ᠯᠢᠦ ᠴᠢ ᠹᠠᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠷᠠᠳ ᠲᠦᠮᠡᠨ ᠤ ᠲᠤᠮᠳᠠ ᠪᠠᠳᠦ ᠦᠨᠳᠦᠰᠤᠯᠡᠬᠦ ᠤᠯᠤᠰ ᠲᠥᠷᠥ ᠶᠢᠨ ᠤᠬᠠᠮᠰᠠᠷ ᠢᠶᠠᠷ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠰᠢᠢᠳᠪᠤᠷᠢᠯᠡᠬᠦ ᠲᠠᠯ᠎ᠠ ᠪᠠᠷ ᠬᠢ ᠪᠤᠭᠤᠮᠳᠠ ᠰᠢᠪᠳᠤᠯᠤᠯᠳᠠ ᠶᠢ ᠲᠦᠯᠬᠢᠨ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2020-06-17
      6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠫᠠᠨ ᠶᠦᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠵᠤ ᠪᠠᠶᠢᠴᠠᠭᠠᠬᠤ ᠨᠢᠭᠡᠳᠦᠭᠡᠷ ᠲᠠᠰᠤᠭ ᠤᠨ ᠡᠷᠬᠢᠯᠡᠭᠴᠢ ᠯᠢ ᠪᠢᠩ ᠨᠡᠷ ᠮᠠᠨ ᠤ ᠠᠶᠢᠮᠠᠭ ᠲᠤ ᠢᠷᠡᠵᠦ᠂ ᠤᠯᠠᠭᠠᠨᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠭᠤᠤᠯᠳᠠᠯᠭ᠎ᠠ ᠲᠠᠢ ᠰᠢᠢᠳᠪᠤᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠰᠦᠯᠵᠢᠶᠡᠨ ᠲᠡᠭᠡᠷᠡᠭᠢ ᠱᠠᠯᠠᠪᠳᠠᠭᠤᠯᠤᠨ ᠬᠦᠢᠴᠡᠳᠭᠡᠬᠦ ᠰᠢᠰᠲ᠋ᠧᠮ ᠢ ᠪᠠᠶᠢᠴᠠᠭᠠᠨ ᠦᠵᠡᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠢᠶᠠᠷ ᠪᠤᠳᠠᠳᠠᠢ ᠬᠦᠨᠵᠡᠭᠡᠶᠢᠷᠡᠨ᠂ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠤᠨ︾ ᠤ ᠠᠵᠢᠯ ᠢ ᠬᠢᠨᠠᠨ ᠵᠢᠯᠣᠭᠤᠳᠴᠤ᠂ ᠦᠨᠳᠦᠰᠦᠨ ᠱᠠᠲᠤᠨ ᠤ ︽ᠪᠢᠴᠢᠯ ᠢᠯᠵᠠᠷᠠᠯ︾ ᠢ ᠴᠡᠪᠡᠷᠯᠡᠨ ᠠᠷᠢᠯᠭᠠᠬᠤ ᠠᠵᠢᠯᠯᠠᠭ᠎ᠠ ᠶᠢ ᠶᠡᠭᠡ ᠪᠠᠷ ᠲᠦᠯᠬᠢᠨ ᠠᠬᠢᠭᠤᠯᠪᠠ᠃       ᠯᠢᠦ ᠴᠢ ᠹᠠᠨ ᠵᠢᠭᠠᠵᠤ ᠭᠠᠷᠭᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠰᠢᠢᠳᠪᠤᠷᠢᠯᠡᠬᠦ ᠨᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠣᠶᠢᠯᠡᠳᠦᠯᠭᠡᠵᠢᠭᠦᠯᠵᠦ ᠪᠠᠶᠢᠭ᠎ᠠ ᠪᠣᠳᠠᠲᠠᠶ ᠠᠵᠢᠯᠯᠠᠭ᠎ᠠ ᠪᠤᠯᠬᠤ ᠶᠤᠮ᠃ ᠵᠦᠷᠢᠴᠠᠯ ᠢ ᠰᠢᠢᠳᠪᠤᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠠᠭᠠᠰᠬᠠᠬᠤ ᠲᠡᠭᠡᠷ᠎ᠠ ᠬᠦᠴᠦ ᠲᠠᠯᠪᠢᠵᠦ᠂ ᠵᠠᠬᠢᠳᠠᠯ ᠰᠤᠷᠪᠤᠯᠵᠢᠯᠠᠭ᠎ᠠ ᠶᠢᠨ ᠭᠤᠣᠯᠳᠠᠯᠭ᠎ᠠ ᠲᠠᠢ ᠵᠦᠢᠯᠡᠰ ᠢ ᠡᠶᠡᠳᠡᠭᠦᠯᠦᠨ ᠰᠢᠢᠳᠪᠦᠷᠢᠯᠡᠬᠦ ᠶᠢ ᠦᠨᠡᠨ ᠬᠦ ᠴᠢᠬᠤᠯᠠᠴᠢᠯᠠᠨ᠂ ᠪᠣᠳᠠᠲᠠᠶ ᠠᠷᠭ᠎ᠠ ᠶᠢ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ ᠭᠠᠷᠭᠠᠵᠤ᠂ ᠣᠯᠠᠨ ᠲᠦᠮᠡᠨ ᠤ ᠲᠤᠰᠬᠠᠯ ᠶᠡᠬᠡᠲᠡᠶ ᠨᠢᠭᠡ ᠪᠦᠯᠦᠭ ᠳᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ᠃ ᠴᠡᠭ ᠢᠶᠠᠷ ᠨᠡᠶᠢᠳᠡᠮ ᠢ ᠲᠠᠶᠢᠴᠢᠯᠠᠵᠤ᠂ ᠴᠡᠭ ᠪᠠ ᠨᠡᠶᠢᠳᠡᠮ ᠢ ᠤᠶᠠᠯᠳᠤᠭᠤᠯᠤᠨ᠂ ᠨᠢᠭᠡ ᠠᠴᠠ ᠵᠦᠢᠴᠢᠯᠡᠵᠦ ᠨᠦᠬᠦᠬᠡ ᠶᠢ ᠮᠡᠳᠡᠵᠦ᠂ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠢ᠃ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠳᠠᠩᠰᠠᠯᠠᠬᠤ ᠪᠠ ᠦᠨᠡᠮᠯᠡᠯ ᠭᠦᠢᠴᠡᠳᠬᠡᠬᠦ ᠵᠡᠷᠭᠡ ᠠᠰᠠᠭᠤᠳᠠᠯ ᠲᠠᠢ ᠤᠶᠠᠯᠳᠤᠭᠤᠯᠵᠦ᠂ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠳᠤᠯᠵᠤ᠂ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯ ᠤᠨ ᠠᠯᠬᠤᠮ ᠢ ᠬᠢᠯᠪᠠᠷᠴᠢᠯᠠᠵᠦ᠂ ᠭᠠᠷ ᠭᠦᠢᠴᠡᠳᠬᠡᠯ ᠢ ᠲᠣᠭᠲᠠᠭᠠᠯ ᠶᠣᠰᠣᠭᠠᠷ ᠨᠥᠬᠦᠪᠥᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠪᠤᠢ ᠪᠦᠬᠦᠢ ᠵᠥᠷᠢᠴᠡᠯ ᠢ ᠲᠦᠢᠯᠪᠤᠷᠢᠲᠠᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ︔ ᠳᠦᠷᠢᠮ ᠨᠢ ᠲᠡᠭᠦᠯᠳᠡᠷ ᠪᠢᠰᠢ᠂ ᠶᠠᠪᠤᠴᠠ ᠨᠢ ᠰᠢᠨᠵᠢᠯᠡᠬᠦ ᠤᠬᠠᠭᠠᠨᠴᠢ ᠪᠢᠰᠢ᠂ ᠠᠵᠢᠯ ᠨᠢ ᠪᠣᠳᠠᠲᠠᠶ ᠪᠢᠰᠢ᠂ ᠰᠤᠷᠲᠠᠯ ᠨᠢ ᠯᠠᠪᠳᠠᠭᠤᠨ ᠪᠢᠰᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠡᠷᠭᠢᠴᠡᠭᠦᠯᠦᠨ᠂ ᠰᠤᠷᠪᠤᠯᠵᠢᠯᠠᠭ᠎ᠠ ᠪᠠᠷ ᠥᠭᠡᠷᠡᠴᠢᠯᠡᠯᠲᠡ ᠶᠢ ᠠᠬᠢᠭᠤᠯᠵᠦ ᠂ ᠳᠤᠲᠠᠭᠤᠳᠠᠯ ᠢᠶᠠᠨ ᠨᠦᠬᠦᠪᠦᠷᠢᠯᠡᠨ᠎ᠠ︔ ᠨᠢᠭᠡᠨᠲᠡ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠭᠦᠨᠵᠡᠭᠡᠶ ᠳ᠋ᠦᠩᠨᠡᠨ ᠵᠠᠳᠠᠯᠵᠤ᠂ ᠵᠥᠷᠢᠴᠡᠯ ᠢ ᠰᠢᠢᠳᠪᠤᠷᠢᠯᠡᠬᠦ ᠤᠳᠤᠬᠠᠨ ᠤ ᠪᠠᠶᠢᠳᠠᠯ ᠳᠤ ᠪᠠᠨ ᠰᠠᠭᠤᠷᠢᠯᠠᠨ᠂ ᠠᠯᠤᠰ ᠬᠡᠳᠦ ᠶᠢ ᠪᠣᠳᠣᠯᠬᠢᠯᠠᠨ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠣᠨᠴᠠᠭᠠᠢ ᠬᠡᠷᠡᠭ ᠢ ᠰᠢᠢᠳᠪᠦᠷᠢᠯᠡᠬᠦ ᠪᠠᠷ ᠲᠡᠮᠵᠢᠭᠤᠯᠵᠦ ᠠᠳᠠᠯᠢᠬᠠᠨ ᠲᠦᠷᠦᠯ ᠤᠨ ᠬᠡᠷᠡᠭ ᠢ ᠰᠢᠢᠳᠪᠦᠷᠢᠯᠡᠬᠦ ᠶᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠳᠠᠯᠢ ᠲᠦᠷᠦᠯ ᠤᠨ ᠠᠰᠠᠭᠤᠳᠠᠯ ᠲᠠᠬᠢᠨ ᠢᠯᠡᠷᠡᠬᠦ ᠶᠢ ᠰᠡᠷᠭᠡᠶᠢᠯᠡᠬᠦ ᠬᠡᠷᠡᠭᠳᠠᠢ ᠬᠡᠪᠡ᠃       ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠤᠬᠴᠢ ᠮᠠ ᠬᠤᠸᠠᠨ ᠯᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠯᠢ ᠬᠤᠸᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号