ᠤᠯᠠᠭᠠᠨᠬᠤᠳᠠ ᠶᠢᠨ ᠬᠤᠶᠢᠳᠤ ᠲᠡᠬᠦᠷᠭᠡ ᠶᠢᠨ ᠲᠤᠳᠤᠭᠠᠳᠤ ᠶᠢ ᠬᠠᠮᠠᠭᠠᠯᠠᠬᠤ ᠰᠠᠯᠪᠦᠷᠢ ᠶᠢᠨ ᠴᠠᠬᠳᠠᠭ᠎ᠠ ᠨᠠᠷ ᠶᠠᠳᠠᠭᠤ ᠡᠷᠦᠬᠡ ᠶᠢ ᠬᠠᠪᠰᠦᠷᠦᠨ ᠴᠢᠨᠡᠬᠡᠯᠢᠭᠵᠢᠯ ᠤᠨ ᠵᠠᠮ ᠳᠤ ᠤᠷᠤᠭᠤᠯᠵᠦ ᠪᠤᠢ
ᠨᠡᠶᠢᠲᠡᠯᠡᠭᠰᠡᠨ ᠴᠠᠭ᠄
2020-06-17
      ᠤᠯᠤᠰ ᠲᠠᠶᠠᠭᠠᠷ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠳᠦ ᠢᠯᠡᠯᠳᠡ ᠶᠢ ᠲᠡᠮᠡᠴᠡᠨ ᠤᠯᠬᠤ ᠡᠴᠦᠰ ᠤᠨ ᠰᠢᠪᠳᠦᠯᠦᠯᠳᠡ ᠬᠢᠵᠦ ᠪᠠᠶᠢᠭ᠎ᠠ ᠦᠨᠦᠳᠦᠷ ᠬᠢᠩᠭᠠᠨ ᠠᠶᠢᠮᠠᠭ ᠤᠨ ᠡᠯ᠎ᠡ ᠪᠠᠶᠢᠭᠤᠯᠭ᠎ᠠ ᠨᠢᠬᠡᠴᠡ ᠶᠢᠨ ᠺᠠᠳ᠋ᠷ ᠠᠵᠢᠯᠳᠠᠳ ᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠴᠦᠰ ᠤᠨ ᠢᠯᠡᠯᠳᠡ ᠶᠢ ᠲᠡᠮᠡᠴᠡᠨ ᠤᠯᠬᠤ ᠳᠤ ᠬᠦᠴᠦᠨ ᠨᠡᠮᠡᠷᠢᠯᠡᠨ ᠴᠢᠷᠮᠠᠶᠢᠨ ᠠᠵᠢᠯᠯᠠᠵᠦ ᠪᠠᠶᠢᠨ᠎ᠠ᠃       ᠰᠤᠷᠪᠤᠯᠵᠢᠯᠠᠬᠴᠢ ᠤᠶᠢᠷ᠎ᠠ ᠳᠤ᠂ ᠤᠯᠠᠭᠠᠨᠬᠤᠳᠠ ᠶᠢᠨ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠤᠭᠤᠷᠢᠭ ᠤᠨ ᠬᠤᠩ ᠰᠢᠩ ᠲᠤᠰᠬᠤᠨ ᠳᠤ ᠬᠦᠷᠴᠦ ᠰᠤᠷᠪᠤᠯᠵᠢᠯᠠᠯ᠎ᠠ᠃ ᠬᠤᠩ ᠰᠢᠩ ᠲᠤᠰᠬᠤᠨ ᠪᠤᠯ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠠᠪᠰᠦᠷᠦᠨ ᠲᠡᠳᠬᠦᠬᠦ ᠴᠡᠭ ᠪᠤᠯᠤᠨ᠎ᠠ᠃ ᠬᠤᠩ ᠰᠢᠩ ᠲᠤᠰᠬᠤᠨ ᠨᠢ ᠤᠯᠠᠭᠠᠨᠬᠤᠳᠠ ᠠᠴᠠ ᠡᠮᠦᠨᠡᠰᠢ ᠲᠦᠴᠢᠨ ᠭᠠᠵᠠᠷ ᠤᠨ ᠵᠠᠶᠢᠳᠠᠢ ᠪᠠᠶᠢᠷᠢᠯᠠᠵᠦ ᠪᠠᠶᠢᠳᠠᠭ᠃ ᠡ᠊ᠨᠳᠡᠬᠢ ᠲᠠᠷᠢᠶᠠᠴᠢᠳ ᠬᠤᠳᠠ ᠶᠢᠨ ᠲᠡᠬᠦᠷᠭᠡ ᠳᠠᠬᠢ ᠪᠠᠶᠢᠷᠢᠰᠢᠯ ᠤᠨ ᠲᠠᠪᠠᠭᠤᠯᠢᠭ ᠲᠠᠭᠠᠨ ᠲᠦᠰᠢᠭᠯᠡᠵᠦ᠂ ᠭᠤᠤᠯᠳᠠᠭᠤ ᠬᠦᠯᠡᠮᠵᠢ ᠳᠤ ᠨᠤᠭᠤᠭ᠎ᠠ ᠵᠢᠮᠢᠰ ᠲᠠᠷᠢᠬᠤ᠂ ᠠᠭᠤᠯᠠᠨ ᠬᠢᠷ᠎ᠠ ᠶᠢᠨ ᠬᠠᠭᠤᠷᠠᠢ ᠲᠠᠷᠢᠶᠠᠨ ᠳᠠᠭᠠᠨ ᠡᠷᠳᠡᠨᠢ ᠰᠢᠰᠢ ᠲᠠᠷᠢᠬᠤ᠂ ᠲᠠᠯ᠎ᠠ ᠶᠢᠨ ᠲᠠᠷᠢᠶᠠᠨ ᠳᠠᠭᠠᠨ ᠤᠰᠤᠨ ᠲᠤᠳᠤᠷᠭ᠎ᠠ ᠲᠠᠷᠢᠬᠤ᠂ ᠲᠠᠷᠢᠶᠠᠨ ᠠᠵᠢᠯ ᠰᠡᠯᠡᠬᠦᠦ ᠦᠶᠡᠰ ᠲᠡᠭᠡᠨ ᠬᠤᠳᠠ ᠤᠷᠤᠵᠦ ᠬᠦᠴᠦ ᠶᠠᠪᠤᠵᠦ ᠤᠷᠤᠯᠭ᠎ᠠ ᠪᠠᠨ ᠨᠡᠮᠡᠭᠳᠡᠬᠦᠯᠵᠦ ᠪᠠᠶᠢᠳᠠᠭ᠃ ᠲᠤᠰ ᠲᠤᠰᠬᠤᠨ ᠳᠤ ᠨᠡᠶᠢᠳᠡ 248 ᠡᠷᠦᠬᠡ ᠲᠠᠢ ᠪᠦᠬᠡᠳ 37 ᠶᠠᠳᠠᠭᠤ ᠡᠷᠦᠬᠡ ᠪᠤᠢ᠂ ᠤᠳᠤ 8 ᠶᠠᠳᠠᠭᠤ ᠡᠷᠦᠬᠡ ᠨᠢᠬᠡᠨᠳᠡ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠵᠠᠢ᠃ ᠤᠯᠠᠭᠠᠨᠬᠤᠳᠠ ᠶᠢᠨ ᠬᠤᠶᠢᠳᠤ ᠲᠡᠬᠦᠷᠭᠡ ᠶᠢᠨ ᠲᠤᠳᠤᠭᠠᠳᠤ ᠶᠢ ᠬᠠᠮᠠᠭᠠᠯᠠᠬᠤ ᠰᠠᠯᠪᠦᠷᠢ ᠶᠢᠨ ᠬᠢᠨ 2016 ᠤᠨ ᠠᠴᠠ ᠡᠬᠢᠯᠡᠨ ᠬᠤᠩ ᠰᠢᠩ ᠲᠤᠰᠬᠤᠨ ᠤ ᠲᠠᠩᠰᠠ ᠺᠠᠷᠲ ᠲᠠᠢ ᠶᠠᠳᠠᠭᠤ ᠡᠷᠦᠬᠡ ᠪᠠᠢ ᠢᠤᠢ ᠵᠦᠩ ᠢ ᠶᠠᠳᠠᠭᠤ ᠠᠴᠠ ᠠᠩᠬᠢᠵᠢᠷᠠᠭᠤᠯᠬᠤ ᠡᠬᠦᠷᠭᠡ ᠶᠢ ᠬᠦᠯᠢᠶᠡᠨ ᠠᠪᠴᠦ ᠬᠠᠪᠰᠦᠷᠦᠨ ᠲᠡᠳᠬᠦᠭᠰᠡᠭᠡᠷ ᠢᠷᠡᠵᠡᠢ᠃       ᠡᠨᠡ ᠵᠢᠯ 52 ᠨᠠᠰᠦᠳᠠᠢ ᠪᠠᠢ ᠢᠤᠢ ᠵᠦᠩ ᠪᠠᠭ᠎ᠠ ᠳᠠᠭᠠᠨ ᠵᠤᠯ ᠪᠤᠰᠤ ᠪᠠᠷ ᠵᠡᠬᠦᠨ ᠭᠠᠷ ᠨᠢ ᠵᠡᠮᠳᠡᠭ ᠪᠤᠯᠤᠬᠰᠠᠨ ᠪᠦᠭᠡᠳ ᠡᠵᠢ ᠠᠪᠤ ᠨᠢ ᠴᠤ ᠡᠷᠳᠡ ᠨᠠᠰᠦ ᠪᠠᠷᠠᠬᠰᠠᠨ ᠠᠴᠠ ᠪᠢᠴᠢᠭ ᠰᠤᠶᠤᠯ ᠤᠨ ᠮᠦᠷ ᠢ ᠴᠦ ᠤᠯᠵᠦ ᠬᠦᠭᠡᠭᠡᠭᠰᠡᠨ ᠦᠬᠡᠢ᠃ ᠤᠯᠠᠨ ᠵᠢᠯ ᠤᠨ ᠲᠤᠷᠰᠢ᠂ ᠲᠡᠷᠡ ᠪᠠᠭ᠎ᠠ ᠰᠠᠭ᠎ᠠ ᠲᠠᠷᠢᠶ᠎ᠠ ᠪᠠᠨ ᠲᠦᠰᠢᠵᠦ᠂ ᠮᠠᠶᠢᠵᠢᠬᠢ ᠰᠢᠪᠠᠷ ᠪᠠᠶᠢᠰᠢᠩ ᠳᠤ ᠰᠠᠭᠤᠵᠦ ᠠᠷᠠᠢ ᠴᠢᠷᠠᠢ ᠬᠡᠵᠦ ᠠᠮᠢᠳᠦᠷᠠᠵᠦ ᠪᠠᠶᠢᠬᠰᠠᠨ ᠦᠶᠡᠰ᠂ 2016 ᠤᠨ ᠳᠤ ᠵᠠᠰᠠᠭ ᠤᠨ ᠤᠷᠳᠤᠨ ᠠᠴᠠ ᠲᠡᠬᠦᠨ ᠳᠤ 40 ᠲᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ ᠬᠡᠷ ᠪᠠᠷᠢᠵᠦ ᠦᠭᠭᠦᠭᠰᠡᠨ ᠪᠦᠭᠡᠳ ᠤᠯᠠᠭᠠᠨᠬᠤᠳᠠ ᠶᠢᠨ ᠬᠤᠶᠢᠳᠤ ᠲᠡᠬᠦᠷᠭᠡ ᠶᠢᠨ ᠲᠤᠳᠤᠭᠠᠳᠤ ᠶᠢ ᠬᠠᠮᠠᠭᠠᠯᠠᠬᠤ ᠰᠠᠯᠪᠦᠷᠢ ᠶᠢᠨ ᠺᠠᠳ᠋ᠷ ᠴᠠᠬᠳᠠᠭ᠎ᠠ ᠨᠠᠷ ᠲᠡᠬᠦᠨ ᠢ ᠡᠬᠢᠯᠡᠨ ᠬᠠᠪᠰᠦᠷᠴᠦ᠂ ᠰᠡᠳᠬᠢᠯ ᠢ ᠨᠢ ᠲᠤᠯᠠᠭᠠᠴᠠᠭᠤᠯᠵᠦ ᠢᠷᠡᠵᠡᠢ᠃ ᠲᠤᠰ ᠰᠠᠯᠪᠤᠷᠢ ᠶᠢᠨ ᠬᠢᠨ ᠪᠠᠢ ᠢᠤᠢ ᠵᠦᠩ ᠤᠨ ᠰᠢᠪᠠᠷ ᠤᠨ ᠠᠵᠢᠯ ᠳᠠᠭᠠᠨ ᠮᠡᠷᠭᠡᠰᠢᠭᠰᠡᠨ ᠤᠨᠴᠠᠯᠢᠭ ᠲᠤ ᠲᠤᠬᠢᠷᠠᠭᠤᠯᠤᠨ ᠤᠯᠠᠭᠠᠨᠬᠤᠳᠠ ᠶᠢᠨ ᠤᠶᠢᠷ᠎ᠠ ᠬᠠᠪᠢ ᠶᠢᠨ ᠪᠠᠷᠢᠯᠭ᠎ᠠ ᠶᠢᠨ ᠭᠠᠵᠠᠷ ᠲᠤ ᠰᠢᠪᠠᠷᠴᠢᠨ ᠤ ᠠᠵᠢᠯ ᠲᠠᠨᠢᠯᠴᠠᠭᠤᠯᠵᠦ ᠦᠭᠭᠦ᠂ ᠬᠦᠷᠢᠶ᠎ᠡ ᠬᠠᠰᠢᠶ᠎ᠠ ᠶᠢ ᠨᠢ ᠲᠡᠭᠰᠢᠯᠡᠨ ᠲᠠᠷᠢᠶ᠎ᠠ ᠲᠠᠷᠢᠭᠤᠯᠬᠤ ᠵᠡᠷᠭᠡ ᠪᠠᠷ ᠬᠠᠪᠰᠦᠷᠴᠦ ᠢᠷᠡᠵᠡᠢ᠃ ᠤᠳᠤ ᠪᠠᠢ ᠢᠤᠢ ᠵᠦᠩ ᠤᠨ ᠵᠢᠯ ᠤᠨ ᠴᠡᠪᠡᠷ ᠤᠷᠤᠯᠭ᠎ᠠ ᠬᠤᠶᠠᠷ ᠲᠦᠮᠡ ᠶᠢ ᠲᠠᠪᠠᠵᠦ᠂ ᠶᠠᠳᠠᠭᠤ ᠠᠴᠠ ᠪᠠᠨ ᠪᠦᠷᠢᠮᠦᠰᠦᠨ ᠠᠩᠬᠢᠵᠢᠷᠠᠵᠠᠢ᠃ ᠪᠠᠰᠠ ᠲᠡᠬᠦᠨ ᠤ ᠬᠡᠷ ᠤᠨ ᠡᠮᠦᠨᠡᠬᠦᠷ ᠨᠢ ᠱᠦᠢᠨᠢ ᠪᠠᠷ ᠲᠠᠶᠢᠰᠠ ᠪᠠᠷᠢᠨ ᠦᠭᠴᠦ᠂ ᠬᠦᠷᠢᠶ᠎ᠡ ᠬᠠᠰᠢᠶ᠎ᠠ ᠶᠢ ᠨᠢ ᠭᠤᠶᠤᠵᠢᠭᠤᠯᠵᠦ ᠦᠭᠴᠡᠢ᠃ ᠤᠯᠠᠭᠠᠨᠬᠤᠳᠠ ᠶᠢᠨ ᠬᠤᠶᠢᠳᠤ ᠲᠡᠬᠦᠷᠭᠡ ᠶᠢᠨ ᠺᠠᠳ᠋ᠷ ᠴᠠᠬᠳᠠᠭ᠎ᠠ ᠨᠠᠷ ᠪᠠᠢ ᠢᠤᠢ ᠵᠦᠩ ᠢ ᠭᠤᠤᠨᠢ ᠭᠠᠭᠴᠠᠭᠠᠷ ᠪᠤᠬᠢᠨᠢᠳᠦᠵᠦ ᠪᠠᠶᠢᠬᠤ ᠰᠡᠳᠬᠢᠯ ᠢ ᠨᠢ ᠲᠠᠶᠢᠳᠬᠤᠷᠠᠭᠤᠯᠬᠤ ᠶᠢᠨ ᠲᠦᠯᠦᠬᠡ ᠰᠢᠨ᠎ᠠ ᠵᠢᠯ ᠴᠠᠭᠠᠨ ᠰᠠᠷ᠎ᠠ᠂ ᠲᠠᠪᠦᠨ ᠰᠠᠷ᠎ᠠ ᠶᠢᠨ ᠰᠢᠨ᠎ᠠ ᠶᠢᠨ ᠲᠠᠪᠦᠨ ᠵᠡᠷᠭᠡ ᠪᠠᠶᠠᠷ ᠲᠤᠷᠠᠰᠬᠠᠯ ᠤᠨ ᠡᠳᠦᠷ ᠪᠤᠯᠪᠠᠯ ᠪᠤᠳᠠᠭ᠎ᠠ ᠲᠤᠰᠤ ᠬᠦᠷᠭᠡᠵᠦ ᠰᠡᠳᠬᠢᠯ ᠢ ᠨᠢ ᠲᠤᠯᠠᠭᠠᠴᠠᠭᠤᠯᠵᠦ ᠢᠷᠡᠵᠡᠢ᠃       ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠳᠡᠵᠦ᠂ ᠠᠮᠢᠳᠦᠷᠠᠯ ᠨᠢ ᠰᠠᠶᠢᠵᠢᠷᠠᠵᠦ ᠶᠠᠳᠠᠭᠤ ᠠᠴᠠ ᠪᠠᠨ ᠠᠩᠬᠢᠵᠢᠷᠠᠬᠰᠠᠨ ᠪᠠᠢ ᠢᠤᠢ ᠵᠦᠩ ᠤᠳᠤ ᠡᠳᠦᠷ ᠪᠦᠷᠢ ᠪᠠᠶᠠᠷ ᠪᠠᠶᠠᠰᠬᠤᠯᠠᠩ ᠲᠠᠢ ᠠᠮᠢᠳᠦᠷᠠᠬᠤ ᠪᠤᠯᠵᠠᠢ᠃ ᠪᠠᠰᠠ ᠬᠠᠷᠠᠮ ᠦᠬᠡᠢ ᠲᠡᠮᠵᠢᠨ ᠲᠡᠳᠬᠦᠵᠦ ᠪᠠᠶᠢᠭ᠎ᠠ ᠤᠯᠠᠭᠠᠨᠬᠤᠳᠠ ᠶᠢᠨ ᠬᠤᠶᠢᠳᠤ ᠲᠡᠬᠦᠷᠭᠡ ᠶᠢᠨ ᠲᠤᠳᠤᠭᠠᠳᠤ ᠶᠢ ᠬᠠᠮᠠᠭᠠᠯᠠᠬᠤ ᠺᠠᠳ᠋ᠷ ᠴᠠᠬᠳᠠᠭ᠎ᠠ ᠨᠠᠷ ᠲᠠᠭᠠᠨ ᠰᠡᠳᠬᠢᠯ ᠤᠨ ᠬᠦᠨ ᠠᠴᠠ ᠪᠠᠨ ᠲᠠᠯᠠᠷᠬᠠᠬᠤ ᠶᠢᠨ ᠬᠠᠮᠳᠤ ︽ᠪᠢ ᠨᠠᠮ ᠤᠨ ᠲᠦᠷᠦ ᠶᠢᠨ ᠪᠤᠳᠤᠯᠭ᠎ᠠ ᠪᠤᠯᠤᠨ ᠺᠠᠳ᠋ᠷ ᠴᠠᠬᠳᠠᠭ᠎ᠠ ᠨᠠᠷ ᠤᠨ ᠰᠠᠶᠢᠨ ᠢᠶᠠᠷ ᠶᠠᠳᠠᠭᠤ ᠠᠴᠠ ᠪᠠᠨ ᠠᠩᠬᠢᠵᠢᠷᠠᠪᠠ ᠃ ᠨᠠᠮ ᠵᠠᠰᠠᠭ ᠲᠠᠭᠠᠨ ᠴᠢᠩ ᠰᠡᠳᠬᠢᠯ ᠠᠴᠠ ᠪᠠᠨ ᠲᠠᠯᠠᠷᠬᠠᠵᠦ ᠪᠠᠶᠢᠨ᠎ᠠ ᠁︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号