ᠶᠠᠳᠠᠭᠤ ᠶᠢ ᠲᠡᠳᠬᠦᠬᠦ ᠠᠶᠠᠨ ᠳᠤ ᠬᠢᠯᠠᠷᠠᠵᠦ ᠶᠠᠪᠤᠭ᠎ᠠ ᠮᠣᠩᠭᠤᠯ ᠵᠠᠯᠠᠭᠤ
ᠨᠡᠶᠢᠲᠡᠯᠡᠭᠰᠡᠨ ᠴᠠᠭ᠄
2020-06-17
      ᠷᠠᠰᠢᠶᠠᠨ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠯᠣᠭᠤᠳᠬᠤ ᠭᠠᠵᠠᠷ ᠲᠤ ᠸᠠᠩ ᠰᠢᠶᠠ ᠭᠤᠸᠠᠩ ᠭᠡᠳᠡᠭ ᠯᠠᠪᠳᠠᠭᠤᠨ ᠶᠦᠮᠦᠷᠯᠢᠭ ᠮᠤᠩᠭᠤᠯ ᠵᠠᠯᠠᠭᠤ ᠪᠠᠶᠢᠳᠠᠭ᠃ ᠤᠳᠤ ᠠᠵᠢᠯ ᠦᠢᠯᠡᠰ ᠢᠶᠠᠷ ᠢᠶᠠᠨ ᠤᠯᠠᠨ ᠤ ᠪᠠᠨ ᠲᠤᠮᠳᠠ ᠪᠠᠨ ᠬᠢᠯᠠᠷᠠᠭᠤᠯᠵᠦ᠂ ᠢᠳᠡᠬᠡᠯ ᠬᠦᠨᠳᠦ ᠪᠠᠷ ᠢᠶᠠᠨ ᠪᠦᠬᠦᠨ ᠤ ᠪᠠᠨ ᠮᠠᠭᠳᠠᠭᠠᠯ ᠢ ᠤᠯᠵᠦ ᠶᠠᠪᠤᠨ᠎ᠠ᠃ 1990 ᠤᠨ ᠠᠴᠠ ᠰᠡᠭᠦᠯᠡᠷ ᠲᠦᠷᠦᠭᠰᠡᠨ ᠲᠡᠷᠡ᠂ ᠲᠦᠷᠪᠡᠨ ᠵᠢᠯ ᠤᠨ ᠡᠮᠦᠨ᠎ᠠ ᠠᠴᠠ ᠶᠠᠳᠠᠭᠤ ᠶᠢ ᠲᠡᠳᠬᠦᠬᠦ ᠠᠵᠢᠯ ᠲᠠᠢ ᠤᠢᠢᠷᠠᠳᠴᠦ᠂ 2017 ᠣᠨ ᠤ 2 ᠰᠠᠷ᠎ᠠ ᠳᠤ᠂ ᠷᠠᠰᠢᠶᠠᠨ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠯᠣᠭᠤᠳᠬᠤ ᠭᠠᠵᠠᠷ ᠤᠨ ᠶᠡᠷᠦᠩᠬᠡᠶᠢᠯᠡᠭᠰᠡᠨ ᠳᠤᠭᠤᠶᠢᠯᠠᠩ ᠳᠤ ᠵᠢᠩᠬᠢᠨᠢ ᠪᠠᠷ ᠠᠵᠢᠯ ᠰᠢᠯᠵᠢᠨ ᠢᠷᠡᠭᠰᠡᠨ ᠪᠠᠶᠢᠨ᠎ᠠ᠃        ᠲᠤᠬᠠᠢᠢᠯᠠᠬᠰᠠᠨ ᠠᠵᠢᠯ ᠳᠠᠭᠠᠨ ᠭᠠᠷᠮᠠᠭᠠᠢ ᠸᠠᠩ ᠰᠢᠶᠠ ᠭᠤᠸᠠᠩ        ᠦᠷᠯᠦᠭᠡ ᠶᠢᠨ ᠨᠡᠷᠡᠨ ᠤ ᠭᠡᠷᠡᠯ ᠵᠢᠯᠣᠭᠤᠳᠬᠤ ᠭᠠᠵᠠᠷ ᠤᠨ ᠴᠣᠩᠬᠤ ᠪᠠᠷ ᠲᠤᠰᠴᠦ᠂ ᠬᠥᠮᠦᠰ ᠠᠷᠤ ᠠᠷᠤ ᠠᠴᠠ ᠪᠠᠨ ᠪᠠᠶᠢᠭᠤᠯᠭ᠎ᠠ ᠳᠠᠭᠠᠨ ᠢᠷᠡᠬᠦ ᠳᠤ ᠸᠠᠩ ᠰᠢᠶᠠ ᠭᠤᠸᠠᠩ ᠭᠡᠨ ᠠᠴᠠ ᠴᠤ ᠡᠷᠳᠡ ᠢᠷᠡᠵᠦ ᠶᠠᠭᠠᠷᠠᠯᠲᠠᠢ ᠠᠵᠢᠯᠯᠠᠬᠤ ᠪᠠᠷ᠎ᠠ ᠨᠢ ᠦᠷᠭᠦᠯᠵᠢ ᠬᠠᠷᠠᠭᠳᠠᠳᠠᠭ᠃ ︽ᠰᠢᠶᠠ ᠭᠤᠸᠠᠩ ᠲᠠ ᠶᠠᠭᠠᠬᠢᠭᠠᠳ ᠲᠡᠶᠢᠮᠦ ᠡᠷᠲᠡᠯᠡᠳᠡᠭ ᠶᠤᠮ ᠪᠤᠢ︾ ᠭᠡᠬᠦ ᠳᠤ᠂ ︽ᠪᠢ ᠪᠣᠯ ᠨᠢᠭᠡᠨ ᠰᠠᠶᠢᠨ ᠬᠡᠦᠬᠡᠳ᠂ ᠰᠤᠷᠭᠠᠭᠤᠯᠢ ᠳᠤ ᠪᠠᠶᠢᠬᠤ ᠦᠶ᠎ᠠ ᠠᠴᠠ ᠪᠠᠨ ᠶᠡᠷᠦ ᠬᠤᠵᠢᠭᠳᠠᠳᠠᠭ ᠦᠭᠡᠢ ᠁︾ ᠭᠡᠵᠦ ᠢᠨᠢᠶᠡᠳᠦᠮ ᠱᠤᠭ ᠭᠠᠷᠭᠠᠭᠠᠳ᠂ ᠰᠢᠨ᠎ᠡ ᠨᠢᠭᠡᠨ ᠡᠳᠦᠷ ᠢᠶᠠᠨ ᠪᠠᠶᠠᠷ ᠴᠡᠩᠭᠡᠯ ᠲᠠᠢ ᠡᠬᠢᠯᠡᠬᠦᠯᠳᠡᠭ᠃ ᠵᠢᠯᠣᠭᠤᠳᠬᠤ ᠭᠠᠵᠠᠷ ᠤᠨ ᠠᠵᠢᠯᠳᠡᠨ ᠤ ᠲᠤᠳᠤᠷ᠎ᠠ ᠸᠠᠩ ᠰᠢᠶᠠ ᠭᠤᠸᠠᠩ ᠨᠠᠰᠦ ᠪᠠᠷ ᠬᠠᠮᠤᠭ ᠪᠠᠭ᠎ᠠ ᠪᠤᠯᠪᠠᠴᠤ ᠣᠯᠠᠨ ᠤ ᠦᠨᠳᠦᠷ ᠦᠨᠡᠯᠡᠯᠳᠠ ᠶᠢ ᠣᠯᠵᠤ᠂ ᠲᠡᠭᠦᠨ ᠤ ᠱᠤᠭ ᠶᠦᠮᠦᠷᠯᠢᠭ ᠵᠠᠩ ᠠᠷᠠᠨᠰᠢᠨ ᠨᠢ ᠬᠠᠮᠳᠤ ᠠᠵᠢᠯᠯᠡᠬᠰᠠᠳ ᠲᠠᠭᠠᠨ ᠮᠠᠰᠢ ᠤᠯᠠᠨ ᠪᠠᠶᠠᠷ ᠪᠠᠭ᠋ᠠᠳᠤᠯ ᠠᠪᠴᠢᠷᠠᠵᠦ ᠦᠭᠴᠠᠢ᠃       ᠸᠠᠩ ᠰᠢᠶᠠ ᠭᠤᠸᠠᠩ ᠤᠨ ᠡᠳᠦᠷ ᠲᠤᠳᠤᠮ ᠤᠨ ᠭᠤᠤᠯ ᠬᠠᠷᠢᠭᠤᠴᠠᠬᠤ ᠠᠵᠢᠯ ᠭᠡᠪᠡᠯ ᠶᠠᠳᠠᠭᠤ ᠶᠢ ᠲᠡᠳᠬᠦᠬᠦ ᠲᠤᠬᠠᠢ ᠡᠯ᠎ᠡ ᠲᠥᠷᠥᠯ ᠤᠨ ᠬᠤᠷᠠᠯ ᠤᠨ ᠮᠠᠲ᠋ᠧᠷᠢᠶᠠᠯ ᠢ ᠬᠤᠷᠢᠶᠠᠩᠭᠤᠶᠢᠯᠠᠬᠤ᠂ ᠳᠠᠷᠤᠮᠠᠯᠯᠠᠬᠤ᠂ ᠦᠳᠡᠬᠦ ᠪᠠ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠵᠡᠷᠭᠡ ᠲᠡᠭᠡᠳᠦ ᠱᠠᠳᠤᠨ ᠤ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤ ᠲᠤᠰᠬᠠᠭᠰᠠᠨ ᠰᠠᠨᠠᠯ ᠢ ᠬᠠᠷᠭᠤᠭᠤᠯᠬᠤ ᠶᠠᠪᠤᠳᠡᠯ ᠪᠤᠯᠤᠨ᠎ᠠ᠃ ᠲᠡᠷᠡ ᠡᠯ᠎ᠡ ᠳᠤᠭᠤᠶᠢᠯᠠᠩ ᠤᠨ ᠠᠵᠢᠯ ᠤᠨ ᠪᠠᠶᠢᠳᠠᠯ ᠢ ᠬᠤᠷᠢᠶᠠᠩᠭᠤᠶᠢᠯᠠᠵᠤ᠂ ᠬᠤᠯᠪᠤᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠨ ᠬᠦᠷᠭᠡᠵᠦ᠂ ᠪᠠᠰᠠ ᠰᠠᠷ᠎ᠠ ᠪᠦᠷᠢ ᠠᠵᠢᠯ ᠤᠨ ᠠᠬᠢᠴᠠ ᠪᠠᠨ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠪᠠᠨ ᠨᠠᠷᠢᠯᠢᠭ ᠮᠡᠳᠡᠭᠦᠯᠳᠡᠭ᠃ ᠲᠡᠭᠦᠨ ᠤ ᠠᠵᠢᠯ ᠤᠨ ᠬᠡᠮᠵᠢᠶ᠎ᠠ ᠶᠡᠭᠡ ᠮᠦᠷᠳᠡᠭᠡᠨ ᠶᠠᠷᠰᠢᠭ ᠲᠠᠢ ᠪᠤᠯᠪᠠᠴᠤ ᠠᠯᠳᠠᠭ᠎ᠠ ᠭᠠᠷᠭᠠᠵᠤ ᠥᠩᠭᠡᠷᠡᠭᠰᠡᠨ ᠦᠭᠡᠢ᠃       ᠠᠵᠢᠯ ᠤᠨ ᠪᠠᠶᠢᠷᠢ ᠪᠠᠨ ᠪᠠᠳᠤ ᠰᠠᠭᠢᠳᠠᠭ ᠸᠠᠩ ᠰᠢᠶᠠ ᠭᠤᠸᠠᠩ       ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠡ ᠬᠦᠨᠵᠡᠭᠡᠶᠢᠷᠡᠭᠦ ᠶᠢ ᠲᠠᠭᠠᠯᠳᠤᠨ᠂ ᠵᠢᠯᠣᠭᠤᠳᠬᠤ ᠭᠠᠵᠠᠷ ᠤᠨ ᠠᠵᠢᠯ ᠤᠨ ᠭᠤᠣᠯᠳᠠᠯᠭ᠎ᠠ ᠳᠠᠭᠠᠨ ᠴᠤ ᠲᠠᠰᠤᠷᠠᠯᠳᠠ ᠦᠭᠡᠢ ᠲᠤᠬᠢᠷᠠᠭᠤᠯᠤᠯᠳᠠ ᠬᠢᠬᠦ ᠴᠢᠬᠤᠯᠠ ᠲᠠᠢ᠃ ᠡᠭᠦᠨ ᠳᠤ ᠸᠠᠩ ᠰᠢᠶᠠ ᠭᠤᠸᠠᠩ ᠵᠢᠯᠣᠭᠤᠳᠬᠤ ᠭᠠᠵᠠᠷ ᠤᠨ ᠢᠶᠠᠨ ᠡᠷᠭᠢ ᠱᠤᠷᠠᠭ ᠨᠢ ᠪᠣᠯᠵᠤ᠂ ᠡᠭᠡᠯ ᠵᠢᠷ ᠤᠨ ᠠᠵᠢᠯ ᠤᠨ ᠪᠠᠶᠢᠷᠢ ᠪᠠᠨ ᠪᠠᠲᠤ ᠰᠠᠬᠢᠨ᠎ᠠ᠃ ᠵᠢᠯᠣᠭᠤᠳᠬᠤ ᠭᠠᠵᠠᠷ ᠤᠨ ᠠᠵᠢᠯᠲᠠᠨ ᠢ ᠲᠠᠬᠢᠨ ᠲᠣᠬᠢᠷᠠᠭᠤᠯᠬᠤ ᠪᠦᠷᠢ ᠲᠡᠷᠡ ᠬᠠᠮᠵᠢᠯᠴᠡᠨ ᠰᠢᠷᠡᠭᠡ ᠰᠠᠨᠳᠠᠯᠢ ᠶᠢ ᠨᠢ ᠵᠦᠭᠡᠭᠡᠵᠦ᠂ ᠺᠣᠮᠫᠢᠦ᠋ᠲ᠋ᠧᠷ ᠢ ᠨᠢ ᠤᠭᠰᠠᠷᠠᠵᠦ ᠶᠠᠭᠠᠷᠠᠳᠠᠭ᠃ ᠪᠠᠶᠢᠭᠤᠯᠭ᠎ᠠ ᠶᠢᠨ ᠬᠢᠨ ᠤ ᠴᠠᠰᠤ ᠱᠦᠭᠦᠷᠳᠡᠬᠦ ᠠᠵᠢᠯ ᠠᠴᠠ ᠲᠡᠷᠡ ᠬᠡᠵᠢᠶᠡᠳᠡ ᠬᠤᠴᠤᠷᠳᠠᠭ ᠦᠭᠡᠢ᠃       ᠥᠪᠡᠷᠳᠡᠭᠡᠨ ᠰᠤᠷᠴᠤ ᠴᠢᠳᠠᠪᠤᠷᠢᠲᠠᠨ ᠪᠣᠯᠤᠭᠰᠠᠨ ᠸᠠᠩ ᠰᠢᠶᠠ ᠭᠤᠸᠠᠩ       ᠲᠡᠷᠡ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠠᠴᠠ ᠰᠠᠶ᠋ᠢ ᠲᠡᠭᠦᠰᠦᠮᠡᠭᠴᠡ ᠰᠤᠷᠭᠠᠭᠤᠯᠢ ᠶᠢᠨ ᠢᠶᠠᠨ ᠲᠠᠨᠢᠯᠴᠠᠭᠤᠯᠭ᠎ᠠ ᠪᠠᠷ᠂ ᠥᠪᠥᠷ ᠮᠣᠩᠭᠤᠯ ᠤᠨ ᠡᠷᠡᠨ ᠵᠠᠭᠤᠨ ᠤ ᠠᠨᠳᠠ ᠠᠵᠤ ᠦᠢᠯᠡᠳᠪᠦᠷᠢ ᠠᠷᠠᠯᠵᠢᠶᠠᠨ ᠤ ᠺᠣᠮᠫᠠᠨᠢ ᠶᠢᠨ ᠮᠣᠩᠭᠤᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠲᠤ ᠰᠠᠭᠤᠭ᠎ᠠ ᠠᠵᠢᠯᠲᠠᠨ ᠡᠯᠰᠡᠬᠦ ᠬᠤᠷᠠᠯ ᠳᠤ ᠤᠷᠤᠯᠴᠠᠭᠰᠠᠨ ᠪᠦᠭᠡᠳ ᠬᠤᠪᠢ ᠪᠠᠷ ᠢᠶᠠᠨ ᠰᠢᠨ᠎ᠡ ᠮᠣᠩᠭᠤᠯ ᠬᠡᠯᠡ ᠰᠤᠷᠴᠤ ᠶᠡᠷᠦᠩᠬᠡᠶᠢᠯᠡᠭᠰᠡᠨ ᠬᠡᠪ ᠪᠤᠯᠪᠠᠰᠤᠷᠠᠯ ᠢᠶᠠᠨ ᠲᠡᠭᠡᠭᠰᠢᠯᠡᠭᠦᠯᠦᠭᠰᠡᠨ ᠠᠴᠠ ᠤᠳᠡᠯ ᠦᠭᠡᠢ ᠣᠷᠴᠢᠭᠤᠯᠤᠭᠴᠢ ᠪᠠᠷ ᠡᠯᠰᠡᠭᠳᠡᠵᠦ᠂ ᠮᠣᠩᠭᠤᠯ ᠤᠯᠤᠰ ᠲᠤ ᠬᠤᠶᠠᠷ ᠵᠢᠯ ᠠᠵᠢᠯᠯᠠᠵᠠᠢ᠃ ᠭᠡᠪᠡᠴᠦ ᠠᠷᠤ ᠭᠡᠷ ᠠᠪᠤ ᠡᠵᠢ ᠪᠠᠨ ᠰᠠᠨᠠᠭᠳ ᠲᠡᠰᠭᠦ ᠦᠭᠡᠢ ᠲᠤᠯᠠ ᠤᠯᠤᠰ ᠲᠠᠭᠠᠨ ᠪᠤᠴᠠᠨ ᠢᠷᠡᠵᠦ᠂ ᠠᠵᠢᠯ ᠦᠢᠯᠡᠰ ᠤᠨ ᠪᠠᠶᠢᠭᠤᠯᠭ᠎ᠠ ᠶᠢᠨ ᠠᠵᠢᠯᠳᠠᠨ ᠡᠯᠰᠡᠬᠦ ᠰᠢᠯᠭᠠᠯᠲᠠ ᠳᠤ ᠣᠷᠣᠯᠴᠠᠭᠰᠡᠨ ᠪᠠᠶᠢᠵᠠᠢ᠃       ᠡᠳᠦᠷ ᠰᠦᠨᠢ ᠦᠭᠡᠢ ᠵᠠᠷᠯᠢᠭ ᠬᠦᠯᠢᠶᠡᠳᠡᠭ ᠸᠠᠩ ᠰᠢᠶᠠ ᠭᠤᠸᠠᠩ       ᠡᠪᠤᠯ ᠤᠨ ᠨᠢᠭᠡᠨ ᠰᠦᠨᠢ ᠴᠠᠭ ᠨᠡᠮᠡᠨ ᠠᠵᠢᠯᠯᠠᠬᠰᠠᠨ ᠠᠴᠠ ᠪᠤᠯᠵᠦ ᠲᠦᠢᠯ ᠢᠶᠠᠷ ᠶᠠᠳᠠᠷᠠᠵᠦ᠂ ᠭᠠᠷ ᠤᠳᠠᠰᠦ ᠶᠢᠨ ᠢᠶᠠᠨ ᠴᠠᠬᠢᠯᠭᠠᠨ ᠢ ᠨᠢ ᠴᠡᠨᠡᠭᠯᠡᠬᠦ ᠪᠠᠨ ᠮᠠᠷᠳᠡᠴᠢᠬᠠᠪᠠ᠃ ᠲᠤᠭ ᠨᠦᠢᠷ ᠲᠤ ᠪᠠᠨ ᠪᠠᠶᠢᠬᠰᠠᠨ ᠲᠡᠷᠡ ᠭᠡᠨᠡᠳᠳᠠ ᠡᠭᠦᠳᠡ ᠲᠣᠭᠰᠢᠬᠤ ᠳᠠᠭᠤᠨ ᠳᠤ ᠰᠣᠴᠢᠨ ᠰᠡᠷᠢᠭᠡᠳ ᠴᠠᠭ ᠢᠶᠠᠨ ᠦᠵᠡᠭᠰᠡᠨ ᠴᠢᠨᠢ ᠨᠢᠬᠡᠨᠳᠡ ᠥᠷᠯᠥᠭᠡ ᠶᠢᠨ ᠳᠥᠷᠪᠡᠨ ᠴᠠᠭ ᠪᠤᠯᠴᠢᠬᠠᠪᠠ᠃ ᠤᠤᠯ ᠨᠢ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠨᠢᠭᠡᠨ ᠬᠤᠪᠢ ᠮᠠᠲ᠋ᠧᠷᠢᠶᠠᠯ ᠢ ᠲᠤᠭᠳᠠᠭᠰᠠᠨ ᠴᠠᠭ ᠲᠤ ᠮᠡᠳᠡᠭᠦᠯᠬᠦ ᠪᠠᠷ ᠱᠠᠭᠠᠷᠳᠠᠭᠰᠠᠨ ᠪᠠᠶᠢᠵᠠᠶ᠃ ᠬᠠᠮᠲᠤ ᠠᠵᠢᠯᠯᠠᠭᠰᠠᠳ ᠨᠢ ᠤᠳᠠᠰᠤ ᠠᠪᠤᠬᠰᠠᠨ ᠳᠤ ᠲᠡᠭᠦᠨ ᠤ ᠭᠠᠷ ᠤᠲᠠᠰᠤ ᠨᠢ ᠨᠡᠪᠲᠡᠷᠡᠬᠦ ᠦᠭᠡᠢ ᠲᠤᠯᠠ ᠠᠷᠭ᠎ᠠ ᠪᠤᠰᠤ ᠭᠡᠷ ᠲᠤ ᠨᠢ ᠡᠷᠢᠵᠦ ᠢᠷᠡᠭᠰᠡᠨ ᠶᠤᠮ᠃ ᠡᠨᠡᠬᠦ ᠤᠴᠢᠷ ᠠᠴᠠ ᠰᠡᠭᠦᠯᠡᠷ᠂ ᠲᠡᠷᠡ ᠭᠠᠷ ᠤᠲᠠᠰᠤ ᠨᠢ ᠴᠠᠬᠢᠯᠭᠠᠨ ᠦᠭᠡᠢ ᠠᠦ᠋ᠲ᠋ᠣ᠋ ᠬᠠᠭᠠᠭᠳᠠᠬᠤ ᠠᠴᠠ ᠰᠡᠷᠭᠡᠶᠢᠯᠡᠵᠦ᠂ ᠴᠠᠬᠢᠯᠭᠠᠨ ᠴᠡᠨᠡᠭᠯᠡᠬᠦ ᠪᠡᠯᠡᠳᠭᠡᠯ ᠲᠦᠬᠦᠬᠡᠷᠦᠮᠵᠢ ᠶᠢ ᠬᠡᠵᠢᠶᠡᠳᠡ ᠪᠡᠶ᠎ᠠ ᠳᠤ ᠪᠠᠨ ᠠᠪᠴᠦ ᠶᠠᠪᠤᠳᠠᠭ᠃ ᠰᠦᠨᠢ ᠶᠢᠨ 11 ᠴᠠᠭ ᠢᠯᠡᠭᠦᠦ ᠪᠤᠯᠳᠠᠯ᠎ᠠ ᠠᠵᠢᠯᠯᠠᠬᠤ ᠨᠢ ᠸᠠᠩ ᠰᠢᠶᠠ ᠭᠤᠸᠠᠩ ᠳᠤ ᠠᠪᠴᠦ ᠬᠡᠯᠡᠪᠡᠯ ᠡᠩ ᠤᠨ ᠶᠠᠪᠤᠳᠠᠯ ᠪᠤᠯᠴᠢᠬᠠᠭᠰᠠᠨ ᠶᠤᠮ᠃ ᠨᠡᠩ ᠢᠯᠠᠩᠭᠤᠶ᠎ᠠ ᠠᠵᠢᠯ ᠨᠢ ᠶᠠᠭᠠᠷᠠᠤ ᠪᠤᠯᠬᠤᠷ ᠬᠤᠶᠠᠷ ᠭᠤᠷᠪᠠᠨ ᠭᠠᠷᠠᠭ ᠡᠰᠡᠭᠦᠯ᠎ᠠ ᠨᠢᠭᠡ ᠬᠤᠶᠠᠷ ᠰᠠᠷ᠎ᠠ ᠪᠤᠯᠤᠭᠠᠳ ᠰᠠᠶ᠋ᠢ ᠠᠷᠤ ᠭᠡᠷ ᠲᠡᠭᠡᠨ ᠬᠠᠷᠢᠵᠤ ᠠᠪᠤ ᠡᠵᠢ ᠪᠠᠨ ᠡᠷᠭᠢᠵᠦ ᠦᠵᠡᠵᠦ ᠪᠤᠢ᠃       ᠸᠠᠩ ᠰᠢᠶᠠ ᠭᠤᠸᠠᠩ ᠤᠳᠤ ᠪᠤᠰᠢᠭᠤ ᠱᠠᠯᠠᠮᠠᠭᠠᠢ ᠠᠵᠢᠯ ᠤᠨ ᠰᠤᠷᠲᠠᠯ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠤᠷᠢᠭ ᠰᠠᠨᠠᠭ᠎ᠠ᠂ ᠬᠠᠰᠢᠷ ᠪᠣᠯᠪᠠᠰᠤᠷᠠᠩᠭᠤᠶ ᠠᠵᠢᠯᠯᠠᠬᠤ ᠵᠠᠩ ᠣᠪᠣᠷ ᠢᠶᠠᠷ ᠢᠶᠠᠨ ᠤᠯᠠᠨ ᠤ ᠪᠠᠨ ᠲᠤᠮᠳᠠ ᠤᠳᠤᠨ ᠰᠤᠳᠤᠨ ᠪᠤᠯᠵᠦ᠂ ᠭᠠᠯ ᠵᠠᠯᠠᠭᠤ ᠨᠠᠰᠤᠨ ᠤ ᠪᠠᠨ ᠬᠦᠰᠡᠯ ᠵᠡᠭᠦᠳᠦ ᠪᠠᠨ ᠲᠡᠷᠭᠡᠯᠰᠢᠭᠦᠯᠤᠨ᠂ ᠨᠠᠮ ᠪᠣᠯᠤᠨ ᠠᠷᠠᠳ ᠲᠦᠮᠡᠨ ᠳᠡᠭᠡᠨ ᠨᠢᠭᠡᠨ ᠬᠡᠷᠡᠭᠴᠡᠭᠡᠲᠡᠢ ᠬᠦᠮᠦᠨ ᠪᠤᠯᠬᠤ ᠪᠠᠷ ᠮᠡᠷᠡᠶᠢᠨ ᠴᠢᠷᠮᠠᠶᠢᠵᠦ ᠶᠠᠪᠤᠨᠠᠮ︕
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号