ᠠᠵᠤ ᠦᠢᠯᠡᠰ ᠢ ᠴᠢᠨᠠᠷ ᠰᠠᠶᠢᠳᠠᠢ ᠬᠦᠭᠵᠢᠭᠦᠯᠵᠦ ᠠᠷᠠᠳ ᠤᠯᠠᠨ ᠢ ᠵᠤᠯ ᠵᠢᠷᠭᠠᠯᠳᠠᠢ ᠠᠮᠢᠳᠤᠷᠠᠭᠤᠯᠤᠨ᠎ᠠ
ᠨᠡᠶᠢᠲᠡᠯᠡᠭᠰᠡᠨ ᠴᠠᠭ᠄
2020-06-17
      — ᠡᠮᠦᠨᠡᠳᠤ ᠬᠤᠰᠢᠭᠤᠨ ᠤ ᠠᠵᠤ ᠦᠢᠯᠡᠰ ᠢᠶᠠᠷ ᠲᠠᠶᠢᠴᠢᠯᠠᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠪᠠᠶᠢᠭ᠎ᠠ ᠳᠤᠬᠠᠢ ᠳᠡᠮᠳᠡᠭᠯᠡᠪᠡ       ᠭᠠᠴᠠᠭ᠎ᠠ ᠲᠤᠰᠬᠤᠨ ᠤ ᠬᠤᠭᠤᠷᠤᠨᠳᠤ ᠰᠠᠷᠠᠭᠤᠯ ᠳᠠᠷᠳᠠᠩ ᠵᠠᠮ ᠨᠡᠪᠳᠡᠷᠡᠨ ᠮᠠᠯᠴᠢᠨ ᠳᠠᠷᠢᠶᠠᠴᠢᠳ ᠶᠠᠪᠤᠵᠤ ᠰᠠᠭᠤᠬᠤ ᠳᠤ ᠵᠠᠮ ᠬᠠᠷᠢᠯᠴᠠᠭ᠎ᠠ ᠲᠦᠬᠦᠮ ᠪᠤᠯᠵᠤ᠂ ᠭᠠᠴᠠᠭ᠎ᠠ ᠶᠢᠨ ᠰᠤᠶᠤᠯ ᠤᠨ ᠠᠭᠤᠳᠠᠮ ᠳᠠᠯᠠᠪᠠᠢ ᠳᠤ ᠦᠷᠯᠥᠭᠡ ᠦᠳᠡᠰᠢ ᠶᠢᠨ ᠰᠡᠯᠡᠬᠦᠥ ᠪᠠᠷ ᠢᠶᠠᠨ ᠦᠳᠡᠯᠥᠭᠡ ᠵᠠᠯᠠᠭᠤᠰ ᠬᠠᠮᠳᠥᠪᠠᠷ ᠪᠦᠵᠢᠭ ᠪᠦᠵᠢᠭᠯᠡᠨ ᠪᠡᠶ᠎ᠡ ᠪᠤᠯᠪᠠᠰᠤᠷᠠᠵᠤ᠂ ᠪᠠᠶᠠᠷ ᠪᠠᠶᠠᠰᠬᠤᠯᠠᠩᠲᠤ ᠠᠮᠢᠳᠤᠷᠠᠯ ᠳᠤ ᠪᠦᠬᠦᠳᠡ ᠤᠯᠠᠨ ᠢᠶᠠᠷ ᠢᠶᠠᠨ ᠰᠡᠳᠭᠢᠯ ᠪᠠᠶᠠᠰᠴᠠᠭᠠᠨ᠎ᠠ ᠁ ᠬᠤᠷᠴᠢᠨ ᠪᠠᠷᠠᠭᠤᠨ ᠭᠠᠷᠥᠨ ᠡᠮᠦᠨᠡᠲᠦ ᠬᠤᠰᠢᠭᠤᠨ ᠤ ᠭᠠᠴᠠᠭ᠎ᠠ ᠳᠤᠰᠬᠤᠨ ᠢᠶᠠᠷ ᠬᠦᠷᠪᠡᠯ᠂ ᠭᠠᠵᠠᠷ ᠪᠣᠯᠭᠠᠨ ᠳᠤ ᠥᠩᠭᠡ ᠦᠵᠡᠮᠵᠢ ᠪᠦᠷᠢᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠳᠤᠶᠠᠭᠠᠯᠠᠯ ᠢᠶᠠᠷ ᠮᠠᠯᠴᠢᠨ ᠳᠠᠷᠢᠶᠠᠴᠢᠳ ᠵᠤᠯ ᠵᠢᠷᠭᠠᠯᠳᠠᠢ ᠠᠮᠢᠳᠤᠷᠠᠵᠤ᠂ ᠪᠠᠯᠭᠠᠰᠥ ᠲᠤᠰᠬᠤᠨ ᠪᠤᠯᠭᠠᠨ ᠳᠤ ᠨᠢ ᠴᠡᠪᠡᠷ ᠪᠣᠯᠪᠠᠰᠤᠨ ᠦᠩᠭᠡ ᠳᠦᠷᠬᠦ ᠢᠯᠡᠷᠡᠵᠦ᠂ ᠠᠷᠠᠳ ᠲᠦᠮᠡᠨ ᠤ ᠴᠢᠷᠠᠢ ᠳᠤ ᠢᠨᠢᠶᠡᠮᠰᠦᠭᠯᠡᠯ ᠢᠶᠠᠷ ᠪᠢᠯᠬᠠᠨ᠎ᠠ᠃       ︽ᠡ᠊ᠨᠡ ᠵᠢᠯ ᠪᠢ ᠬᠠᠰᠢᠶᠠᠨ ᠳᠠᠭᠠᠨ 1 ᠮᠦ ᠨᠠᠩᠭᠢ ᠡᠷᠳᠡᠨᠢ ᠰᠢᠰᠢ ᠲᠠᠷᠢᠪᠠ᠃ ᠦᠨᠥ ᠡᠯᠧᠺᠲᠷᠣᠨ ᠬᠤᠳᠠᠯᠳᠤᠭᠠᠴᠢᠨ ᠠᠴᠠ ᠵᠢᠩ ᠪᠦᠷᠢ ᠶᠢ 0.6 ᠲᠦᠭᠦᠷᠢᠭ ᠢᠶᠠᠷ ᠬᠤᠷᠢᠶᠠᠨ ᠬᠤᠳᠠᠯᠳᠤᠨ ᠠᠪᠬᠤ ᠪᠠᠷ ᠲᠣᠭᠲᠠᠭᠰᠠᠨ ᠪᠦᠭᠡᠳ ᠳᠠᠷᠢᠬᠤ ᠥᠪᠡᠷ ᠤᠨ ᠦᠷᠳᠡᠭ ᠢ ᠬᠠᠰᠤᠪᠠᠯ᠂ ᠴᠡᠪᠡᠷ ᠣᠷᠣᠯᠭ᠎ᠠ ᠨᠢ 4000 ᠭᠠᠷᠤᠢ ᠲᠦᠬᠦᠷᠢᠭ ᠲᠤ ᠬᠦᠷᠴᠦ᠂ ᠪᠤᠰᠤᠳ ᠵᠦᠢᠯ ᠢ ᠳᠠᠷᠢᠭᠰᠠᠨ ᠠᠴᠠ ᠬᠤᠯᠠ ᠢᠯᠡᠭᠦᠦ ᠤᠷᠤᠯᠭ᠎ᠠ ᠲᠠᠢ︾ ᠭᠡᠵᠤ ᠡᠮᠥᠨᠡᠳᠥ ᠬᠤᠰᠢᠭᠤᠨ ᠤ ᠳ᠋ᠠᠱᠢᠵᠠᠢ ᠪᠠᠯᠭᠠᠰᠥᠨ ᠤ ᠪᠠᠶᠠᠨᠴᠢᠯᠠᠭᠤ ᠲᠣᠰᠬᠤᠨ ᠤ ᠳᠠᠷᠢᠶᠠᠴᠢᠨ ᠺᠠᠩ ᠮᠢᠩ ᠲᠠᠩ ᠡᠯᠧᠺᠲᠷᠤᠨ ᠬᠤᠳᠠᠯᠳᠤᠭ᠎ᠠ ᠶᠢ ᠠᠰᠢᠭᠯᠠᠨ ᠤᠷᠤᠯᠭ᠎ᠠ ᠪᠠᠨ ᠨᠡᠮᠡᠭᠳᠡᠬᠦᠯᠵᠤ ᠪᠠᠶᠢᠭ᠎ᠠ ᠳᠤᠬᠠᠢ ᠪᠠᠨ ᠪᠠᠶᠠᠷᠳᠠᠶᠢᠬᠠᠨ ᠶᠠᠷᠢᠨ᠎ᠠ᠃       ︽ᠨᠢᠳᠤᠨᠤᠨ ᠵᠢᠯ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠴᠢᠨᠰᠠᠭ᠎ᠠ ᠰᠠᠶᠢᠨ ᠠᠴᠠ ᠡᠨᠡ ᠵᠢᠯ ᠤᠨ ᠵᠠᠬᠢᠶᠠᠯᠠᠭ᠎ᠠ ᠶᠢᠨ ᠬᠠᠭᠤᠳᠠᠰᠤ ᠤᠯᠠᠰᠢᠷᠠᠵᠤ᠂ ᠣᠳᠣᠬᠠᠨ ᠤ ᠪᠠᠶᠢᠳᠠᠯ ᠠᠴᠠ ᠦᠵᠡᠬᠦ ᠳᠤ ᠪᠣᠷᠣᠯᠠᠭᠤᠯᠭ᠎ᠠ ᠶᠢᠨ ᠬᠡᠮᠵᠢᠶ᠎ᠡ ᠬᠠᠮᠤᠭ ᠪᠠᠭ᠎ᠠ ᠳᠠᠭᠠᠨ 230 ᠲᠦᠮᠡᠨ ᠲᠥᠭᠦᠷᠢᠭ ᠲᠤᠯᠤᠨ᠎ᠠ ᠁︾ ᠭᠡᠵᠤ ᠡᠮᠦᠨᠡᠲᠦ ᠬᠤᠰᠢᠭᠤᠨ ᠤ ᠳᠡᠪᠰᠡᠭ ᠪᠠᠯᠭᠠᠰᠥᠨ ᠤ ᠮᠧᠩ ᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠥᠷᠲᠡᠭᠡᠨ ᠤ ᠬᠠᠷᠢᠭᠤᠴᠠᠯᠭᠠᠳᠠᠨ ᠭᠦᠸᠧ ᠯᠢ ᠯᠢ ᠠᠮᠵᠢᠭᠤᠯᠵᠤ ᠶᠠᠷᠢᠨ᠎ᠠ᠃       ᠤᠢᠢᠷ᠎ᠠ ᠶᠢᠨ ᠬᠤᠶᠠᠷ ᠵᠢᠯ ᠳᠤ᠂ ᠡᠯᠧᠺᠲᠷᠣᠨ ᠬᠤᠳᠠᠯᠳᠤᠭᠠᠨ ᠤ ᠳᠠᠪᠴᠠᠩ ᠨᠢ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠳᠦᠷᠭᠡᠳᠭᠡᠵᠤ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠨᠢ ᠨᠡᠩ ᠴᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠭᠤᠷᠢ ᠬᠦᠴᠥᠨ ᠪᠤᠯᠤᠭᠰᠠᠨ ᠪᠠᠶᠢᠨ᠎ᠠ᠃ ᠡᠨᠡ ᠨᠢ ᠶᠠᠭ ᠠᠶᠠᠯᠭᠤ ᠬᠦᠭᠵᠢᠮ ᠤᠨ ᠨᠣᠲ ᠰᠢᠭ᠋ ᠢᠶᠠᠷ ᠠᠷᠠᠳ ᠤᠯᠠᠨ ᠤ ᠬᠦᠰᠡᠯ ᠰᠡᠳᠭᠢᠯ ᠳᠤ ᠳᠠᠭᠠᠯᠠᠭᠳᠠᠵᠤ᠂ ᠡᠮᠦᠨᠡᠲᠦ ᠬᠤᠰᠢᠭᠤᠨ ᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠭᠵᠢᠯᠳᠡ ᠶᠢᠨ ᠵᠠᠮ ᠢ ᠳᠠᠪᠢᠰᠦᠭᠰᠡᠨ ᠪᠠᠶᠢᠨ᠎ᠠ᠃       ︽ᠰᠦᠯᠵᠢᠶᠡᠨ ᠳᠡᠭᠡᠷ᠎ᠡ ᠵᠠᠬᠢᠶᠠᠯᠠᠭ᠎ᠠ ᠳᠤᠰᠤᠭᠠᠳ ᠶᠠᠭᠠᠷᠠᠨ᠎ᠠ᠂ ᠰᠦᠯᠵᠢᠶᠡᠨ ᠭᠠᠳᠠᠨ᠎ᠠ ᠠᠵᠤ ᠦᠢᠯᠡᠰ ᠬᠥᠭᠵᠢᠶᠡᠨᠲᠡᠢ︾ ᠡᠨᠡ ᠪᠤᠯ ᠬᠡᠳᠦᠨ ᠰᠠᠷ᠎ᠠ ᠶᠢᠨ ᠡᠮᠦᠨ᠎ᠡ᠂ ᠳ᠋ᠠᠱᠢᠵᠠᠢ ᠪᠠᠯᠭᠠᠰᠤᠨ ᠤ ᠰᠠᠨ ᠰᠢᠩ ᠭᠸᠥ ᠲᠤᠰᠬᠤᠨ ᠤ ᠠᠷᠠᠳ ᠤᠨ ᠤᠷᠤᠯᠭ᠎ᠠ ᠪᠠᠨ ᠨᠡᠮᠡᠭᠳᠡᠬᠦᠯᠥᠨ ᠠᠮᠢᠳᠤᠷᠠᠯ ᠢᠶᠠᠨ ᠦᠭᠡᠳᠡ ᠳᠠᠳᠠᠭᠰᠠᠨ ᠬᠠᠮᠤᠭ ᠤᠨ ᠪᠤᠳᠠᠳᠤ ᠳᠦᠷᠰᠦᠯᠡᠯ᠃ ᠵᠢᠮᠢᠰ ᠤᠨ ᠬᠦᠷᠢᠶᠡᠯᠡᠩ ᠳᠤ ᠲᠠᠷᠢᠶᠠᠴᠢᠳ ᠮᠣᠳᠣᠨ ᠳᠡᠭᠡᠷᠡᠬᠢ ᠨᠢᠭᠡ ᠨᠢᠭᠡ ᠪᠠᠭᠴᠠ ᠤᠨᠵᠠᠶᠢᠳᠠᠯ᠎ᠠ ᠰᠠᠭᠤᠭᠰᠠᠨ ᠤᠯᠠᠭᠠᠨ ᠵᠢᠮᠢᠰ ᠢ ᠳᠡᠬᠦᠭᠡᠳ ᠶᠠᠭᠠᠷᠠᠯᠳᠤᠨ᠎ᠠ᠃ ᠦᠢᠯᠡᠳᠪᠦᠷᠢ ᠶᠢᠨ ᠳᠠᠰᠤᠭ ᠲᠤ᠂ ᠮᠠᠰᠢᠨ ᠳᠤᠨᠤᠭ ᠬᠦᠩᠭᠢᠨᠡᠵᠤ ᠵᠢᠵᠢᠭ ᠵᠢᠮᠢᠰ ᠢ ᠬᠡᠳᠥᠨ ᠠᠯᠬᠤᠮ ᠢᠶᠠᠷ ᠪᠤᠯᠪᠠᠰᠤᠷᠠᠭᠤᠯᠤᠭᠠᠳ ᠵᠢᠮᠢᠰ ᠤᠨ ᠰᠢᠩᠭᠡᠨ ᠪᠤᠯᠭᠠᠨ᠎ᠠ᠃ ᠥᠢᠯᠡᠳᠪᠤᠷᠢ ᠶᠢᠨ ᠤᠷᠤᠨ ᠳᠤᠭᠤᠷᠢᠭ ᠤᠨ ᠡᠬᠦᠳᠡᠨ ᠳᠡᠭᠡᠷ᠎ᠡ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠲᠣᠮᠣ ᠠᠴᠢᠶᠠᠨ ᠤ ᠮᠠᠰᠢᠨ ᠲᠡᠷᠭᠡ ᠤᠷᠲᠤ ᠮᠥᠷ ᠢᠶᠠᠷ ᠵᠢᠭᠰᠠᠵᠤ᠂ ᠨᠤᠳᠤᠭ ᠤᠨ ᠭᠠᠷᠤᠯᠳᠠ᠂ ᠳᠠᠷᠢᠶᠠᠯᠠᠩ ᠤᠨ ᠪᠦᠳᠥᠭᠡᠭᠳᠡᠬᠦᠨ ᠵᠡᠷᠭᠡ ᠶᠢ ᠳᠡᠭᠡᠭᠡᠪᠤᠷᠢᠯᠡᠭᠡᠳ ᠶᠠᠭᠠᠷᠠᠯᠳᠠᠢ ᠪᠠᠶᠢᠯ᠎ᠠ᠃       ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤ ᠭᠠᠭᠴᠠ ᠬᠦ ᠠᠵᠤ ᠦᠢᠯᠡᠰ ᠬᠥᠭᠵᠢᠨ ᠮᠠᠨᠳᠤᠪᠠᠯ ᠰᠠᠶ᠋ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠴᠢᠳᠠᠨ᠎ᠠ ᠭᠡᠳᠡᠭ ᠬᠠᠳᠠᠭᠤ ᠶᠤᠰᠥ ᠶᠢ ᠪᠠᠷᠢᠮᠳᠠᠯᠠᠨ᠂ ᠤᠢᠢᠷ᠎ᠠ ᠶᠢᠨ ᠵᠢᠯ ᠠᠴᠠ ᠨᠠᠰᠢ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠳᠤ ᠲᠦᠰᠢᠭᠯᠡᠵᠤ᠂ ᠳ᠋ᠠᠱᠢᠵᠠᠢ ᠪᠠᠯᠭᠠᠰᠥ ᠨᠡᠳᠥᠭᠡᠷ ᠪᠠᠯᠭᠠᠰᠥ ᠵᠡᠷᠭᠡ ᠭᠠᠵᠠᠷ ᠤᠷᠤᠨ ᠤ ᠬᠢᠨ ᠣᠶ ᠰᠢᠭᠤᠶ ᠵᠢᠮᠢᠰ ᠤᠨ ᠣᠶᠢᠯᠡᠰ ᠢ ᠶᠡᠬᠡᠪᠡᠷ ᠬᠥᠭᠵᠢᠭᠦᠯᠵᠦ᠂ ᠠᠮᠢ ᠠᠬᠤᠶ ᠶᠢᠨ ᠰᠤᠪᠠᠭ ᠢ ᠳᠦᠷᠢᠮᠵᠢᠭᠦᠯᠦᠨ ᠪᠠᠶᠢᠭᠤᠯᠬᠤ᠂ ᠰᠢᠨ᠎ᠡ ᠨᠡᠷᠡᠲᠦ ᠳᠡᠮᠳᠡᠭ ᠢ ᠡᠭᠦᠳᠬᠦ᠂ ᠬᠥᠳᠡᠭᠡ ᠠᠵᠤ ᠠᠬᠤᠶ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠳᠠᠯᠠᠬᠤ ᠪᠠᠷ ᠭᠠᠷᠳᠠᠴᠠ ᠪᠣᠯᠭᠠᠵᠤ᠂ ᠡᠮᠦᠨᠡᠲᠦ ᠬᠤᠰᠢᠭᠤᠨ ᠤ ᠣᠢ ᠵᠢᠮᠢᠰ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠭᠰᠠᠨ ᠪᠠᠶᠢᠨ᠎ᠠ᠃ ᠣᠳᠣ ᠪᠣᠯᠲᠠᠯ᠎ᠠ᠂ ᠪᠦᠬᠦ ᠬᠤᠰᠢᠭᠤᠨ ᠤ 152 ᠭᠠᠴᠠᠭ᠎ᠠ ᠲᠤᠰᠬᠤᠨ ᠳᠤ ᠵᠢᠮᠢᠰ ᠤᠨ ᠮᠣᠳᠣ ᠲᠠᠷᠢᠵᠤ᠂ ᠣᠢ ᠵᠢᠮᠢᠰ ᠤᠨ ᠠᠵᠤ ᠦᠢᠯᠡᠰ ᠤᠨ ᠬᠥᠭᠵᠢᠯᠲᠡ ᠵᠢᠯ ᠪᠦᠷᠢ 2 ᠲᠦᠮᠡᠨ ᠮᠦ ᠨᠡᠮᠡᠭᠳᠡᠵᠤ᠂ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ 1.7 ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠯᠵᠠᠢ᠃       ᠠᠵᠤ ᠦᠢᠯᠡᠰ ᠢ ᠴᠢᠩᠭ᠎ᠠ ᠠᠳᠬᠤᠬᠤ ᠶᠢᠨ ᠬᠠᠮᠲᠤ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠨᠢ ᠡᠮᠦᠨᠡᠲᠦ ᠬᠤᠰᠢᠭᠤᠨ ᠳᠤ ᠰᠢᠨ᠎ᠡ ᠠᠮᠢᠯᠠᠯ ᠤᠨ ᠬᠦᠴᠥᠨ ᠢ ᠠᠪᠴᠢᠷᠠᠪᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠨᠢ ᠡᠮᠦᠨᠡᠲᠦ ᠬᠤᠰᠢᠭᠤ ᠶᠢ ᠨᠡᠩ ᠶᠡᠭᠡ ᠠᠮᠢᠯᠠᠯ ᠤᠨ ᠬᠦᠴᠦᠨ ᠲᠠᠢ ᠪᠤᠯᠭᠠᠵᠤ᠂ ᠬᠡᠳᠥᠨ ᠵᠢᠯ ᠤᠨ ᠲᠤᠷᠰᠢ᠂ ︽ᠲᠠᠯ᠎ᠠ ᠨᠤᠲᠤᠭ ᠤᠨ ᠰᠣᠶᠣᠯ ᠵᠤᠭᠠᠴᠠᠯ ᠤᠨ ᠨᠠᠶᠢᠷ︾ ︽ᠶᠢᠰᠦᠨ ᠥᠷᠲᠡᠭᠡ ᠮᠠᠶ᠋ᠢᠭ ᠤᠨ ᠬᠥᠳᠡᠭᠡ ᠲᠣᠰᠬᠤᠨ ᠤ ᠵᠤᠭᠠᠴᠠᠯ︾ ︽ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠠᠰᠤ ᠠᠩᠨᠠᠬᠤ ᠰᠣᠶᠣᠯ ᠤᠨ ᠨᠠᠶᠢᠷ︾ ᠵᠡᠷᠭᠡ ᠭᠠᠵᠠᠷ ᠣᠷᠣᠨ ᠤ ᠨᠠᠷᠠᠲᠤ ᠲᠡᠮᠳᠡᠭᠲᠦ ᠵᠤᠭᠠᠴᠠᠯ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠵᠤᠭᠠᠴᠠᠯ ᠤᠨ ᠣᠷᠣᠯᠭ᠎ᠠ ᠨᠡᠶᠢᠲᠡ 43 ᠳ᠋ᠦᠩᠰᠢᠭᠤᠷ ᠲᠥᠭᠦᠷᠢᠭ ᠢ ᠳᠠᠪᠠᠪᠠ᠃ ᠡᠮᠦᠨᠡᠲᠦ ᠬᠤᠰᠢᠭᠤ ᠦᠷᠭᠦᠯᠵᠢᠯᠡᠨ ︽ᠵᠤᠭᠠᠴᠠᠯ +︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠥᠨ᠂ ᠠᠵᠤ ᠠᠬᠤᠢ ᠶᠢ ᠬᠦᠭᠵᠢᠬᠦᠯᠬᠦ ᠪᠠ ᠤᠷᠤᠯᠭ᠎ᠠ ᠶᠢ ᠨᠡᠮᠡᠭᠳᠡᠬᠦᠯᠬᠦ ᠬᠤᠶᠠᠷ ᠢ ᠵᠡᠷᠭᠡᠪᠠᠷ ᠪᠡᠶᠡᠯᠡᠬᠦᠯᠬᠦ ᠪᠠᠷ ᠳᠠᠮᠵᠢᠨ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠵᠤᠷᠢᠯᠳᠠ ᠳᠠᠭᠠᠨ ᠬᠦᠷᠭᠡᠬᠦ ᠪᠠᠷ ᠴᠢᠷᠮᠠᠶᠢᠨ ᠠᠵᠢᠯᠯᠠᠵᠤ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号