦ᠋ᠮ᠎ᠡ ᠳᠤ ᠣᠴᠢᠭᠤᠯᠵᠤ ᠬᠡᠭᠦᠷ ᠪᠡᠶ᠎ᠡ ᠶᠢᠨ ᠬᠢᠨᠢ ᠭᠠᠳᠠᠭᠤᠷ ᠵᠤᠵᠠᠭᠠᠨ ᠨᠢᠭᠡ ᠳᠠᠪᠬᠤᠷ ᠵᠠᠰᠠᠯ ᠴᠢᠮᠡᠭ ᠤᠨ ᠵᠦᠢᠯᠡᠰ ︵ᠢᠯᠵᠠᠷᠠᠬᠤ ᠶᠢ ᠰᠡᠷᠭᠡᠶᠢᠯᠡᠬᠦ ᠪᠤᠳᠠᠰ︶ ᠢ ᠲᠦᠷᠬᠢᠵᠦ᠂ ᠭᠡᠭᠡᠨ ᠣᠩᠭᠤᠨ ᠤ ᠳᠣᠲᠣᠷ᠎ᠠ ᠲᠠᠯᠪᠢᠵᠠᠶ᠃ ᠳᠥᠷᠪᠡᠳᠦᠭᠡᠷ ᠳᠦᠷᠢ ᠶᠢᠨ ᠭᠡᠭᠡᠨ ᠤ ᠴᠢᠨᠳᠠᠷ 1958 ᠣᠨ ᠳᠤ ᠭᠤᠸᠠᠩ ᠱᠸᠦ ᠰᠧ ᠬᠡᠶᠢᠳ ᠲᠤ ᠰᠢᠯᠵᠢᠭᠦᠯᠦᠭᠳᠡᠵᠦ᠂ 1966 ᠣᠨ ᠳᠤ ︽ᠰᠣᠶᠣᠯ ᠤᠨ ᠶᠡᠭᠡ ᠬᠤᠪᠢᠰᠬᠠᠯ︾ ᠤᠨ ᠳᠤᠮᠳᠠ ᠭᠠᠯᠳᠠᠭᠳᠠᠪᠠ᠃       ᠨᠡᠶᠢᠲᠡ ᠶᠢᠨ ᠤᠨ ᠲᠣᠭᠠᠯᠠᠯ ᠤᠨ 1880 ᠤᠨ ︵ᠴᠢᠩ ᠤᠨ ᠪᠠᠳᠠᠷᠠᠭᠤᠯᠲᠤ ᠲᠥᠷᠥ ᠶᠢᠨ ᠵᠢᠷᠭᠤᠳᠤᠭᠠᠷ ᠣᠨ︶ ᠳᠤ ᠲᠠᠪᠤᠳᠤᠭᠠᠷ ᠳᠦᠷᠢ ᠶᠢᠨ ᠭᠡᠭᠡᠨ ᠯᠤᠪᠰᠠᠩᠬᠠᠢᠢᠷᠠᠪᠳᠠᠨᠪᠢᠯᠤᠮᠤ ᠲᠦᠷᠦᠯ ᠤᠯᠵᠠᠢ᠃ ᠲᠡᠷᠡ ᠲᠦᠰᠢᠶᠡᠲᠦ ᠬᠤᠰᠢᠭᠤᠨ ᠤ ᠬᠠᠷᠢᠶᠠᠳᠦ ᠭᠠᠷᠤᠯ ᠲᠠᠢ ᠬᠠᠮᠪᠤᠬ᠎ᠠ ᠶᠢᠨ ᠬᠥᠪᠡᠭᠦᠨ ᠪᠤᠯᠵᠤ ᠵᠠᠶᠠᠭᠠᠵᠠᠢ᠃ ᠲᠠᠪᠤᠳᠤᠭᠠᠷ ᠳᠦᠷᠢ ᠶᠢᠨ ᠭᠡᠭᠡᠨ 9 ᠨᠠᠰᠤᠲᠠᠶ ᠳᠠᠭᠠᠨ ᠰᠠᠭᠤᠷᠢᠨ ᠳᠤ ᠰᠠᠭᠤᠵᠤ᠂ 14 ᠨᠠᠰᠤᠲᠠᠶ ᠳᠠᠭᠠᠨ ᠨᠠᠰᠤ ᠪᠠᠷᠠᠵᠠᠶ᠃ ᠲᠡᠭᠦᠨ ᠢ ᠨᠠᠰᠤ ᠪᠠᠷᠠᠬᠤ ᠦᠶ᠎ᠡ ᠳᠤ ᠬᠠᠯᠳᠠᠪᠤᠷᠢᠲᠤ ᠡᠪᠡᠳᠴᠢᠨ ᠳᠡᠯᠭᠡᠷᠡᠵᠤ ᠪᠠᠶᠢᠭᠰᠠᠨ ᠠᠴᠠ ᠬᠡᠭᠦᠷ ᠢ ᠨᠢ ᠭᠠᠯ ᠢᠶᠠᠷ ᠳᠡᠭᠳᠡᠭᠡᠵᠡᠢ᠃       ᠨᠡᠶᠢᠲᠡ ᠶᠢᠨ ᠤᠨ ᠲᠣᠭᠠᠯᠠᠯ ᠤᠨ 1895 ᠤᠨ ︵ᠴᠢᠩ ᠤᠯᠤᠰ ᠤᠨ ᠪᠠᠳᠠᠷᠠᠭᠤᠯᠲᠤ ᠲᠥᠷᠥ ᠶᠢᠨ ᠬᠤᠷᠢᠨ ᠨᠢᠭᠡᠳᠦᠭᠡᠷ ᠤᠨ︶᠂ ᠳᠠᠷᠦᠢ ᠲᠠᠪᠤᠳᠤᠭᠠᠷ ᠳᠦᠷᠢ ᠶᠢᠨ ᠭᠡᠭᠡᠨ ᠬᠠᠯᠢᠭᠰᠠᠨ ᠤ ᠳᠠᠷᠠᠭᠠᠬᠢ ᠬᠤᠶᠠᠳᠤᠭᠠᠷ ᠵᠢᠯ ᠳᠤ ᠵᠢᠷᠭᠤᠳᠤᠭᠠᠷ ᠳᠦᠷᠢ ᠶᠢᠨ ᠭᠡᠭᠡᠨ ᠯᠤᠪᠰᠠᠩᠯᠾᠠᠪᠾᠢᠲᠦᠪᠳᠠᠨᠵᠠᠯᠰᠠᠨ ᠳᠦᠷᠢ ᠬᠤᠪᠢᠯᠵᠤ᠂ ᠵᠠᠰᠠᠭᠲᠤ ᠬᠤᠰᠢᠭᠤᠨ ᠤ ᠢᠮᠠᠭᠠᠲᠤ ᠲᠣᠰᠬᠤᠨ ᠤ ᠬᠠᠷᠢᠶᠠᠳᠦ ᠭᠠᠷᠤᠯᠲᠠᠶ ᠳᠠᠮᠪᠢ ᠶᠢᠨ ᠤᠤᠭᠠᠨ ᠬᠥᠪᠡᠭᠦᠨ ᠪᠤᠯᠤᠨ ᠮᠡᠨᠳᠦᠯᠡᠵᠡᠢ ᠃ ᠵᠢᠷᠭᠤᠳᠤᠭᠠᠷ ᠳᠦᠷᠢ ᠶᠢᠨ ᠭᠡᠭᠡᠨ 9 ᠨᠠᠰᠤᠲᠠᠶ ᠳᠠᠭᠠᠨ ᠰᠠᠭᠤᠷᠢᠨ ᠳᠤ ᠰᠠᠭᠤᠪᠠ᠃ ᠲᠡᠷᠡ 13 ᠨᠠᠰᠤᠲᠠᠢ ᠳᠠᠭᠠᠨ ᠬᠥᠬᠡᠨᠠᠭᠤᠷ ᠤᠨ ᠲᠠᠷᠰ ᠰᠦᠮ᠎ᠡ ᠳᠤ ᠬᠦᠷᠴᠦ ᠠᠷᠪᠠᠨ ᠭᠤᠷᠪᠠᠳᠤᠭᠠᠷ ᠳᠦᠷᠢ ᠶᠢᠨ ᠳᠠᠯᠠᠢ ᠯᠠᠮᠠ ᠲᠠᠢ ᠠᠭᠤᠯᠵᠠᠵᠤ᠂ ᠠᠷᠪᠠᠨ ᠬᠤᠰᠢᠭᠤᠨ ᠠᠴᠠ ᠵᠠᠷᠤᠳᠠᠯ ᠮᠥᠩᠭᠦ ᠬᠠᠨᠳᠢᠪᠯᠠᠵᠤ᠂ ᠬᠠᠪᠤᠷ ᠤᠨ ᠡᠬᠢᠨ ᠳᠤ ᠤᠴᠢᠵᠤ ᠨᠠᠮᠤᠷ ᠤᠨ ᠦᠶ᠎ᠡ ᠳᠤ ᠰᠠᠶ᠋ᠢ ᠪᠤᠴᠠᠵᠤ ᠢᠷᠡᠪᠡ᠃ 1912 ᠣᠨ ᠤ ᠪᠢᠯᠢᠭ ᠤᠨ ᠤᠯᠠᠷᠢᠯ ᠤᠨ 8 ᠰᠠᠷ᠎ᠠ ᠶᠢᠨ 2 ᠤᠨ ᠡᠳᠦᠷ᠂ ᠵᠠᠰᠠᠭᠲᠤ ᠬᠤᠰᠢᠭᠤᠨ ᠤ ᠸᠠᠩ ᠤᠲᠠᠶ ᠶᠢᠨ ᠤᠷᠪᠠᠯᠭᠠᠨ ᠡᠭᠦᠰᠴᠦ᠂ ᠵᠢᠷᠭᠤᠳᠤᠭᠠᠷ ᠲᠦᠷᠢ ᠶᠢᠨ ᠭᠡᠭᠡᠨ ᠤᠲᠠᠶ ᠶᠢᠨ ᠤᠷᠪᠠᠯᠭᠠᠨ ᠢ ᠳᠠᠭᠠᠵᠤ᠂ ᠬᠢᠩᠭᠠᠨ ᠳᠠᠪᠠᠭᠠᠨ ᠤ ᠡᠮᠦᠨ᠎ᠡ ᠬᠡᠰᠡᠭ ᠲᠠᠬᠢ ᠰᠠᠩᠬᠦ᠋ᠷᠪᠠ ᠠᠭᠤᠯᠠᠨ ᠳᠤ ᠬᠦᠷᠴᠦ᠂ ᠤᠲᠠᠶ ᠪᠣᠯᠤᠨ ᠵᠢᠷᠭᠤᠳᠤᠭᠠᠷ ᠲᠦᠷᠢ ᠶᠢᠨ ᠭᠡᠭᠡᠨ ᠲᠡᠨᠳᠡ ᠵᠢᠷᠭᠤᠭ᠎ᠠ ᠲᠣᠯᠣᠭᠠᠨ ᠡᠳᠦᠷ ᠰᠠᠭᠤᠭᠰᠠᠨ ᠤ ᠳᠠᠷᠠᠭ᠎ᠠ᠂ ᠠᠷᠤ ᠮᠣᠩᠭᠤᠯ ᠤᠨ ᠬᠦᠷᠢᠶᠡᠨ ᠳᠤ ᠳᠤᠲᠠᠭᠠᠨ ᠣᠴᠢᠵᠠᠶ᠃ 1915 ᠣᠨ ᠤ 10 ᠰᠠᠷ᠎ᠠ ᠳᠤ ᠰᠠᠶ᠋ᠢ ᠲᠤᠰ ᠬᠤᠰᠢᠭᠤᠨ ᠳᠠᠭᠠᠨ ᠪᠤᠴᠠᠪᠠ᠃        ᠵᠢᠷᠭᠤᠳᠤᠭᠠᠷ ᠳᠦᠷᠢ ᠶᠢᠨ ᠭᠡᠭᠡᠨ 1916 ᠣᠨ ᠳᠤ ᠵᠡᠭᠦᠨ ᠬᠤᠶᠢᠲᠤ ᠶᠢᠨ ᠴᠡᠷᠢᠭ ᠤᠨ ᠡᠷᠬᠡᠲᠡᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠭᠡᠭᠡᠨᠰᠦ᠋ᠮ᠎ᠡ ᠳᠤ 10 ᠪᠠᠶᠢᠯᠳᠤᠭᠴᠢ ᠲᠠᠢ ᠵᠡᠪᠰᠡᠭᠲᠦ ᠬᠦᠴᠦᠨ ᠪᠠᠶᠢᠭᠤᠯᠵᠠᠢ᠃ 1928 ᠣᠨ ᠳᠤ ᠲᠥᠪᠡᠳ ᠤᠨ ᠪᠠᠨᠴᠢᠨ ᠡᠷᠳᠡᠨᠢ ᠲᠤᠰ ᠰᠦᠮ᠎ᠡ ᠳᠤ ᠢᠷᠡᠬᠦ ᠦᠶ᠎ᠡ ᠳᠤ ᠵᠢᠷᠭᠤᠳᠤᠭᠠᠷ ᠳᠦᠷᠢ ᠶᠢᠨ ᠭᠡᠭᠡᠨ ᠰᠠᠶ᠋ᠢ 33 ᠨᠠᠰᠤᠲᠠᠶ ᠪᠠᠶᠢᠵᠠᠶ᠃       ᠵᠢᠷᠭᠤᠳᠤᠭᠠᠷ ᠲᠦᠷᠢ ᠶᠢᠨ ᠭᠡᠭᠡᠨ 38 ᠨᠠᠰᠤᠲᠠᠢ ᠳᠠᠭᠠᠨ ᠦᠪᠡᠷ ᠤᠨ ᠳᠡᠭᠦᠦ ᠶᠢᠨ ᠢᠶᠠᠨ ᠨᠡᠷ᠎ᠡ ᠪᠠᠷ ᠬᠠᠳᠠᠨ ᠠᠷᠤ ᠲᠤᠰᠬᠤᠨ ᠤ ᠲᠠᠶᠢᠵᠢ ᠬᠠᠪᠤᠭᠠᠢ ᠶᠢᠨ ᠥᠬᠢᠨ ︽ᠭᠤᠤᠫᠢ ᠡᠵᠢ︾ ᠢ ᠪᠠᠭᠤᠯᠭᠠᠵᠤ ᠠᠪᠴᠠᠢ᠃ ︽ᠭᠤᠤᠫᠢ ᠡᠵᠢ︾ ᠶᠢ ᠪᠠᠭᠤᠯᠭᠠᠭᠰᠠᠨ ᠤ ᠲᠠᠷᠠᠭ᠎ᠠ ᠵᠢᠯ ᠳᠤᠨᠢ ᠪᠠᠰᠠ ᠨᠢᠭᠡᠨ ᠬᠠᠲᠤᠨ ᠪᠠᠭᠤᠯᠭᠠᠬᠤ ᠪᠠᠷ ᠲᠥᠯᠥᠪᠯᠡᠵᠦ ᠪᠠᠶᠢᠭᠰᠠᠨ ᠪᠣᠯᠪᠠᠴᠤ ᠪᠦᠲᠦᠭᠰᠡᠨ ᠦᠭᠡᠢ᠃ ᠵᠢᠷᠭᠤᠳᠤᠭᠠᠷ ᠳᠦᠷᠢ ᠶᠢᠨ ᠭᠡᠭᠡᠨ 40 ᠨᠠᠰᠤᠨ ᠠᠴᠠ ᠪᠠᠨ ᠡᠬᠢᠯᠡᠨ ᠮᠡᠳᠡᠷᠡᠯ ᠨᠢ ᠬᠡᠪ ᠤᠨ ᠪᠤᠰᠤ ᠪᠤᠯᠵᠤ᠂ 42 ᠨᠠᠰᠤᠲᠠᠢ ᠵᠢᠯ ᠤᠨ ᠬᠠᠪᠤᠷ ᠤᠲᠠᠶ ᠶᠢᠨ ᠠᠭᠤᠯᠠᠨ ᠳᠤ ᠨᠢᠭᠡ ᠤᠳᠠᠭ᠎ᠠ ᠬᠦᠷᠴᠦ᠂ ᠲᠡᠷᠡ ᠵᠢᠯ ᠤᠨ 7 ᠰᠠᠷ᠎ᠠ ᠶᠢᠨ 10 ᠤ ᠡᠳᠦᠷ ᠨᠠᠰᠤ ᠪᠠᠷᠠᠪᠠ᠃       ᠨᠡᠶᠢᠲᠡ ᠶᠢᠨ ᠤᠨ ᠲᠣᠭᠠᠯᠠᠯ ᠤᠨ 1938 ᠣᠨ ᠳᠤ ᠵᠢᠷᠭᠤᠳᠤᠭᠠᠷ ᠳᠦᠷᠢ ᠶᠢᠨ ᠭᠡᠭᠡᠨ ᠨᠠᠰᠤ ᠪᠠᠷᠠᠭᠰᠠᠨ ᠬᠤᠶᠠᠳᠤᠭᠠᠷ ᠵᠢᠯ ᠳᠤ᠂ ᠳᠣᠯᠣᠳᠤᠭᠠᠷ ᠳᠦᠷᠢ ᠶᠢᠨ ᠭᠡᠭᠡᠨ ᠠᠭᠸᠠᠩᠴᠦ᠋ᠵᠢᠸᠡᠩᠵᠢᠭᠧ ᠲᠣᠳᠣᠷᠠᠪᠠ᠃ ᠲᠡᠷᠡ ᠪᠣᠯ ᠵᠣᠣ ᠤᠳᠠ ᠶᠢᠨ ᠴᠢᠭᠤᠯᠭᠠᠨ ᠤ ᠠᠷᠤ ᠬᠤᠷᠴᠢᠨ ᠬᠤᠰᠢᠭᠤᠨ ᠤ ᠠᠯᠪᠠᠨ ᠰᠤᠮᠤᠨ ᠤ ᠲᠠᠶᠢᠵᠢ ᠪᠠᠳᠮᠠᠸᠠᠩᠴᠤᠭ ᠤᠨ ᠬᠤᠶᠠᠳᠤᠭᠠᠷ ᠬᠥᠪᠡᠭᠦᠨ ᠪᠣᠯᠤᠨ᠎ᠠ᠃ ᠲᠡᠷᠡ 5 ᠨᠠᠰᠤᠲᠠᠶ ᠳᠠᠭᠠᠨ ᠰᠦᠮ᠎ᠡ ᠳᠤ ᠬᠦᠷᠭᠡᠭᠳᠡᠵᠦ᠂ 7 ᠨᠠᠰᠤᠲᠠᠶ ᠳᠠᠭᠠᠨ ᠵᠢᠩᠬᠢᠨᠢ ᠪᠠᠷ ᠰᠠᠭᠤᠷᠢᠨ ᠳᠤ ᠭᠠᠷᠴᠠᠶ ︵1945 ᠣᠨ ᠤ 7 ᠰᠠᠷ᠎ᠠ ᠶᠢᠨ 20 ᠤ ᠡᠳᠦᠷ︶᠃ 1947 ᠣᠨ ᠳᠤ ᠵᠡᠭᠦᠨ ᠬᠤᠶᠢᠲᠤ ᠣᠷᠣᠨ ᠴᠢᠯᠥᠭᠡᠯᠡᠭᠳᠡᠭᠰᠡᠨ ᠤ ᠳᠠᠷᠠᠭ᠎ᠠ᠂ ᠳᠣᠯᠣᠳᠤᠭᠠᠷ ᠳᠦᠷᠢ ᠶᠢᠨ ᠭᠡᠭᠡᠨ ᠰᠤᠷᠭᠠᠭᠤᠯᠢ ᠳᠤ ᠰᠠᠭᠤᠵᠠᠢ᠃ 1959 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠠᠴᠠ ᠲᠡᠭᠦᠨ ᠢ ᠪᠠᠲᠤᠯᠠᠨ ᠬᠦᠷᠭᠡᠵᠦ ᠥᠪᠥᠷ ᠮᠣᠩᠭᠤᠯ ᠤᠨ ᠡᠮᠨᠡᠯᠭᠡ ᠶᠢᠨ ᠳᠡᠭᠡᠳᠦ ᠰᠤᠷᠭᠠᠭᠤᠯᠢ ᠳᠤ ᠰᠤᠷᠤᠯᠴᠠᠭᠤᠯᠪᠠ᠃ 1963 ᠣᠨ ᠤ 7 ᠰᠠᠷ᠎ᠠ ᠳᠤ ᠲᠡᠭᠦᠰᠦᠭᠰᠡᠨ ᠤ ᠳᠠᠷᠠᠭ᠎ᠠ᠂ ᠤᠷᠢᠳ ᠬᠤᠵᠢᠳ ᠶᠡᠭᠡ ᠵᠣᠣ ᠶᠢᠨ ᠴᠢᠭᠤᠯᠭᠠᠨ᠂ ᠵᠢᠷᠢᠮ ᠠᠶᠢᠮᠠᠭ ᠵᠡᠷᠭᠡ ᠭᠠᠵᠠᠷ ᠪᠣᠯᠤᠨ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠳᠤ ᠡᠮᠴᠢ ᠪᠠᠷ ᠠᠵᠢᠯᠯᠠᠵᠤ᠂ ᠨᠡᠷ᠎ᠡ ᠪᠠᠨ ᠮᠠᠯᠬ᠎ᠠ ᠭᠡᠵᠤ ᠬᠠᠯᠠᠪᠠ᠃ 1994 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠪᠡᠳᠴᠢᠨ ᠢᠶᠠᠷ ᠨᠠᠰᠤ ᠪᠠᠷᠠᠪᠠ᠃       ᠲᠦᠷᠪᠡ᠂ ᠢᠷᠭᠡᠨ ᠤᠯᠤᠰ ᠪᠠ ᠬᠠᠭᠤᠷᠮᠠᠭ ᠮᠠᠨᠵᠤ ᠶᠢᠨ ᠦᠶ᠎ᠡ ᠶᠢᠨ ᠭᠡᠭᠡᠨᠰᠦ᠋ᠮ᠎ᠡ       ᠴᠢᠩ ᠤᠯᠤᠰ ᠤᠨ ᠵᠠᠰᠠᠭ ᠤᠨ ᠭᠠᠵᠠᠷ ᠠᠴᠠ ᠮᠣᠩᠭᠤᠯᠴᠤᠳ ᠲᠤ ᠶᠠᠪᠤᠭᠤᠯᠤᠭᠰᠠᠨ ︽ᠯᠠᠮᠠ ᠶᠢᠨ ᠱᠠᠰᠢᠨ ᠢᠶᠠᠷ ᠮᠣᠩᠭᠤᠯ ᠢ ᠨᠣᠮᠣᠬᠠᠳᠬᠠᠬᠤ︾ ᠲᠥᠷᠥ ᠶᠢᠨ ᠪᠣᠳᠣᠯᠭ᠎ᠠ ᠨᠢ ᠢᠷᠭᠡᠨ ᠤᠯᠤᠰ ᠪᠠ ᠬᠠᠭᠤᠷᠮᠠᠭ ᠮᠠᠨᠵᠤ ᠶᠢᠨ ᠦᠶ᠎ᠡ ᠳᠤ ᠡᠯ᠎ᠡ ᠮᠣᠩᠭᠤᠯ ᠸᠠᠩ ᠬᠥᠩ ᠨᠡᠷ ᠤᠨ ᠦᠨᠡᠨᠴᠢ ᠬᠠᠮᠵᠢᠯᠴᠠᠭ᠎ᠠ ᠪᠠᠷ ᠳᠠᠮᠵᠢᠨ ᠦᠷᠭᠦᠯᠵᠢᠯᠡᠵᠡᠶ       ᠶᠤᠸᠠᠨ ᠱᠢ ᠺᠠᠶ ᠡᠷᠬᠡ ᠠᠳᠬᠤᠭᠰᠠᠨ ᠤ ᠳᠠᠷᠠᠭ᠎ᠠ᠂ ︽ᠮᠣᠩᠭᠤᠯ ᠲᠥᠪᠡᠳ ᠤᠨ ᠬᠤᠷᠢᠶ᠎ᠠ︾ ᠶᠢ ᠪᠠᠶᠢᠭᠤᠯᠤᠭᠰᠠᠨ ᠪᠥᠭᠡᠳ ᠸᠠᠩ ᠭᠦᠩ᠂ ᠯᠠᠮᠠ ᠨᠠᠷ ᠤᠨ ᠬᠠᠮᠢᠶᠠᠷᠬᠤ ᠡᠷᠬᠡ ᠴᠥᠮ ᠤᠭ ᠬᠡᠪ ᠢᠶᠠᠷ ᠢᠶᠠᠨ ᠪᠠᠶᠢᠨ᠎ᠠ ᠭᠡᠵᠦ ᠲᠤᠩᠬᠠᠭᠯᠠᠪᠠ᠃ ᠭᠤᠮᠢᠨᠳᠠᠩ ᠤᠨ ᠨᠣᠶᠠᠷᠬᠠᠯ ᠤᠨ ᠦᠶ᠎ᠡ ᠳᠤ ᠴᠦ ᠡᠶᠢᠮᠦ ᠪᠠᠶᠢᠭᠰᠠᠨ ᠶᠤᠮ᠃ ᠲᠡᠷᠡᠬᠦ ᠵᠠᠰᠠᠭ ᠶᠠᠪᠤᠭᠤᠯᠬᠤ ᠬᠤᠷᠢᠶᠠᠨ ᠤ ᠪᠠᠨ ᠳᠣᠣᠷ᠎ᠠ ︽ᠮᠣᠩᠭᠤᠯ ᠲᠥᠪᠡᠳ ᠤᠨ ᠬᠤᠷᠢᠶ᠎ᠠ︾ ᠪᠠ ︽ᠱᠠᠰᠢᠨ ᠤ ᠬᠡᠷᠡᠭ ᠡᠷᠬᠢᠯᠡᠬᠦ ᠭᠠᠵᠠᠷ︾ ᠢ ᠪᠠᠶᠢᠭᠤᠯᠵᠤ᠂ ᠵᠠᠯᠭᠠᠭᠠᠳ ᠪᠠᠰᠠ ︽ᠮᠣᠩᠭᠤᠯ ᠢ ᠬᠢᠨᠠᠬᠤ ᠪᠠ ᠠᠶᠢᠮᠠᠭ ᠬᠤᠰᠢᠭᠤᠨ ᠤ ᠵᠣᠬᠢᠶᠠᠨ ᠪᠠᠶᠢᠭᠤᠯᠬᠤ ᠬᠠᠤᠯᠢ︾ ᠶᠢ ᠨᠡᠶᠢᠲᠡᠯᠡᠨ ᠮᠥᠨ ᠭᠦ ᠯᠠᠮᠠ ᠶᠢᠨ ᠱᠠᠰᠢᠨ ᠤ ᠨᠥᠯᠥᠭᠡ ᠶᠢ ᠠᠰᠢᠭᠯᠠᠨ ᠮᠣᠩᠭᠤᠯ ᠦᠨᠳᠦᠰᠦᠲᠡᠨ ᠢ ᠬᠦᠯᠢᠶᠡᠰᠦᠯᠡᠵᠦ ᠪᠠᠶᠢᠪᠠ᠃       ᠬᠠᠭᠤᠷᠮᠠᠭ ᠮᠠᠨᠵᠤ ᠤᠯᠤᠰ ᠤᠨ ᠦᠶ᠎ᠡ ᠳᠤ᠂ ᠶᠠᠫᠣᠨ ᠤ ᠲᠦᠷᠢᠮᠡᠬᠡᠶᠢᠯᠡᠭᠴᠢᠳ ᠪᠠᠰᠠ ᠯᠠᠮᠠ ᠶᠢᠨ ᠱᠠᠰᠢᠨ ᠤ ᠨᠥᠯᠥᠭᠡ ᠶᠢ ᠠᠰᠢᠭᠯᠠᠨ ᠵᠡᠭᠦᠨ ᠮᠣᠩᠭᠤᠯ ᠣᠷᠣᠨ ᠳᠠᠬᠢ ᠨᠣᠶᠠᠷᠬᠠᠯ ᠢᠶᠠᠨ ᠴᠢᠩᠭᠠᠳᠬᠠᠵᠠᠶ᠃ 1941 ᠣᠨ ᠳᠤ ᠬᠠᠭᠤᠷᠮᠠᠭ ᠮᠠᠨᠵᠤ ᠶᠢᠨ ᠵᠠᠰᠠᠭ ᠤᠨ ᠣᠷᠳᠣᠨ ᠠᠴᠠ ︽ᠯᠠᠮᠠ ᠶᠢᠨ ᠱᠠᠰᠢᠨ‌ᠢ ᠴᠡᠭᠴᠡᠯᠡᠬᠦ ᠬᠠᠤᠯᠢ ᠶᠢᠨ ᠲᠥᠰᠦᠯ︾ ᠢ ᠨᠡᠶᠢᠲᠡᠯᠡᠵᠦ᠂ ᠯᠠᠮᠠ ᠶᠢᠨ ᠱᠠᠰᠢᠨ ᠤ ᠡᠷᠬᠡᠰᠢᠶᠡᠯ ᠢᠶᠠᠨ ᠴᠢᠩᠭᠠᠳᠬᠠᠵᠠᠢ᠃       ᠢᠷᠭᠡᠨ ᠤᠯᠤᠰ ᠪᠠ ᠬᠠᠭᠤᠷᠮᠠᠭ ᠮᠠᠨᠵᠤ ᠶᠢᠨ ᠵᠠᠰᠠᠭ ᠤᠨ ᠭᠠᠵᠠᠷ ᠤᠨ ᠳᠡᠭᠡᠷ᠎ᠡ ᠳᠤᠷᠠᠳᠤᠭᠰᠠᠨ ᠲᠦᠷᠦ ᠶᠢᠨ ᠪᠤᠳᠤᠯᠭ᠎ᠠ ᠠᠴᠠ ᠪᠤᠯᠵᠤ᠂ ᠭᠡᠭᠡᠨᠰᠦ᠋ᠮ᠎ᠡ ᠶᠢᠨ ᠵᠡᠭᠦᠨ ᠮᠣᠩᠭᠤᠯ ᠤᠨ ᠥᠷᠭᠡᠨ ᠤᠯᠠᠨ ᠮᠣᠩᠭᠤᠯ ᠮᠠᠯᠴᠢᠨ ᠲᠠᠷᠢᠶᠠᠴᠢᠨ ᠤ ᠳᠣᠲᠣᠷᠠᠬᠢ ᠱᠠᠰᠢᠨ ᠰᠢᠲᠦᠯᠭᠡ ᠶᠢᠨ ᠲᠥᠪ ᠪᠤᠯᠬᠤ ᠪᠠᠶᠢᠷᠢ ᠰᠠᠭᠤᠷᠢ ᠨᠢ ᠦᠷᠭᠦᠯᠵᠢᠯᠡᠵᠡᠢ᠃ ᠡᠭᠦᠨ ᠤ ᠬᠠᠮᠲᠤ ᠭᠡᠭᠡᠨᠰᠦ᠋ᠮ᠎ᠡ ᠶᠢᠨ ᠣᠨᠴᠠᠭᠠᠢ ᠱᠠᠰᠢᠨ ᠰᠤᠷᠲᠠᠬᠤᠨ ᠤ ᠠᠬᠤᠢ ᠪᠠᠶᠢᠳᠠᠯ ᠪᠠ ᠣᠷᠴᠢᠨ ᠲᠣᠭᠤᠷᠢᠨ ᠢ ᠶᠠᠫᠣᠨ ᠤ ᠲᠠᠩᠨᠠᠭᠤᠯ ᠤᠨ ᠪᠠᠶᠢᠭᠤᠯᠭ᠎ᠠ ᠶᠢᠨ ᠬᠢᠨ ᠲᠠᠭᠠᠰᠢᠶᠠᠪᠠ᠃ 1935 ᠣᠨ ᠳᠤ᠂ ᠶᠠᠫᠣᠨ ᠤ ᠲᠠᠩᠨᠠᠭᠤᠯ ᠭᠠᠲ᠋ᠠᠩ ︵ᠥᠭᠡᠷ᠎ᠡ ᠨᠡᠷ᠎ᠡ ᠨᠢ ᠣᠮᠲᠠᠫᠦ᠋ᠷ ᠺᠠᠪᠠ︶ ᠪᠤᠷᠬᠠᠨ ᠤ ᠱᠠᠰᠢᠨᠲᠠᠨ ᠤ ᠬᠤᠪᠢ ᠪᠠᠷ ᠲᠠᠦᠯᠠᠶᠢᠲᠦ ᠭᠡᠭᠡᠨᠰᠦ᠋ᠮ᠎ᠡ ᠳᠤ ᠢᠷᠡᠪᠡ᠃ ᠲᠡᠷᠡ ︽ᠰᠤᠳᠤᠯᠭᠠᠨ ᠤ ᠰᠣᠩᠭᠤᠳᠠᠭ ᠵᠣᠬᠢᠶᠠᠯ︾᠂ ᠪᠤᠳ᠋ᠳ᠋ᠾᠠ ᠶᠢᠨ ᠱᠠᠰᠢᠨ ᠤ ᠲᠡᠦᠬᠡ ᠶᠢ ᠰᠢᠨᠵᠢᠯᠡᠨ ᠪᠠᠶᠢᠴᠠᠭᠠᠬᠤ ᠪᠠᠷ ᠵᠣᠷᠢᠯᠭ᠎ᠠ ᠪᠣᠯᠭᠠᠵᠤ᠂ ᠭᠡᠭᠡᠨᠰᠦ᠋ᠮ᠎ᠡ ᠳᠤ ᠠᠷᠪᠠᠨ ᠵᠢᠯ ᠰᠠᠭᠤᠭᠰᠠᠨ ᠪᠥᠭᠡᠳ ᠭᠡᠭᠡᠨᠰᠦ᠋ᠮ᠎ᠡ ᠶᠢ ᠠᠰᠢᠭᠯᠠᠨ ᠦᠷᠭᠦᠯᠵᠢ ᠸᠠᠩ ᠤᠨ ᠰᠦᠮ᠎ᠡ ᠶᠢᠨ ᠪᠠᠢ ᠪᠤᠨ ᠲᠠᠩᠨᠠᠭᠤᠯ ᠤᠨ ᠪᠠᠶᠢᠭᠤᠯᠭ᠎ᠠ ᠶᠢᠨ ᠳᠠᠷᠤᠭ᠎ᠠ ᠮᠠ ᠱᠧᠩ ᠳ᠋ᠠ ᠨᠠᠨ ︵ᠮᠤᠳ᠋ᠷᠵᠠᠪ︶ ᠲᠠᠢ ᠬᠤᠯᠪᠣᠭ᠎ᠠ ᠠᠪᠳᠠᠭ᠃ 1941 ᠣᠨ ᠳᠤ᠂ ᠶᠠᠫᠣᠨ ᠤ ᠲᠠᠩᠨᠠᠭᠤᠯ ᠤᠨ ᠪᠠᠶᠢᠭᠤᠯᠭ᠎ᠠ ᠪᠠᠰᠨ ︽ᠱᠠᠰᠢᠨ ᠰᠢᠲᠦᠯᠭᠡ ᠶᠢ ᠴᠢᠬᠤᠯᠠᠴᠢᠯᠠᠬᠤ︾ ᠨᠡᠷ᠎ᠡ ᠪᠠᠷ ᠱᠠᠰᠢᠨ ᠤ ᠵᠠᠩᠴᠢ ᠨᠥᠮᠥᠷᠥᠭᠰᠡᠨ ᠲᠠᠩᠨᠠᠭᠤᠯ ᠢ ᠲᠣᠮᠢᠯᠠᠵᠤ᠂ ᠨᠡᠷ᠎ᠡ ᠪᠠᠨ ︽ᠪᠠᠳᠮᠠᠳᠣᠷᠵᠢ︾ ᠭᠡᠵᠦ ᠨᠡᠷᠡᠯᠡᠵᠡᠶ᠃ ᠰᠦᠮ᠎ᠡ ᠬᠡᠶᠢᠳ ᠲᠤ ︽ᠢᠷᠭᠡᠨ ᠤ ᠵᠢᠷᠤᠮ ᠤᠨ ᠰᠤᠷᠭᠠᠭᠤᠯᠢ︾ ᠡᠷᠭᠢᠯᠡᠨ᠎ᠡ ᠭᠡᠵᠦ ᠳᠤᠷᠠᠳᠴᠤ᠂ ᠪᠦᠬᠦᠢ ᠪᠠᠨᠳᠢ ᠨᠠᠷ ᠢ ᠰᠤᠷᠭᠠᠭᠤᠯᠢ ᠳᠤ ᠣᠷᠣᠭᠤᠯᠵᠤ᠂ ᠶᠠᠫᠣᠨ ᠦᠭᠡ ᠵᠢᠭᠠᠵᠤ᠂ ᠶᠠᠫᠣᠨ ᠨᠣᠮ ᠪᠢᠴᠢᠭ ᠤᠩᠰᠢᠭᠤᠯᠵᠤ ᠰᠤᠷᠭᠠᠪᠠ᠃ ᠭᠡᠪᠡᠴᠦ ᠱᠠᠰᠢᠨ ᠤ ᠶᠠᠪᠤᠳᠠᠯ ᠢ ᠡᠷᠭᠢᠯᠡᠳᠡᠭ ᠡᠷᠬᠡ ᠰᠦᠷᠲᠡᠨ ᠯᠠᠮᠠ ᠪᠠ ᠪᠠᠨᠳᠢ ᠨᠠᠷ ᠤᠨ ᠡᠰᠡᠷᠭᠦᠴᠡᠯ ᠢ ᠣᠯᠤᠭᠰᠠᠨ ᠪᠠᠶᠢᠨ᠎ᠠ᠃ 1945 ᠣᠨ ᠳᠤ᠂ ᠶᠠᠫᠣᠨ ᠤ ᠡᠵᠡᠷᠬᠡᠭ ᠳᠦᠷᠢᠮᠡᠬᠡᠶᠢᠳᠡᠨ ᠨᠥᠬᠦᠴᠡᠯ ᠦᠭᠡᠢ ᠪᠠᠷ ᠪᠠᠭᠤᠵᠤ ᠦᠭᠭᠦᠨ ᠬᠠᠭᠤᠷᠮᠠᠭ ᠮᠠᠨᠵᠤ ᠤᠯᠤᠰ ᠮᠦᠬᠦᠵᠡᠢ᠃ ᠶᠠᠫᠣᠨ ᠲᠠᠩᠨᠠᠭᠤᠯ ᠮᠠ ᠱᠧᠩ ᠳ᠋ᠡ ᠨᠠᠨ ᠪᠣᠯᠤᠨ ᠭᠠᠲ᠋ᠦ᠋ᠩ ᠳᠤᠲᠠᠭᠠᠵᠤ ᠶᠠᠪᠤᠬᠤ ᠳᠠᠭᠠᠨ ᠪᠢᠴᠢᠬᠠᠨ ᠭᠡᠭᠡᠨ ᠢ ᠤᠤᠯᠭᠠᠯᠠᠨ ᠠᠪᠠᠴᠢᠬᠤ ᠭᠡᠰᠡᠨ ᠪᠤᠯᠪᠠᠴᠤ ᠤᠯᠠᠨ ᠯᠠᠮᠠ ᠨᠠᠷ ᠴᠠᠭ ᠲᠤᠬᠠᠢ ᠳᠤᠨᠢ ᠰᠢᠯᠵᠢᠭᠦᠯᠤᠭ᠍ᠰᠡᠨ ᠠᠴᠠ ᠪᠤᠯᠵᠤ ᠪᠡᠶᠡᠯᠡᠭᠳᠡᠵᠦ ᠴᠢᠳᠠᠭᠰᠠᠨ ᠦᠭᠡᠢ᠃       ᠲᠠᠦᠯᠠᠶᠢᠲᠦ ᠭᠡᠭᠡᠨᠰᠦ᠋ᠮ᠎ᠡ ᠶᠢᠨ ᠵᠡᠭᠦᠨ ᠮᠣᠩᠭᠤᠯ ᠤᠨ ᠠᠷᠠᠳ ᠲᠦᠮᠡᠨ ᠤ ᠰᠡᠳᠬᠢᠯ ᠳᠠᠬᠢ ᠱᠠᠰᠢᠨ ᠰᠤᠷᠲᠠᠬᠤᠨ ᠤ ᠪᠠᠶᠢᠷᠢ ᠰᠠᠭᠤᠷᠢ ᠠᠴᠠ ᠪᠤᠯᠵᠤ᠂ ᠵᠡᠭᠦᠨ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠭᠡᠰᠢᠭᠦᠨ 1946 ᠣᠨ ᠤ 1 ᠰᠠᠷ᠎ᠠ ᠶᠢᠨ 16 ᠤ ᠡᠳᠦᠷ ᠵᠡᠭᠦᠨ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠪᠠᠷᠠᠭᠤᠨ ᠭᠠᠷᠤᠨ ᠡᠮᠦᠨᠡᠲᠦ ᠬᠤᠰᠢᠭᠤ ︵ᠤᠳᠤ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ︶ ᠶᠢᠨ ᠭᠡᠭᠡᠨᠰᠦ᠋ᠮ᠎ᠡ ᠳᠤ ᠬᠤᠷᠠᠯᠳᠤᠬᠤ ᠪᠠᠷ ᠲᠣᠭᠲᠠᠪᠠ᠃ ᠵᠡᠭᠦᠨ ᠮᠣᠩᠭᠤᠯ ᠤᠨ 36 ᠬᠤᠰᠢᠭᠤ ᠰᠢᠶᠠᠨ ᠤ ᠲᠥᠯᠥᠭᠡᠯᠡᠭᠴᠢ 266 ᠬᠥᠮᠦᠨ ᠬᠤᠷᠠᠯ ᠳᠤ ᠣᠷᠣᠯᠴᠠᠵᠠᠶ᠃ ᠬᠤᠷᠠᠯ ᠠᠴᠠ ︽ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠥᠲᠥᠯᠪᠦᠷᠢ︾᠂ ︽ᠵᠡᠭᠦᠨ ᠮᠣᠩᠭᠤᠯ ᠤᠨ ᠠᠷᠠᠳ‌‍ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠥᠲᠥᠯᠪᠦᠷᠢ ︾ ᠪᠠ ︽ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠬᠠᠤᠯᠢ︾ ᠶᠢ ᠪᠠᠲᠤᠯᠠᠵᠤ᠂ ︽ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠤᠩᠬᠠᠭ︾ ᠢ ᠨᠡᠶᠢᠲᠡᠯᠡᠪᠡ᠃ ᠳᠠᠷᠠᠭ᠎ᠠ‌ᠨᠢ 2 ᠰᠠᠷ᠎ᠠ ᠶᠢᠨ 15 ᠤ ᠡᠳᠦᠷ᠂ ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ‌‍ᠤᠨ ᠣᠷᠳᠣᠨ ᠸᠠᠩ ᠤᠨ ᠰᠦᠮ᠎ᠡ ︵ᠤᠳᠤ ᠶᠢᠨ ᠤᠯᠠᠭᠠᠨᠬᠤᠲᠠ︶ ᠳᠤ ᠪᠠᠶᠢᠭᠤᠯᠤᠭᠳᠠᠵᠤ᠂ ᠭᠡᠭᠡᠨᠰᠦ᠋ᠮ᠎ᠡ ᠶᠢᠨ ᠲᠡᠤᠬᠡᠨ ᠳᠤ ᠭᠡᠷᠡᠯ ᠰᠠᠴᠤᠷᠠᠩᠭᠤᠶ ᠨᠢᠭᠡᠨ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃       ᠲᠠᠪᠤ᠂ ᠴᠢᠯᠥᠭᠡᠯᠡᠭᠳᠡᠭᠰᠡᠨ ᠤ ᠳᠠᠷᠠᠭᠠᠬᠢ ᠭᠡᠭᠡᠨᠰᠦ᠋ᠮ᠎ᠡ       ᠴᠢᠯᠥᠭᠡᠯᠡᠭᠳᠡᠭᠰᠡᠨ ᠤ ᠳᠠᠷᠠᠭ᠎ᠠ᠂ ᠭᠡᠭᠡᠨᠰᠦ᠋ᠮ᠎ᠡ ᠶᠢᠨ ᠯᠠᠮᠠ ᠨᠠᠷ ᠤᠨ ᠳᠣᠲᠣᠷ᠎ᠠ ᠴᠥᠭᠡᠨ ᠪᠤᠰᠤ ᠵᠠᠯᠠᠭᠤ ᠢᠳᠡᠷ ᠯᠠᠮᠠ ᠨᠠᠷ ᠠᠶᠠᠨᠳᠠᠭᠠᠨ ᠰᠦᠮ᠎ᠡ ᠠᠴᠠ ᠰᠠᠯᠵᠤ ᠬᠠᠷ᠎ᠠ ᠪᠣᠯᠤᠭᠰᠠᠨ ᠪᠥᠭᠡᠳ ᠵᠠᠷᠢᠮ ᠨᠢ ᠴᠡᠷᠢᠭ ᠲᠤ ᠣᠷᠣᠵᠤ᠂ ᠡᠮ ᠡᠮᠨᠡᠯᠭᠡ ᠰᠤᠷᠴᠤ᠂ ᠵᠠᠷᠢᠮ ᠨᠢ ᠨᠤᠲᠤᠭ ᠲᠠᠭᠠᠨ ᠪᠤᠴᠠᠵᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠣᠷᠣᠯᠴᠠᠨ᠂ ᠰᠦᠮ᠎ᠡ ᠳᠡᠭᠡᠷ᠎ᠡ ᠰᠠᠭᠤᠵᠤ ᠪᠠᠶᠢᠭ᠎ᠠ ᠯᠠᠮᠠ ᠨᠠᠷ‌ᠨᠢ ᠵᠤᠷᠰᠢᠯ ᠶᠣᠰᠣᠭᠠᠷ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠠᠴᠠ ᠭᠠᠳᠠᠨ᠎ᠠ ᠪᠠᠰᠠ ᠨᠠᠮ ᠪᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠦᠢᠯᠡᠳᠪᠦᠷᠢᠯᠡᠯ ᠬᠥᠳᠡᠯᠮᠦᠷᠢ ᠪᠠ ᠨᠡᠶᠢᠭᠡᠮ ᠤᠨ ᠠᠮᠢᠳᠤᠷᠠᠯ ᠳᠤ ᠴᠢᠳᠠᠯ ᠤᠨ ᠬᠢᠷᠢ ᠪᠠᠷ ᠢᠶᠠᠨ ᠣᠷᠣᠯᠴᠠᠵᠤ᠂ ᠥᠪᠡᠷ ᠤᠨ ᠬᠦᠴᠦ ᠪᠠᠷ ᠢᠶᠠᠨ ᠠᠮᠢᠳᠤᠷᠠᠵᠤ ᠪᠠᠶᠢᠪᠠ᠃ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠥᠮᠥᠭ ᠲᠦᠰᠢᠭ ᠦᠭᠡᠢ ᠯᠠᠮᠠ ᠨᠠᠷ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠯᠠᠮᠵᠢᠯᠠᠯ ᠪᠠ ᠬᠠᠷᠠᠭᠠᠯᠵᠠᠯ‌ᠢ ᠬᠦᠷᠲᠡᠪᠡ᠃       1966 ᠣᠨ ᠤ 8 ᠰᠠᠷ᠎ᠠ ᠶᠢᠨ 28 ᠤ ᠡᠳᠦᠷ᠂ ︽ᠰᠣᠶᠣᠯ ᠤᠨ ᠬᠤᠪᠢᠰᠬᠠᠯ︾ ᠤᠨ ᠳᠤᠮᠳᠠ ᠬᠤᠶᠠᠷ ᠵᠠᠭᠤ ᠭᠠᠷᠤᠢ ︽ᠤᠯᠠᠭᠠᠨ ᠬᠠᠮᠠᠭᠠᠯᠠᠬᠤ ᠴᠡᠷᠢᠭ︾ ᠭᠡᠭᠡᠨᠰᠦ᠋ᠮ᠎ᠡ ᠳᠤ ᠳᠠᠭᠠᠷᠢᠨ ᠣᠷᠣᠵᠤ᠂ ᠰᠥᠨᠥᠭᠡᠯᠲᠡ ᠶᠢᠨ ᠴᠢᠨᠠᠷᠲᠠᠢ ᠡᠪᠳᠡᠯᠡᠭᠡ ᠬᠢᠪᠡ᠃ ᠰᠦᠮ᠎ᠡ ᠳᠣᠲᠣᠷ᠎ᠠ ᠨᠠᠨᠳᠢᠩᠨᠠᠨ ᠬᠠᠳᠠᠭᠠᠯᠠᠵᠤ ᠪᠠᠶᠢᠭᠰᠠᠨ 1868 ᠪᠣᠲᠢ ︽ᠭᠠᠨᠵᠤᠤᠷ︾᠂ ︽ᠳ᠋ᠠᠨᠵᠤᠤᠷ︾ ᠨᠣᠮ ᠪᠦᠬᠦᠨ ᠢᠶᠠᠷ ᠢᠶᠠᠨ ᠰᠢᠲᠠᠭᠠᠭᠳᠠᠵᠤ᠂ ᠡᠭᠦᠨ ᠤ ᠳᠣᠲᠣᠷ᠎ᠠ ᠠᠯᠲᠠᠨ ᠰᠢᠭᠦᠰᠦ ᠪᠠᠷ ᠪᠢᠴᠢᠭᠰᠡᠨ ᠬᠤᠪᠣᠷ ᠨᠠᠨᠳᠢᠨ ᠨᠣᠮ 7 ᠪᠣᠲᠢ᠂ 5073 ᠪᠤᠷᠬᠠᠨ ᠤ ᠬᠥᠷᠥᠭ᠂ 500 ᠮᠧᠲᠷ ᠰᠢᠨ᠎ᠡ ᠬᠠᠭᠤᠴᠢᠨ ᠬᠡᠪᠢᠰ ᠢ ᠵᠥᠭᠡᠭᠡᠪᠦᠷᠢᠯᠡᠨ ᠠᠪᠠᠴᠢᠪᠠ᠃ ᠡᠭᠦᠨ ᠤ ᠬᠠᠮᠲᠤ ᠴᠢᠯᠠᠭᠤᠨ ᠪᠤᠷᠬᠠᠨ᠂ ᠰᠢᠪᠠᠷ ᠪᠤᠷᠬᠠᠨ ᠤ ᠬᠥᠷᠥᠭ ᠢ ᠡᠪᠳᠡᠨ ᠪᠠᠯᠪᠠᠴᠢᠵᠤ᠂ ᠨᠡᠶᠢᠲᠡ 500 ᠭᠠᠷᠤᠶ ᠴᠢᠯᠠᠭᠤᠨ ᠪᠤᠷᠬᠠᠨ ᠡᠪᠳᠡᠭᠳᠡᠵᠡᠢ᠃ 1969 ᠣᠨ ᠤ 8 ᠰᠠᠷ᠎ᠠ ᠳᠤ᠂ ᠭᠡᠭᠡᠨᠰᠦ᠋ᠮ᠎ᠡ ᠶᠢᠨ ᠣᠶᠢᠷᠠᠯᠴᠠᠭ᠎ᠠ ᠰᠠᠭᠤᠵᠤ ᠪᠠᠶᠢᠭ᠎ᠠ ᠨᠢᠭᠡᠳᠦᠯ ᠤᠨ ᠭᠡᠰᠢᠭᠦᠳ ᠭᠡᠭᠡᠨᠰᠦ᠋ᠮ᠎ᠡ ᠶᠢᠨ 3 ᠭᠤᠣᠯ ᠳᠤᠭᠠᠩ᠂ 2 ᠬᠠᠵᠠᠭᠤ ᠶᠢᠨ ᠳᠤᠭᠠᠩ᠂ 2 ᠪᠠᠭ᠎ᠠ ᠳᠤᠭᠠᠩ ᠪᠠ ᠭᠡᠭᠡᠨ ᠣᠷᠳᠣᠨ᠂ ᠭᠡᠭᠡᠨ ᠰᠠᠩ᠂ ᠯᠠᠮᠠ ᠶᠢᠨ ᠰᠠᠩ ᠵᠢᠴᠢ ᠯᠠᠮᠠ ᠶᠢᠨ ᠣᠷᠣᠨ ᠰᠠᠭᠤᠴᠠ ᠶᠢᠨ ᠲᠦᠷᠪᠡᠨ ᠮᠢᠩᠭ᠎ᠠ ᠭᠠᠷᠤᠢ ᠲᠠᠰᠤᠯᠭ᠎ᠠ ᠶᠢ ᠨᠤᠷᠠᠭᠠᠵᠤ᠂ ᠪᠦᠬᠦ᠋ᠢᠯᠡ ᠭᠡᠭᠡᠨᠰᠦ᠋ᠮ᠎ᠡ ᠶᠢᠨ ᠳᠣᠲᠣᠨ᠎ᠠ ᠭᠠᠳᠠᠨ᠎ᠠ ᠬᠤᠭᠤᠰᠣᠷᠠᠲᠠᠯ᠎ᠠ ᠪᠤᠯᠢᠶᠠᠭᠳᠠᠪᠠ᠃       1976 ᠣᠨ ᠠᠴᠠ ᠰᠡᠭᠦᠯᠡᠷ᠂ ᠨᠠᠮ ᠵᠠᠰᠠᠭ ᠠᠴᠠ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠭᠡᠭᠡᠨᠰᠦ᠋ᠮ᠎ᠡ ᠶᠢᠨ ᠯᠠᠮᠠ ᠨᠠᠷ ᠤᠨ ᠬᠠᠮᠲᠤ‌‍ᠪᠠᠷ ᠨᠣᠮ ᠤᠩᠰᠢᠬᠤ ᠪᠠ ᠨᠡᠯᠢᠶᠡᠳ ᠲᠤᠮᠤ ᠬᠡᠯᠪᠡᠷᠢ ᠶᠢᠨ ᠨᠣᠮ ᠤᠨ ᠴᠤᠭᠯᠠᠭᠠᠨ ᠬᠢᠬᠦ ᠭᠠᠵᠠᠷ ᠢ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠤᠪᠴᠢᠶ᠎ᠠ ᠲᠤᠰᠬᠠᠢ ᠵᠣᠭᠤᠰ ᠭᠠᠷᠭᠠᠵᠤ᠂ ᠬᠢᠩᠭᠠᠨ ᠠᠶᠢᠮᠠᠭ ᠤᠨ ᠵᠠᠬᠢᠷᠭ᠎ᠠ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠴᠤ 30 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠪᠠ᠃ 1988 ᠣᠨ ᠤ 7 ᠰᠠᠷ᠎ᠠ ᠳᠤ 400 ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠳᠤᠭᠠᠩ ᠪᠠᠷᠢᠵᠤ᠂ 1990 ᠣᠨ ᠤ ᠡᠴᠦᠰ ᠪᠣᠯᠬᠤ ᠳᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠠᠭᠤᠰᠴᠤ᠂ ᠭᠡᠭᠡᠨᠰᠦ᠋ᠮ᠎ᠡ ᠶᠢᠨ ᠬᠡᠪ ᠤᠨ ᠱᠠᠰᠢᠨ ᠰᠤᠷᠲᠠᠬᠤᠨ ᠤ ᠠᠵᠢᠯᠯᠠᠭ᠎ᠠ ᠳᠠᠬᠢᠨ ᠰᠡᠷᠭᠦᠵᠦ᠂ ᠡᠷᠲᠡᠨ ᠤ ᠭᠡᠭᠡᠨᠰᠦ᠋ᠮ᠎ᠡ ᠨᠢ ᠳᠠᠬᠢᠨ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号