6 ᠰᠠᠷ᠎ᠠ ᠶᠢᠨ 16 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ | ᠡᠳᠡᠭᠡᠳ ᠤᠨ ᠬᠢᠨ ᠤ ᠬᠤᠯᠪᠤᠭᠠᠳᠦ ᠬᠤᠷᠠᠯ ᠠᠴᠠ ᠭᠤᠤᠯᠯᠠᠨ ᠡᠷᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ | ᠤᠬᠠᠭᠤᠯᠬᠤ ᠬᠡᠯᠳᠡᠰ᠂ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠡᠳᠡᠭᠡᠳ ᠤᠨ ᠬᠢᠨ ᠤ ᠬᠤᠯᠪᠤᠭᠠᠳᠦ | ᠬᠤᠷᠠᠯ ᠠᠴᠠ ᠲᠠᠭᠠᠭᠠᠴᠢᠯᠠᠨ ᠡᠷᠬᠢᠯᠡᠭᠰᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ | ᠲᠦᠷᠪᠡᠳᠦᠭᠡᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠬᠤᠶᠠᠳᠤᠭᠠᠷ ᠤᠯᠠᠷᠢᠯ ᠤᠨ | ᠠᠵᠢᠯᠯᠠᠭ᠎ᠠ ᠶᠢᠨ ᠭᠠᠷᠠᠭ︾ ᠤᠨ ᠡᠬᠢᠯᠡᠯᠳᠡ ᠶᠢᠨ ᠶᠤᠰᠤᠯᠠᠯ ᠮᠠᠨ ᠤ ᠠᠶᠢᠮᠠᠭ ᠤᠨ ᠤᠯᠠᠭᠠᠨᠮᠦ᠋ᠴᠢᠷ ᠤᠨ ᠤᠷᠳᠤᠨ ᠤ | ᠠᠭᠤᠳᠠᠮ ᠲᠠᠯᠠᠪᠠᠢ ᠳᠤ ᠠᠮᠵᠢᠯᠳᠠ ᠲᠠᠢ ᠰᠠᠶᠢᠬᠠᠨ ᠶᠠᠪᠤᠭᠳᠠᠯ᠎ᠠ᠃ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ | ᠰᠢᠨᠵᠢᠯᠡᠬᠦ ᠤᠬᠠᠭᠠᠨ ᠤ ᠡᠳᠡᠭᠡᠳ ᠤᠨ ᠬᠢᠨ ᠤ ᠬᠤᠯᠪᠤᠭᠠᠳᠦ ᠬᠤᠷᠠᠯ ᠤᠨ ᠨᠠᠮ ᠤᠨ ᠤᠳᠤᠷᠢᠳᠬᠤ ᠲᠤᠭᠤᠢᠢᠯᠠᠩ ᠤᠨ | ᠱᠦᠵᠢ ᠭᠤᠤ ᠾᠦᠢ ᠭᠤᠸᠠᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠤᠬᠠᠭᠤᠯᠬᠤ ᠬᠡᠯᠳᠡᠰ ᠤᠨ | ᠲᠠᠷᠤᠭ᠎ᠠ ᠬᠦᠭᠡ ᠨᠠᠷ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ | ᠡᠬᠢᠯᠡᠯᠳᠡ ᠶᠢᠨ ᠶᠤᠰᠤᠯᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠳᠡᠰ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠡᠳᠡᠭᠡᠳ ᠤᠨ ᠬᠢᠨ ᠤ | ᠬᠤᠯᠪᠤᠭᠠᠳᠦ ᠬᠤᠷᠠᠯ ᠤᠨ ᠬᠢᠨ ᠮᠠᠨ ᠤ ᠠᠶᠢᠮᠠᠭ ᠤᠨ ᠬᠠᠮᠢᠶ᠎ᠡ ᠪᠦᠬᠦᠢ ᠬᠤᠰᠢᠭᠤ ᠰᠢᠶᠠᠨ ᠬᠤᠳᠠ ᠳᠤ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠠᠷ ᠲᠡᠪᠳᠡᠷ ᠢ 500 ᠬᠤᠪᠢ ᠪᠡᠯᠡᠭᠯᠡᠭᠰᠡᠨ ᠪᠦᠭᠡᠳ ᠠᠶᠢᠮᠠᠭ ᠤᠨ | ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠰᠠᠭᠤᠷᠢᠨ ᠭᠠᠵᠠᠷ᠂ ᠨᠡᠶᠢᠭᠡᠮ ᠤᠨ ᠰᠢᠨᠵᠢᠯᠡᠬᠦ ᠤᠬᠠᠭᠠᠨ ᠤ | ᠲᠦᠷᠦᠯ ᠤᠨ ᠨᠡᠶᠢᠭᠡᠮ ᠤᠨ ᠪᠦᠯᠬᠦᠮ᠂ ᠨᠠᠮ ᠤᠨ ᠰᠤᠷᠭᠠᠭᠤᠯᠢ ᠵᠡᠷᠭᠡ ᠪᠠᠶᠢᠭᠤᠯᠭ᠎ᠠ ᠨᠢᠭᠡᠴᠡ ᠳᠤ ᠨᠡᠶᠢᠭᠡᠮ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠴᠤᠪᠤᠷᠠᠯ ᠪᠢᠴᠢᠭ ᠢ 1000 ᠲᠡᠪᠳᠡᠷ ᠪᠡᠯᠡᠭᠯᠡᠵᠠᠢ᠃ ᠠᠵᠢᠯᠯᠠᠭ᠎ᠠ ᠳᠤ ᠪᠠᠰᠠ | ᠨᠡᠶᠢᠭᠡᠮ ᠤᠨ ᠰᠢᠨᠵᠢᠯᠡᠬᠦ ᠤᠬᠠᠭᠠᠨ ᠢ ᠳᠦᠭᠡᠮᠡᠯᠵᠢᠭᠦᠯᠬᠦ ᠮᠡᠳᠡᠯᠭᠡ ᠶᠢᠨ ᠦᠵᠡᠭᠦᠯᠦᠯᠭᠡ᠂ ᠤᠯᠠᠭᠠᠨᠮᠦ᠋ᠴᠢᠷ ᠤᠨ ᠤᠷᠠᠨ | ᠰᠠᠶᠢᠬᠠᠨ ᠤ ᠳᠤᠭᠯᠠᠯᠳᠠ ᠮᠡᠳᠦ ᠶᠢᠨ ᠡᠯᠪᠡᠭ ᠠᠭᠤᠯᠭ᠎ᠠ ᠲᠠᠢ ᠠᠵᠢᠯᠯᠠᠭ᠎ᠠ ᠳᠤᠬᠢᠷᠠᠭᠤᠯᠵᠦ ᠬᠦᠷᠦᠯᠴᠡᠨ ᠢᠷᠡᠭᠰᠡᠨ | ᠤᠯᠠᠨ ᠳᠦᠮᠡᠨ ᠤ ᠬᠦᠷᠢᠶᠡᠯᠡᠯ ᠢ ᠬᠦᠨ ᠬᠦᠷᠳᠡᠪᠡ᠃ | | ᠲᠤᠰ ᠤᠳᠠᠭᠠᠨ ᠤ ᠠᠵᠢᠯᠯᠠᠭ᠎ᠠ ᠨᠢ ︽ᠬᠦᠰᠡᠯ ᠨᠠᠶᠢᠳᠠᠯᠭ᠎ᠠ ᠶᠢ ᠪᠠᠳᠦ ᠴᠡᠭᠡᠵᠢᠯᠡᠵᠦ ᠠᠷᠠᠳ ᠳᠦᠮᠡᠨ ᠢ | ᠳᠡᠭᠡᠳᠦᠯᠡᠬᠦ︾ ᠪᠠᠷ ᠭᠤᠤᠯ ᠠᠭᠤᠯᠭ᠎ᠠ ᠪᠤᠯᠭᠠᠵᠦ᠂ 6 ᠰᠠᠷ᠎ᠠ ᠶᠢᠨ 15 — 19 ᠤ ᠡᠳᠦᠷ ᠪᠤᠯᠳᠠᠯ᠎ᠠ ᠪᠦᠬᠦ | ᠤᠷᠤᠨ ᠤ ᠬᠡᠪᠴᠢᠶᠡᠨ ᠳᠤ ᠰᠦᠯᠵᠢᠶᠡᠨ ᠲᠡᠭᠡᠷᠡᠬᠢ ᠪᠠ ᠰᠦᠯᠵᠢᠶᠡᠨ ᠤ ᠭᠠᠳᠠᠨᠠᠬᠢ ᠠᠵᠢᠯᠯᠠᠭ᠎ᠠ ᠶᠢ ᠦᠷᠭᠡᠨ ᠢᠶᠠᠷ | ᠦᠷᠨᠢᠬᠦᠯᠬᠦ ᠪᠦᠭᠡᠳ ᠡᠯ᠎ᠠ ᠠᠶᠢᠮᠠᠭ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠡᠳᠡᠭᠡᠳ ᠤᠨ ᠬᠢᠨ ᠤ | ᠬᠤᠯᠪᠤᠭ᠎ᠠ᠂ ᠬᠡᠰᠡᠭ ᠲᠡᠭᠡᠳᠦ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠡᠳᠡᠭᠡᠳ ᠤᠨ ᠬᠢᠨ ᠤ | ᠬᠤᠯᠪᠤᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠰᠠᠭᠤᠷᠢᠨ ᠭᠠᠵᠠᠷ ᠵᠢᠴᠢ ᠬᠠᠮᠢᠶ᠎ᠡ ᠪᠦᠬᠦᠢ | ᠨᠢᠭᠡᠴᠡ ᠡᠯ᠎ᠠ ᠭᠠᠵᠠᠷ ᠤᠷᠤᠨ ᠤ ᠪᠠᠨ ᠪᠤᠳᠠᠳᠦ ᠪᠠᠶᠢᠳᠠᠯ ᠲᠠᠢ ᠤᠶᠠᠯᠳᠤᠭᠤᠯᠤᠨ ᠰᠦᠯᠵᠢᠶᠡᠨ ᠲᠡᠭᠡᠷᠡᠬᠢ ᠪᠠ | ᠰᠦᠯᠵᠢᠶᠡᠨ ᠤ ᠭᠠᠳᠠᠨᠠᠬᠢ ᠠᠵᠢᠯᠯᠠᠭ᠎ᠠ ᠦᠷᠨᠢᠬᠦᠯᠬᠦ ᠪᠤᠯᠤᠨ᠎ᠠ᠃ ᠤᠨᠴᠠᠭᠠᠢᠢᠯᠠᠨ ᠮᠠᠨ ᠤ ᠠᠶᠢᠮᠠᠭ ᠨᠡᠶᠢᠭᠡᠮ ᠤᠨ | ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠤᠯᠠᠨ ᠶᠠᠩᠵᠦ ᠬᠡᠯᠪᠡᠷᠢ ᠶᠢᠨ ᠠᠵᠢᠯᠯᠠᠭ᠎ᠠ ᠲᠤᠬᠢᠷᠠᠭᠤᠯᠵᠦ᠂ ᠰᠢᠯᠢ ᠶᠢᠨ | ᠭᠤᠤᠯ ᠠᠶᠢᠮᠠᠭ ᠡᠯ᠎ᠠ ᠲᠦᠷᠦᠯ ᠤᠨ ᠠᠵᠢᠯᠯᠠᠭ᠎ᠠ ᠶᠢ 59 ᠲᠠᠯᠠᠪᠤᠷ ᠶᠠᠪᠤᠭᠳᠠᠭᠤᠯᠬᠤ ᠪᠠᠷ ᠲᠦᠯᠦᠪᠯᠡᠵᠦ ᠪᠠᠶᠢᠬᠤ | ᠪᠦᠭᠡᠳ ᠤᠷᠳᠤᠰ ᠬᠤᠳᠠ ᠦᠨᠳᠦᠷ ᠬᠢᠷᠢ ᠲᠦᠪᠰᠢᠨ ᠲᠠᠢ ᠤᠯᠠᠨ ᠲᠠᠯᠠᠪᠤᠷ ᠠᠵᠢᠯᠯᠠᠭ᠎ᠠ ᠦᠷᠨᠢᠬᠦᠯᠵᠦ᠂ ᠦᠪᠦᠷ | ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠦᠨᠳᠦᠰᠦᠨ ᠱᠠᠳᠤᠨ ᠤ ᠭᠠᠴᠠᠭ᠎ᠠ ᠲᠤᠰᠬᠤᠨ ᠢᠶᠠᠷ | ᠬᠦᠨᠵᠡᠭᠡᠶᠢᠷᠡᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠠᠵᠢᠯᠯᠠᠭ᠎ᠠ ᠦᠷᠨᠢᠬᠦᠯᠬᠦ ᠪᠤᠯᠤᠨ᠎ᠠ᠃ | ᠬᠡᠭᠦ ᠳᠡᠭᠡᠨ ︽ᠠᠷᠠᠳ ᠳᠦᠮᠡᠨ ᠢ ᠳᠡᠭᠡᠳᠦᠯᠡᠬᠦ︾ ᠦᠵᠡᠯ ᠰᠠᠨᠠᠭ᠎ᠠ ᠶᠢ ᠲᠠᠶᠢᠯᠪᠤᠷᠢᠯᠠᠬᠤ᠂ ︽ᠮᠤᠩᠭᠤᠯ ᠮᠤᠷᠢᠨ ᠤ | ᠵᠤᠷᠢᠭ ᠰᠠᠨᠠᠭ᠎ᠠ︾ ᠶᠢ ᠪᠠᠳᠠᠷᠠᠭᠤᠯᠬᠤ᠂ ᠭᠤᠷᠪᠠᠨ ᠶᠡᠭᠡ ᠪᠤᠭᠤᠮᠳᠠ ᠰᠢᠪᠳᠤᠯᠤᠯᠳᠠ ᠶᠢᠨ ᠳᠠᠶᠢᠯᠠᠯᠳᠤᠭᠠᠨ ᠢ ᠰᠠᠶᠢᠳᠦᠷ | ᠬᠢᠬᠦ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠬᠢᠵᠦ ︽ᠵᠢᠷᠭᠤᠭ᠎ᠠ ᠶᠢ ᠪᠠᠳᠤᠯᠠᠬᠤ︾ | ᠡᠭᠦᠷᠭᠡ ᠶᠢ ᠨᠠᠶᠢᠳᠠᠪᠤᠷᠢᠵᠢᠭᠤᠯᠬᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ᠂ ᠡᠬᠡ ᠤᠯᠤᠰ ᠤᠨ | ᠤᠮᠠᠷᠠᠳᠦ ᠶᠢᠨ ᠨᠤᠮᠢᠨ ᠨᠤᠭᠤᠭᠠᠨ ᠤᠷᠳᠦ ᠴᠠᠭᠠᠨ ᠬᠡᠷᠡᠮ ᠢ ᠴᠤᠬᠴᠠᠯᠠᠬᠤ ᠪᠠᠷ ᠭᠤᠤᠯ ᠰᠡᠳᠦᠪ ᠪᠤᠯᠭᠠᠵᠦ ᠨᠡᠶᠢᠳᠡ | ᠬᠤᠶᠠᠷ ᠵᠠᠭᠤ ᠭᠠᠷᠤᠢ ᠲᠠᠯᠠᠪᠤᠷ ᠠᠵᠢᠯᠯᠠᠭ᠎ᠠ ᠦᠷᠨᠢᠭᠦᠯᠬᠦ ᠪᠠᠷ ᠪᠠᠶᠢᠨ᠎ᠠ᠃ | ᠳᠤᠰ ᠤᠳᠠᠭᠠᠨ ᠤ ᠠᠵᠢᠯᠯᠠᠭ᠎ᠠ ᠨᠢ ᠶᠡᠷᠦᠩᠭᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠦᠪᠦᠷ ᠮᠤᠩᠭᠤᠯ ᠤᠨ ᠳᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ | ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠰᠤᠷᠤᠯᠴᠠᠨ ᠳᠤᠭᠤᠰᠢᠯᠠᠭᠤᠯᠵᠦ᠂ ︽ | ᠠᠷᠠᠳ ᠳᠦᠮᠡᠨ ᠡᠷᠬᠢᠮ ᠳᠡᠭᠡᠳᠦ︾ ᠦᠵᠡᠯ ᠰᠠᠨᠠᠭ᠎ᠠ ᠶᠢ ᠪᠤᠳᠠᠳᠦ ᠦᠢᠯᠠ ᠠᠵᠢᠯᠯᠠᠭ᠎ᠠ ᠪᠠᠷ ᠢᠶᠠᠨ | ᠦᠢᠯᠡᠳᠦᠯᠬᠡᠵᠢᠬᠦᠯᠵᠦ᠂ ᠰᠢᠨ᠎ᠠ ᠴᠠᠭ ᠦᠶ᠎ᠠ ᠶᠢᠨ ᠨᠡᠶᠢᠭᠡᠮ ᠵᠢᠷᠦᠮ ᠤᠨ ᠤᠳᠤᠬᠢᠴᠢᠯᠠᠭᠰᠠᠨ ᠤᠯᠤᠰ ᠢ ᠪᠦᠬᠦ | ᠳᠠᠯ᠎ᠠ ᠪᠠᠷ ᠪᠦᠳᠦᠭᠡᠨ ᠪᠠᠶᠢᠭᠤᠯᠬᠤ ᠠᠶᠠᠨ ᠳᠤ ᠦᠪᠦᠷ ᠮᠤᠩᠭᠤᠯ ᠤᠨ ᠰᠢᠨ᠎ᠠ ᠬᠦᠭᠵᠢᠯᠳᠡ ᠶᠢᠨ ᠬᠠᠭᠤᠳᠠᠰᠦ ᠶᠢ | ᠪᠢᠴᠢᠭᠯᠡᠬᠦ ᠶᠢᠨ ᠲᠦᠯᠦᠭᠡ ᠶᠠᠪᠤᠭᠳᠠᠭᠤᠯᠤᠭᠰᠠᠨ ᠪᠠᠶᠢᠳᠠᠭ᠃ |