ᠪᠡᠯᠡᠳᠭᠡᠯ ᠲᠠᠢ ᠪᠤᠯ ᠪᠠᠯᠢᠳᠠᠬᠤ ᠦᠭᠡᠢ ᠣᠯᠠᠭᠠᠨᠬᠤᠲᠠ ᠬᠤᠶᠠᠳᠣᠭᠠᠷ ᠳᠣᠮᠳᠠᠳᠣ ᠰᠣᠷᠭᠠᠭᠤᠯᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠰᠣᠷᠢᠯᠲᠠ ᠬᠢᠪᠡ | ᠪᠦᠬᠦ ᠰᠤᠷᠭᠠᠭᠤᠯᠢ ᠵᠢᠨ ᠠᠮᠦᠷ ᠲᠦᠪᠰᠢᠨ ᠡᠮᠬᠢ ᠲᠢᠭᠯᠢᠮ ᠲᠠᠢ ᠵᠢᠭᠠᠨ ᠰᠣᠷᠭᠠᠯᠲᠠ ᠵᠢ ᠪᠠᠲᠣᠯᠠᠵᠣ᠂ | ᠰᠣᠷᠭᠠᠭᠤᠯᠢ ᠡᠬᠢᠯᠡᠬᠦ ᠡᠴᠠ ᠡᠮᠦᠨ᠎ᠡ᠂ ᠰᠣᠷᠭᠠᠭᠤᠯᠢ ᠡᠬᠢᠯᠡᠬᠦ ᠦᠶ᠎ᠡ᠂ ᠰᠣᠷᠭᠠᠭᠤᠯᠢ ᠡᠬᠢᠯᠡᠭᠰᠡᠨ ᠤ ᠳᠠᠷᠠᠭᠠᠬᠢ ᠰᠢᠨ᠎ᠡ | ᠲᠢᠲᠢᠮᠯᠢᠭ ᠠᠭᠤᠰᠭᠢᠨ ᠦᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ | ᠬᠢᠬᠦ ᠵᠢᠨ ᠲᠦᠯᠣᠭᠡ᠂ ᠠᠶᠢᠮᠠᠭ ᠤᠨ ᠰᠣᠷᠭᠠᠨ ᠬᠦᠮᠦᠵᠢᠯ ᠤᠨ ᠲᠣᠪᠴᠢᠶᠠᠨ ᠤ ︽2020 ᠣᠨ ᠤ ᠪᠦᠭᠦ | ᠠᠶᠢᠮᠠᠭ ᠤᠨ ᠰᠣᠷᠭᠠᠭᠤᠯᠢ ᠡᠬᠢᠯᠡᠬᠦ ᠡᠴᠠ ᠡᠮᠦᠨᠡᠬᠢ ᠰᠣᠷᠭᠠᠭᠤᠯᠢ ᠵᠢᠨ ᠬᠦᠷᠢᠶᠡᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠰᠣᠷᠢᠯᠲᠠ ᠦᠷᠨᠢᠭᠦᠯᠬᠦ ᠲᠣᠬᠠᠢ ᠮᠡᠳᠡᠭᠳᠡᠯ︾ ᠤᠨ ᠱᠠᠭᠠᠷᠳᠠᠯᠭ᠎ᠠ ᠵᠢ ᠤᠢᠨᠳᠦᠰᠦᠯᠡᠨ᠂ | ᠤᠢᠢᠷ᠎ᠠ ᠵᠢᠨ ᠡᠳᠦᠷ ᠂ ᠤᠯᠠᠭᠠᠨᠬᠤᠳᠠ ᠬᠤᠶᠠᠳᠣᠭᠠᠷ ᠳᠣᠮᠳᠠᠳᠣ ᠰᠣᠷᠭᠠᠭᠤᠯᠢ ᠬᠢᠵᠢᠭ ᠤᠨ ᠪᠠᠶᠢᠳᠠᠯ ᠢ ᠰᠡᠷᠭᠡᠶᠢᠯᠡᠬᠦ | ᠲᠤᠬᠠᠢ ᠰᠤᠷᠢᠯᠳᠠ ᠬᠢᠪᠠ᠃ | ᠣᠨᠴᠠᠭᠠᠢ ᠪᠠᠶᠢᠳᠠᠯ ᠳᠣᠣᠷ᠎ᠠ᠂ ᠰᠣᠷᠭᠠᠭᠤᠯᠢ ᠡᠬᠢᠯᠡᠬᠦ ᠡᠯ᠎ᠡ ᠲᠠᠯ᠎ᠠ ᠵᠢᠨ ᠠᠵᠢᠯ ᠢ ᠨᠠᠷᠢᠨ ᠬᠢᠨᠠᠮᠠᠭᠠᠢ | ᠪᠣᠲᠠᠲᠠᠶᠢᠵᠢᠭᠤᠯᠬᠤ ᠵᠢᠨ ᠲᠦᠯᠣᠭᠡ ᠲᠤᠰ ᠰᠣᠷᠭᠠᠭᠤᠯᠢ ︽ᠤᠯᠠᠭᠠᠨᠬᠤᠳᠠ ᠬᠤᠶᠠᠳᠣᠭᠠᠷ ᠳᠣᠮᠳᠠᠳᠣ | ᠰᠣᠷᠭᠠᠭᠤᠯᠢ ᠵᠢᠨ ᠰᠣᠷᠭᠠᠭᠤᠯᠢ ᠡᠬᠢᠯᠡᠬᠦ ᠡᠴᠠ ᠡᠮᠦᠨ᠎ᠡ ᠬᠤᠶᠢᠨᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠣᠯ︾ ᠢ ᠲᠣᠰᠬᠠᠶᠢᠯᠠᠨ ᠰᠣᠳᠣᠯᠦᠨ ᠲᠣᠭᠲᠠᠭᠠᠵᠤ᠂ | ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠣᠳᠣᠷᠢᠳᠬᠤ | ᠳᠣᠭᠤᠶᠢᠯᠠᠩ ᠪᠠᠶᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠰᠬᠠᠢ ᠠᠵᠢᠯ ᠤᠨ ᠳᠣᠭᠤᠶᠢᠯᠠᠩ ᠢ 4 | ᠪᠠᠶᠢᠭᠤᠯᠵᠦ᠂ ᠡᠭᠦᠷᠭᠡ ᠬᠠᠷᠢᠭᠤᠴᠠᠯᠭ᠎ᠠ ᠵᠢ ᠲᠣᠳᠣᠷᠬᠠᠶᠢᠯᠠᠵᠦ᠂ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠵᠠᠢ᠃ | | ᠶᠠᠭᠤᠨ ᠤ ᠡᠮᠤᠨ᠎ᠠ᠂ ᠰᠣᠷᠢᠯᠲᠠ ᠳᠤ ᠣᠷᠣᠯᠴᠠᠭᠰᠠᠨ ᠪᠦᠬᠦ ᠪᠠᠭᠰᠢ ᠰᠣᠷᠣᠭᠴᠢ ᠰᠣᠷᠭᠠᠭᠤᠯᠢ ᠳᠠᠭᠠᠨ ᠬᠦᠷᠴᠦ | ᠪᠡᠶ᠎ᠡ ᠵᠢᠨ ᠬᠠᠯᠠᠭᠤᠨ ᠵᠶᠠᠨ ᠬᠡᠮᠵᠢᠬᠦᠯᠵᠦ᠂ ᠨᠡᠷ᠎ᠡ ᠪᠠᠨ ᠲᠡᠮᠲᠡᠭᠯᠡᠭᠦᠯᠦᠨ᠂ ᠰᠣᠷᠢᠯᠲᠠ ᠵᠢ ᠡᠬᠢᠯᠡᠭᠦᠯᠬᠦ ᠳᠤ ᠪᠡᠯᠡᠳᠭᠡᠯ | ᠨᠦᠬᠦᠴᠡᠯ ᠬᠠᠩᠭᠠᠪᠠ᠃ ᠮᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠵᠢᠨ ᠦᠨᠳᠦᠷ ᠪᠦᠲᠦᠮᠵᠢ ᠵᠢ ᠪᠠᠳᠤᠯᠠᠬᠤ ᠵᠢᠨ ᠲᠦᠯᠤᠭᠡ ᠪᠣᠯᠪᠠᠰᠣᠷᠠᠯ ᠳᠤ ᠣᠷᠣᠯᠴᠠᠭᠰᠡᠳ ᠮᠣᠷᠠᠯ | ᠬᠦᠮᠦᠵᠢᠯ ᠤᠨ ᠲᠠᠰᠤᠭ ᠤᠨ ᠡᠷᠬᠢᠯᠡᠭᠴᠢ ᠪᠠᠭᠰᠢ ᠲᠦᠰᠦᠯ ᠵᠶᠠᠷ ᠦᠨᠳᠦᠰᠦᠯᠡᠯ ᠪᠤᠯᠭᠠᠬᠤ᠂ ᠬᠠᠮᠵᠢᠯᠴᠠᠭ᠎ᠠ ᠪᠠᠨ | ᠨᠢᠡᠡᠲᠠᠷᠠᠭᠤᠯᠬᠤ᠂ ᠠᠵᠢᠯᠯᠠᠭ᠎ᠠ ᠪᠠᠨ ᠲᠦᠷᠢᠮᠵᠢᠭᠦᠯᠭᠦ᠂ ᠭᠡᠨᠡᠳᠲᠡ ᠵᠢᠨ ᠬᠡᠷᠡᠭ ᠢ ᠪᠦᠲᠦᠮᠵᠢᠲᠠᠢ ᠰᠢᠢᠳᠪᠦᠷᠢᠯᠡᠬᠦ | ᠲᠤᠬᠠᠢ ᠨᠠᠷᠢᠯᠢᠭ ᠲᠠᠶᠢᠯᠪᠦᠷᠢᠯᠠᠪᠠ᠃ | ᠪᠠᠭᠰᠢ ᠰᠣᠷᠣᠭᠴᠢ ᠬᠡᠳᠤᠨ ᠵᠠᠮ ᠵᠶᠠᠷ ᠰᠣᠷᠭᠠᠭᠤᠯᠢ ᠵᠢᠨ ᠬᠦᠷᠢᠶᠡᠨ ᠳᠡᠭᠡᠨ ᠣᠷᠣᠵᠦ᠂ ᠨᠢᠭᠡ ᠮᠧᠲᠷ ᠬᠤᠯᠠ | ᠵᠠᠢ ᠭᠠᠷᠭᠠᠨ ᠡᠮᠬᠢ ᠳᠠᠷᠠᠭᠠᠯᠠᠯ ᠲᠠᠢ ᠮᠦᠷᠯᠡᠨ ᠵᠣᠭᠰᠣᠵᠤ᠂ ᠡᠷᠡᠭᠦᠯ ᠮᠡᠨᠳᠦ ᠵᠢᠨ ᠺᠠᠷᠲ ᠵᠶᠠᠨ ᠪᠠᠶᠢᠴᠠᠭᠠᠯᠭᠠᠨ᠂ | ᠪᠡᠶ᠎ᠡ ᠵᠢᠨ ᠬᠠᠯᠠᠭᠤᠨ ᠵᠶᠠᠨ ᠬᠡᠮᠵᠢᠭᠦᠯᠵᠠᠢ᠃ ᠰᠣᠷᠣᠭᠴᠢᠳ ᠪᠦᠯᠦᠭ ᠬᠤᠪᠢᠶᠠᠨ᠂ ᠠᠮᠦᠷ ᠲᠦᠪᠰᠢᠨ ᠤ ᠵᠠᠢ ᠵᠢ | ᠪᠠᠲᠦᠯᠠᠨ᠂ ᠵᠢᠭᠠᠨ ᠰᠣᠷᠭᠠᠬᠤ ᠠᠰᠠᠷ ᠲᠤ ᠪᠠᠨ ᠡᠮᠬᠢ ᠳᠠᠷᠠᠭᠠᠯᠠᠯ ᠲᠠᠢ ᠤᠷᠤᠵᠦ᠂ ᠳᠠᠬᠢᠨ ᠪᠡᠶ᠎ᠡ ᠵᠢᠨ | ᠬᠠᠯᠠᠭᠤᠨ ᠵᠶᠠᠨ ᠬᠡᠮᠵᠢᠭᠦᠯᠦᠭᠰᠡᠨ ᠤ ᠳᠠᠷᠠᠭ᠎ᠠ ᠠᠩᠭᠢ ᠵᠢᠨ ᠭᠡᠷ ᠲᠤ ᠪᠠᠨ ᠤᠷᠤᠵᠦ᠂ ᠲᠣᠭᠲᠠᠭᠰᠡᠨ ᠵᠠᠢ ᠪᠠᠷ | ᠠᠯᠣᠰᠯᠠᠨ ᠰᠠᠭᠤᠵᠣ ᠬᠢᠴᠢᠶᠡᠯ ᠵᠶᠠᠨ ᠡᠬᠢᠯᠡᠭᠦᠯᠪᠡ᠃ ᠬᠢᠴᠢᠶᠡᠯ ᠤᠨ ᠵᠠᠪᠰᠠᠷ ᠲᠤ᠂ ᠪᠠᠭᠰᠢ ᠡᠴᠠ ᠰᠣᠷᠣᠭᠴᠢᠳ ᠢ | ᠰᠠᠶᠢᠳᠣᠷ ᠬᠠᠷᠠᠵᠦ ᠲᠡᠳᠡᠨ ᠤ ᠪᠦᠭᠡᠮᠨᠡᠷᠡᠯᠳᠦᠬᠦ ᠵᠢ ᠬᠢᠴᠢᠶᠡᠯᠭᠡᠵᠦ᠂ ᠲᠠᠮᠢᠷ ᠤᠨ ᠲᠠᠯᠠᠪᠦᠷ ᠲᠤ ᠲᠠᠮᠢᠷ ᠬᠢᠬᠦ ᠳᠤ ᠪᠠᠨ | ᠴᠤ ᠲᠤᠬᠳᠠᠬᠰᠠᠨ ᠵᠠᠢ ᠲᠠᠢ ᠪᠠᠶᠢᠬᠤ ᠵᠢ ᠰᠠᠨᠠᠭᠤᠯᠪᠠ᠃ ᠲᠦᠷᠪᠡᠳᠣᠭᠡᠷ ᠬᠢᠴᠢᠶᠡᠯ ᠪᠠ ᠣᠷᠥᠢ ᠵᠢᠨ ᠳᠠᠪᠲᠠᠯᠭ᠎ᠠ | ᠪᠠᠭᠤᠭᠰᠠᠨ ᠤ ᠳᠠᠷᠠᠭ᠎ᠠ᠂ ᠠᠷᠢᠭᠤᠳᠬᠠᠬᠤ ᠳ᠋ᠧᠩ ᠵᠶᠠᠷ ᠠᠩᠭᠢ ᠵᠢᠨ ᠭᠡᠷ ᠵᠶᠠᠨ ᠠᠷᠢᠭᠤᠳᠬᠠᠨ᠎ᠠ᠃ | | ᠬᠢᠴᠢᠶᠡᠯᠯᠡᠵᠦ ᠪᠠᠶᠢᠭ᠎ᠠ ᠬᠤᠭᠤᠴᠠᠭᠠᠨ ᠳᠤ᠂ ᠪᠡᠶ᠎ᠡ ᠵᠢᠨ ᠬᠠᠯᠠᠭᠤᠨ ᠨᠢ 37.3 ᠭᠷᠠᠳᠦ᠋ᠰ ᠡᠴᠠ ᠬᠡᠲᠣᠷᠡᠭᠰᠡᠨ | ᠡᠰᠡᠭᠦᠯ᠎ᠡ ᠬᠡᠪ ᠤᠨ ᠪᠣᠰᠣ ᠪᠠᠶᠢᠳᠠᠯ ᠲᠠᠢ ᠰᠣᠷᠣᠭᠴᠢ ᠢᠯᠡᠷᠡᠪᠡᠯ ᠠᠩᠭᠢ ᠵᠢᠨ ᠪᠠᠭᠰᠢ ᠡᠴᠠ ᠲᠠᠷᠦ᠋ᠢᠬᠠᠨ | ᠡᠮᠴᠢᠯᠡᠬᠡᠨ ᠤ ᠲᠠᠰᠤᠭ ᠲᠠᠢ ᠬᠠᠷᠢᠴᠠᠨ᠂ ᠰᠣᠷᠣᠭᠴᠢ ᠪᠠᠨ ᠲᠤᠰᠠᠭᠠᠷᠯᠠᠭᠤᠯᠤᠨ ᠪᠠᠶᠢᠴᠠᠭᠠᠵᠦ᠂ ᠪᠦᠬᠦ ᠠᠩᠭᠢ ᠪᠠᠨ | ᠪᠢᠲᠡᠭᠦᠮᠵᠢᠯᠡᠨ᠎ᠠ᠃ ᠬᠡᠷᠪᠡ ᠬᠠᠭᠠᠰ ᠴᠠᠭ ᠤᠨ ᠳᠠᠷᠠᠭ᠎ᠠ᠂ ᠪᠠᠶᠢᠴᠠᠭᠠᠯᠲᠠ ᠬᠢᠭᠡᠳ ᠠᠰᠠᠭᠤᠳᠠᠯ ᠦᠭᠡᠢ ᠪᠣᠯ ᠲᠣᠰ | ᠰᠣᠷᠣᠭᠴᠢ ᠵᠢ ᠠᠩᠭᠢ ᠳᠤ ᠨᠢ ᠬᠠᠷᠢᠭᠤᠯᠣᠨ᠎ᠠ᠂ ᠬᠠᠷᠢᠨ ᠡᠪᠡᠳᠴᠢᠨ ᠤ ᠪᠠᠶᠢᠳᠠᠯ ᠦᠷᠭᠦᠯᠵᠢᠯᠡᠨ ᠢᠯᠡᠷᠡᠪᠡᠯ᠂ | ᠰᠣᠷᠭᠠᠭᠤᠯᠢ ᠡᠴᠠ ᠮᠦᠨ ᠦᠷᠭᠦᠯᠵᠢᠯᠡᠨ ᠪᠠᠴᠢᠮ ᠪᠠᠶᠢᠳᠠᠯ ᠢ ᠠᠷᠭᠠᠴᠠᠭᠠᠬᠤ ᠶᠠᠪᠣᠴᠠ ᠪᠠᠷ ᠠᠵᠢᠯᠯᠠᠬᠤ ᠵᠢᠨ ᠲᠠᠭᠠᠤ | ᠭᠡᠷ ᠤᠨ ᠠᠬᠠᠮᠡᠳ ᠲᠠᠢ ᠨᠢ ᠨᠢᠭᠲᠠ ᠬᠠᠷᠢᠴᠠᠨ᠎ᠠ᠃ ᠰᠣᠷᠣᠭᠴᠢᠳ ᠪᠠᠰᠠ ᠡᠮᠬᠢ ᠳᠠᠷᠠᠭ᠎ᠠ ᠲᠠᠢ ᠪᠠᠷ ᠬᠤᠭᠤᠯᠠᠨ | ᠭᠡᠷ ᠲᠤ ᠣᠷᠣᠵᠦ᠂ ᠬᠤᠭᠤᠯᠠᠨ ᠭᠡᠷ ᠤᠨ ᠠᠵᠢᠯᠲᠠᠨ ᠤ ᠵᠢᠯᠣᠭᠤᠳᠣᠯᠭ᠎ᠠ ᠳᠣᠣᠷ᠎ᠠ ᠭᠠᠷ ᠵᠶᠠᠨ ᠣᠬᠢᠶᠠᠨ | ᠠᠷᠢᠭᠤᠳᠬᠠᠨ᠂ ᠲᠣᠭᠲᠠᠭᠰᠠᠨ ᠵᠠᠢ ᠪᠠᠷ ᠮᠦᠷᠯᠡᠨ ᠬᠤᠭᠤᠯᠠ ᠪᠠᠨ ᠠᠪᠴᠣ᠂ ᠰᠢᠷᠡᠭᠡ ᠠᠯᠣᠰᠯᠠᠨ ᠰᠠᠭᠤᠵᠣ | ᠬᠤᠭᠤᠯᠠᠯᠠᠨ᠎ᠠ᠃ ᠢᠳᠡᠵᠤ ᠲᠠᠭᠤᠰᠤᠭᠰᠠᠨ ᠤ ᠳᠠᠷᠠᠭ᠎ᠠ ᠳᠠᠷᠦ᠋ᠢᠬᠠᠨ ᠡᠮᠬᠢ ᠲᠠᠷᠠᠭ᠎ᠠ ᠲᠠᠢ ᠪᠠᠷ ᠬᠤᠭᠤᠯᠠᠨ ᠭᠡᠷ ᠡᠴᠠ | ᠭᠠᠷᠣᠨ᠎ᠠ᠃ ᠪᠠᠶᠢᠷᠢ ᠵᠢᠨ ᠪᠠᠭᠰᠢ ᠡᠴᠠ ᠰᠣᠷᠣᠭᠴᠢᠳ ᠢ ᠵᠣᠬᠢᠶᠠᠨ ᠪᠠᠶᠢᠭᠤᠯᠵᠦ ᠡᠮᠬᠢ ᠲᠠᠷᠠᠭ᠎ᠠ ᠲᠠᠢ ᠪᠠᠷ | ᠪᠠᠶᠢᠷᠢ ᠳᠤ ᠨᠢ ᠣᠷᠣᠭᠤᠯᠵᠦ᠂ ᠰᠣᠷᠣᠭᠴᠢᠳ ᠢ ᠳᠠᠬᠢᠨᠲᠠ ᠭᠠᠷ ᠵᠶᠠᠨ ᠣᠬᠢᠶᠠᠵᠦ ᠠᠷᠢᠭᠤᠳᠬᠠᠬᠤ ᠵᠢ ᠱᠠᠭᠠᠷᠳᠠᠨ᠎ᠠ᠃ | | | ᠲᠣᠰ ᠣᠳᠠᠭᠠᠨ ᠤ ᠰᠤᠷᠢᠯᠳᠠ ᠵᠢᠨ ᠪᠦᠬᠦ ᠶᠠᠪᠣᠴᠠ ᠳᠤ᠂ ᠰᠣᠷᠭᠠᠭᠤᠯᠢ ᠵᠢᠨ ᠣᠳᠣᠷᠢᠳᠣᠯᠭ᠎ᠠ ᠨᠠᠷ | ᠪᠣᠯᠪᠠᠰᠣᠷᠠᠯ ᠤᠨ ᠡᠯ᠎ᠡ ᠭᠤᠭᠴᠤᠭ᠎ᠠ ᠵᠢ ᠨᠠᠷᠢᠨ ᠨᠢᠮᠪᠠᠢ ᠯᠠᠪᠯᠠᠨ ᠠᠰᠠᠭᠤᠵᠦ᠂ ᠬᠠᠷᠢᠯᠴᠠᠨ ᠵᠦᠪᠳᠡᠯᠴᠡᠨ᠂ | ᠲᠣᠰᠠᠭᠠᠷᠯᠠᠬᠤ ᠦᠷᠦᠭᠡᠨ ᠤ ᠪᠠᠶᠢᠷᠢᠯᠠᠭᠤᠯᠣᠯᠲᠠ᠂ ᠰᠣᠷᠭᠠᠭᠤᠯᠢ ᠵᠢᠨ ᠡᠮᠨᠡᠯᠭᠡ ᠵᠢᠨ ᠲᠠᠰᠤᠭ ᠤᠨ ᠡᠳ᠋ ᠪᠣᠳᠠᠰ ᠤᠨ | ᠲᠣᠬᠢᠷᠠᠭᠤᠯᠣᠯᠲᠠ᠂ ᠠᠷᠢᠭᠤᠳᠬᠠᠬᠤ ᠳ᠋ᠧᠩ ᠤᠨ ᠣᠨᠣᠪᠴᠢᠲᠠᠢ ᠬᠡᠷᠡᠭᠯᠡᠯᠲᠡ᠂ ᠨᠢᠭᠡ ᠮᠧᠲᠷ ᠤᠨ ᠡᠷᠢᠶᠡᠨ | ᠱᠣᠭᠤᠮ ᠤᠨ ᠵᠢᠷᠣᠭᠯᠠᠯᠲᠠ᠂ ᠭᠠᠷ ᠠᠷᠢᠭᠤᠳᠬᠠᠬᠤ ᠮᠠᠰᠢᠨ ᠤ ᠣᠭᠰᠠᠷᠠᠯᠲᠠ᠂ ᠠᠮᠠᠪᠴᠢ ᠬᠤᠷᠢᠶᠠᠬᠤ | ᠬᠠᠶᠢᠷᠴᠠᠭ ᠤᠨ ᠪᠠᠶᠢᠷᠢᠯᠠᠯ ᠵᠡᠷᠭᠡ ᠲᠠᠯ᠎ᠠ ᠪᠠᠷ ᠪᠤᠳᠠᠳᠠᠢ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠰᠣᠷᠢᠯᠲᠠ | ᠳᠠᠭᠤᠰᠣᠭᠰᠠᠨ ᠤ ᠳᠠᠷᠠᠭ᠎ᠠ᠂ ᠪᠣᠣ ᠰᠢᠦ ᠮᠧᠢ ᠳᠡᠳ᠋ ᠵᠠᠬᠢᠷᠣᠯ ᠤᠨ ᠵᠤᠬᠢᠶᠠᠨ ᠪᠠᠶᠢᠭᠤᠯᠤᠬᠰᠠᠨ ᠶᠡᠷᠣᠩᠬᠡᠢ | ᠵᠣᠬᠢᠴᠠᠭᠤᠯᠣᠯᠲᠠ ᠵᠢᠨ ᠲᠤᠭᠤᠢᠢᠯᠠᠩ᠂ ᠣᠯᠠᠭᠠᠨ ᠳᠡᠳ᠋ ᠵᠠᠬᠢᠷᠣᠯ ᠤᠨ ᠵᠤᠬᠢᠶᠠᠨ ᠪᠠᠶᠢᠭᠤᠯᠤᠬᠰᠠᠨ ᠪᠡᠶ᠎ᠡ ᠵᠢᠨ | ᠬᠠᠯᠠᠭᠤᠨ ᠢ ᠬᠡᠮᠵᠢᠭᠦ ᠲᠤᠭᠤᠢᠢᠯᠠᠩ ᠪᠠ ᠣᠬᠠᠭᠤᠯᠣᠨ ᠬᠦᠮᠦᠵᠢᠭᠦᠯᠬᠦ ᠳᠣᠭᠤᠶᠢᠯᠠᠩ᠂ ᠴᠧᠨ ᠲᠢᠶᠧ ᠵᠤ᠋ ᠳᠡᠳ᠋ | ᠵᠠᠬᠢᠷᠣᠯ ᠤᠨ ᠵᠤᠬᠢᠶᠠᠨ ᠪᠠᠶᠢᠭᠤᠯᠤᠬᠰᠠᠨ ᠠᠷᠢᠭᠤᠳᠬᠠᠯ ᠪᠠ ᠠᠮᠦᠷ ᠲᠦᠪᠰᠢᠨ ᠤ ᠬᠠᠮᠢᠶᠠᠷᠣᠯᠲᠠ ᠵᠢᠨ ᠠᠵᠢᠯ ᠤᠨ | ᠳᠣᠭᠤᠢᠢᠯᠠᠩ᠂ ᠨᠠᠮ ᠤᠨ ᠡᠬᠦᠷ ᠤᠨ ᠳᠡᠳ᠋ ᠱᠦᠵᠢ ᠪᠠᠮᠪᠠᠷ ᠤᠨ ᠵᠤᠬᠢᠶᠠᠨ ᠪᠠᠶᠢᠭᠤᠯᠤᠬᠰᠠᠨ ᠮᠡᠳᠡᠭᠡ ᠵᠠᠩᠭᠢ ᠵᠢᠨ | ᠬᠤᠯᠪᠣᠯᠴᠠᠯ ᠵᠢᠴᠢ ᠡᠮᠨᠡᠯᠭᠡ ᠵᠢᠨ ᠲᠤᠰᠠᠭᠠᠷᠯᠠᠬᠤ ᠳᠣᠭᠤᠶᠢᠯᠠᠩ ᠵᠡᠷᠭᠡ ᠲᠤᠭᠤᠢᠢᠯᠠᠩ ᠨᠤᠭᠤᠳ ᠨᠢ ᠪᠣᠯᠪᠠᠰᠣᠷᠬᠰᠠᠨ | ᠪᠠᠶᠢᠳᠠᠯ ᠵᠶᠠᠨ ᠬᠠᠷᠢᠯᠴᠡᠨ ᠰᠣᠯᠢᠯᠴᠠᠪᠡ᠃ | ᠪᠦᠬᠡᠴᠢᠯᠠᠭᠤ ᠵᠠᠬᠢᠷᠣᠯ ᠬᠢᠵᠢᠭ ᠢ ᠰᠡᠷᠭᠡᠶᠢᠯᠡᠬᠦ ᠠᠵᠢᠯ ᠪᠣᠯ ᠠᠮᠦᠷ ᠲᠦᠪᠰᠢᠨ ᠤ ᠭᠤᠣᠯᠳᠠᠯᠭ᠎ᠠ ᠮᠦᠨ᠂ | ᠦᠨᠦᠳᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠪᠣᠯ ᠮᠠᠨ ᠤ ᠰᠡᠳᠭᠢᠯ ᠵᠣᠷᠢᠭ ᠨᠢᠭᠲᠠᠷᠠᠨ᠂ | ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠤᠭ ᠰᠠᠶᠢᠨ ᠪᠠᠬᠢᠯᠡᠯᠲᠡ ᠪᠣᠯᠣᠨ᠎ᠠ᠂ ᠮᠦᠨ ᠡᠨᠡᠬᠦ ᠪᠠᠬᠢᠯᠡᠯᠲᠡ ᠨᠢ ᠪᠦᠬᠦ | ᠪᠠᠭᠰᠢ ᠰᠣᠷᠣᠭᠴᠢ ᠲᠠᠢ ᠬᠤᠯᠪᠣᠭ᠎ᠠ ᠲᠠᠢ ᠪᠤᠯᠬᠤᠷ ᠲᠦᠢᠯ ᠤᠨ ᠣᠳᠬ᠎ᠠ ᠠᠭᠤᠯᠭ᠎ᠠ ᠲᠠᠢ ᠭᠡᠵᠦ ᠶᠠᠷᠢᠭᠰᠠᠨ ᠪᠠᠶᠢᠨ᠎ᠠ᠃ | | ᠪᠣᠯᠪᠠᠰᠣᠷᠠᠯ ᠳᠠᠭᠤᠰᠣᠭᠰᠠᠨ ᠴᠦ ᠠᠵᠢᠯ ᠵᠣᠭᠰᠤᠭ᠎ᠠ ᠦᠭᠡᠢ᠂ ᠪᠣᠯᠪᠠᠰᠣᠷᠠᠯ ᠤᠨ ᠳᠠᠷᠠᠭ᠎ᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠣᠰᠬᠠᠢ ᠠᠵᠢᠯ ᠤᠨ ᠳᠣᠭᠤᠶᠢᠯᠠᠩ ᠤᠳ ᠮᠦᠨ ᠲᠣᠰ ᠲᠣᠰ ᠲᠠᠭᠠᠨ | ᠳ᠋ᠦᠩᠨᠡᠯᠲᠡ ᠵᠢᠨ ᠬᠤᠷᠠᠯ ᠬᠢᠵᠦ᠂ ᠳᠣᠭᠤᠶᠢᠯᠠᠩ ᠤᠨ ᠭᠡᠰᠢᠭᠦᠨ ᠪᠦᠷᠢ ᠪᠣᠯᠪᠰᠣᠷᠠᠯ ᠤᠨ ᠭᠤᠭᠴᠤᠭ᠎ᠠ ᠪᠦᠷᠢ ᠵᠢ | ᠰᠣᠷᠣᠯᠴᠠᠵᠦ᠂ ᠭᠤᠭᠴᠤᠭ᠎ᠠ ᠪᠦᠷᠢ ᠵᠢ ᠣᠶᠢᠯᠠᠭᠠᠵᠦ᠂ ᠭᠤᠭᠴᠤᠭ᠎ᠠ ᠪᠦᠷᠢ ᠵᠢ ᠨᠠᠷᠢᠯᠢᠭ ᠡᠵᠡᠮᠳᠡᠨ᠂ ᠠᠰᠠᠭᠤᠳᠠᠯ | ᠢᠯᠠᠷᠡᠪᠡᠯ ᠲᠡᠷᠡ ᠲᠠᠷᠣᠢ ᠳᠤ ᠨᠢ ᠵᠠᠰᠠᠨ ᠰᠢᠢᠳᠪᠣᠷᠢᠯᠡᠬᠦ ᠵᠢ ᠱᠠᠭᠠᠷᠳᠠᠪᠠ᠃ ᠳᠣᠭᠤᠶᠢᠯᠠᠩ ᠤᠨ ᠬᠤᠭᠤᠷᠣᠨᠳᠣ ᠪᠠᠨ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠦ᠂ ᠨᠢᠭᠲᠠ ᠬᠠᠮᠲᠣᠷᠠᠨ ᠬᠢᠵᠢᠭ ᠢ ᠰᠡᠷᠭᠡᠶᠢᠯᠡᠨ ᠡᠵᠡᠮᠳᠡᠭᠦ | ᠠᠵᠢᠯ ᠢ ᠰᠠᠶᠢᠳᠣᠷ ᠬᠢᠵᠦ᠂ ᠰᠤᠷᠤᠭᠴᠢᠳ ᠤᠨ ᠬᠢᠴᠢᠶᠡᠯ ᠰᠤᠷᠤᠯᠭ᠎ᠠ ᠵᠢ ᠪᠠᠳᠤᠯᠠᠬᠰᠠᠨ ᠪᠠᠶᠢᠨ᠎ᠠ᠃ | | | | ᠤᠯᠠᠭᠠᠨᠬᠤᠳᠠ ᠬᠤᠶᠠᠳᠤᠭᠠᠷ ᠳᠤᠮᠳᠠᠳᠤ ᠰᠤᠷᠭᠠᠭᠤᠯᠢ ᠰᠢᠨ᠎ᠠ ᠰᠤᠷᠤᠯᠭ᠎ᠠ ᠵᠢᠨ ᠬᠤᠭᠤᠴᠠᠭᠠᠨ ᠤ ᠰᠤᠷᠤᠯᠴᠠᠯᠭ᠎ᠠ ᠵᠢ | ᠪᠠᠳᠤᠯᠠᠵᠦ ᠵᠢᠭᠠᠨ ᠰᠤᠷᠭᠠᠯᠳᠠ ᠵᠢᠨ ᠶᠠᠰᠤ ᠴᠢᠨᠠᠷ ᠵᠶᠠᠨ ᠰᠢᠨ᠎ᠠ ᠨᠢᠭᠡᠨ ᠱᠠᠳᠤᠨ ᠳᠤ ᠭᠠᠷᠭᠠᠬᠤ ᠪᠠᠷ ᠴᠢᠷᠮᠠᠶᠢᠵᠦ ᠪᠤᠢ | ︽ᠬᠢᠨᠭ᠍ᠭᠠᠨ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ ᠵᠢᠨ 2020 ᠣᠨ ᠤ ᠠᠵᠢᠯ ᠤᠨ | ᠭᠤᠤᠯᠳᠠᠯᠭ᠎ᠠ︾ ᠵᠢᠨ ᠮᠡᠳᠡᠭᠳᠡᠯ ᠤᠨ ᠵᠤᠷᠢᠭ ᠰᠠᠨᠠᠭ᠎ᠠ ᠵᠢ ᠨᠠᠶᠢᠲᠠᠪᠤᠷᠢᠵᠢᠭᠤᠯᠤᠨ ᠳᠤᠭᠤᠰᠢᠯᠠᠭᠤᠯᠵᠤ ᠬᠢᠵᠢᠭ ᠤᠨ | ᠬᠤᠭᠤᠴᠠᠭᠠᠨ ᠳᠠᠬᠢ ᠬᠢᠴᠢᠶᠡᠯ ᠲᠦᠷᠦᠯ ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠪᠠᠷ ᠤᠳᠤ ᠤᠯᠠᠭᠠᠨᠬᠤᠲᠠ | ᠬᠤᠶᠠᠳᠤᠭᠠᠷ ᠳᠤᠮᠳᠠᠳᠤ ᠰᠤᠷᠭᠠᠭᠤᠯᠢ ᠰᠢᠨ᠎ᠠ ᠰᠤᠷᠤᠯᠭ᠎ᠠ ᠵᠢᠨ ᠬᠤᠭᠤᠴᠠᠭᠠᠨ ᠤ ᠰᠤᠷᠤᠯᠴᠠᠯᠭ᠎ᠠ ᠵᠢ ᠪᠠᠳᠤᠯᠠᠵᠦ᠂ | ᠵᠢᠭᠠᠨ ᠰᠤᠷᠭᠠᠯᠳᠠ ᠵᠢᠨ ᠶᠠᠰᠤ ᠴᠢᠨᠠᠷ ᠵᠶᠠᠨ ᠰᠢᠨ᠎ᠠ ᠨᠢᠭᠡᠨ ᠱᠠᠳᠤᠨ ᠳᠤ ᠭᠠᠷᠭᠠᠬᠤ ᠪᠠᠷ ᠴᠢᠷᠮᠠᠶᠢᠵᠦ ᠪᠤᠢ᠃ | ᠲᠡᠳᠡ ᠶᠠᠭᠤᠨ ᠤ ᠡᠮᠦᠨ᠎ᠠ ᠰᠢᠨ᠎ᠠ ᠰᠤᠷᠤᠯᠭ᠎ᠠ ᠵᠢᠨ ᠬᠤᠭᠤᠴᠠᠭᠠᠨ ᠤ ᠲᠠᠶᠢᠴᠢᠯᠠᠯᠳᠠ ᠵᠢᠨ ᠬᠤᠷᠠᠯ ᠬᠢᠵᠦ᠂ | ᠠᠵᠢᠯ ᠵᠶᠠᠨ ᠪᠤᠳᠠᠳᠠᠢ ᠪᠠᠶᠢᠷᠢᠯᠠᠭᠤᠯᠪᠠ᠃ ᠬᠤᠷᠠᠯ ᠤᠨ ᠲᠡᠷᠢᠭᠦᠨ ᠳᠤ ᠰᠤᠷᠭᠠᠭᠤᠯᠢ ᠵᠢᠨ ᠳᠡᠳ᠋ ᠵᠠᠬᠢᠷᠤᠯ ᠤᠯᠠᠭᠠᠨ | ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠡ ᠵᠢᠨ ᠬᠤᠷᠠᠯ ᠤᠨ ᠵᠤᠷᠢᠭ ᠰᠠᠨᠠᠭ᠎ᠠ ᠵᠢ ᠳᠠᠮᠵᠢᠭᠤᠯᠵᠤ᠂ | ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠳᠡ ᠵᠢ ᠲᠡᠷᠢᠬᠦᠨ ᠪᠠᠶᠢᠷᠢᠨ ᠳᠤ ᠳᠠᠯᠪᠢᠵᠦ᠂ ᠦᠨᠳᠦᠷ | ᠳᠤᠮᠳᠠᠳᠤ ᠵᠢᠨ ᠵᠢᠭᠠᠨ ᠰᠤᠷᠭᠠᠯᠲᠠ ᠵᠢᠨ ᠱᠠᠲᠤᠨ ᠤ ᠵᠣᠬᠢᠴᠠᠩᠭᠤᠢ ᠬᠦᠭᠵᠢᠯᠲᠡ ᠵᠢ ᠲᠦᠯᠬᠢᠨ ᠠᠬᠢᠭᠤᠯᠵᠤ᠂ | ᠦᠨᠳᠦᠷ ᠬᠡᠪ ᠪᠤᠯᠪᠠᠰᠤᠷᠠᠯ ᠲᠠᠢ ᠪᠠᠭᠰᠢ ᠵᠢᠨ ᠡᠩᠨᠡᠭᠡ ᠵᠢ ᠵᠤᠬᠢᠶᠠᠨ ᠪᠠᠶᠢᠭᠤᠯᠬᠤ ᠲᠤᠬᠠᠢ ᠪᠤᠳᠠᠳᠠᠢ ᠱᠠᠭᠠᠷᠳᠠᠯᠭ᠎ᠠ | ᠭᠠᠷᠭᠠᠪᠠ᠃ | ᠲᠤᠰ ᠰᠤᠷᠭᠠᠭᠤᠯᠢ ᠵᠢᠨ ᠨᠠᠮ ᠤᠨ ᠡᠭᠦᠷ ᠤᠨ ᠳᠡᠳ᠋ ᠱᠦᠵᠢ ᠪᠠᠮᠪᠠᠷ ᠨᠠᠮ ᠤᠨ ᠪᠠᠶᠢᠭᠤᠯᠤᠯᠲᠠ᠂ ᠵᠢᠭᠠᠨ | ᠰᠤᠷᠭᠠᠯᠲᠠ᠂ ᠮᠤᠷᠠᠯ ᠬᠦᠮᠦᠵᠢᠯ᠂ ᠠᠵᠢᠯᠴᠢᠨ ᠤ ᠡᠪᠯᠡᠯ ᠤᠨ ᠠᠵᠢᠯ ᠤᠨ ᠬᠠᠷᠠᠯᠲᠠ ᠵᠢᠴᠢ ᠪᠤᠲᠠᠲᠠᠢ | ᠳᠤᠭᠤᠰᠢᠯᠠᠭᠤᠯᠬᠤ ᠠᠷᠭ᠎ᠠ ᠵᠢ ᠶᠠᠷᠢᠵᠦ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠵᠢᠨ ᠦᠢᠯᠡᠳᠦᠯ ᠵᠶᠠᠨ | ᠪᠠᠳᠠᠷᠠᠭᠤᠯᠬᠤ᠂ ᠨᠠᠮ ᠤᠨ ᠭᠡᠰᠢᠬᠦᠳ ᠤᠨ ᠬᠤᠰᠢᠭᠤᠴᠢ ᠦᠢᠯᠡᠳᠦᠯ ᠢ ᠪᠠᠳᠠᠷᠠᠭᠤᠯᠬᠤ᠂ ᠨᠠᠮ ᠤᠨ ᠰᠤᠷᠳᠠᠯ ᠴᠢᠭᠡᠴᠢ | ᠵᠠᠰᠠᠭ ᠤᠨ ᠪᠠᠶᠢᠭᠤᠯᠤᠯᠳᠠ ᠵᠢ ᠴᠢᠩᠭᠠᠳᠬᠠᠬᠤ᠂ ᠦᠵᠡᠯ ᠰᠠᠨᠠᠭ᠎ᠠ ᠶᠤᠰᠤ ᠮᠤᠷᠠᠯ ᠤᠨ ᠬᠡᠯᠪᠡᠷᠢᠴᠢ ᠦᠵᠡᠯ ᠢ | ᠡᠰᠡᠷᠭᠦᠴᠡᠬᠦ᠂ ᠵᠢᠭᠠᠨ ᠰᠤᠷᠭᠠᠬᠤ ᠠᠵᠢᠯᠯᠠᠭ᠎ᠠ ᠪᠠᠨ ᠳᠦᠷᠢᠮᠵᠢᠭᠦᠯᠭᠦ ᠵᠡᠷᠭᠡ ᠲᠠᠯ᠎ᠠ ᠪᠠᠷ ᠪᠤᠳᠠᠳᠠᠢ ᠰᠠᠨᠠᠯ ᠰᠠᠨᠠᠭᠤᠯᠭ᠎ᠠ | ᠲᠤᠷᠠᠳᠤᠪᠠ᠃ | ᠳᠡᠳ᠋ ᠵᠠᠬᠢᠷᠣᠯ ᠪᠤᠤ ᠰᠢᠤ ᠮᠸᠢ ᠦᠨᠳᠦᠷ ᠭᠤᠷᠪᠠ ᠵᠢᠨ ᠰᠤᠷᠤᠭᠴᠢ ᠵᠢᠨ ᠬᠠᠮᠢᠶᠠᠷᠤᠯᠳᠠ᠂ ᠰᠤᠷᠤᠭᠴᠢ ᠵᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ᠂ ᠨᠠᠮ ᠤᠨ ᠪᠠᠶᠢᠭᠤᠯᠤᠯᠲᠠ᠂ ᠮᠤᠷᠠᠯ ᠬᠦᠮᠦᠵᠢᠯ᠂ ᠵᠢᠭᠠᠨ ᠰᠤᠷᠭᠠᠯᠲᠠ | ᠂ ᠠᠮᠤᠷ ᠲᠦᠪᠰᠢᠨ ᠤ ᠠᠵᠢᠯ ᠵᠡᠷᠭᠡ ᠲᠠᠯ᠎ᠠ ᠪᠠᠷ ᠪᠤᠲᠠᠲᠠᠢ ᠱᠠᠭᠠᠷᠳᠠᠯᠭ᠎ᠠ ᠳᠤᠷᠠᠳᠤᠬᠰᠠᠨ ᠪᠦᠭᠡᠳ ᠨᠠᠮ ᠤᠨ ᠭᠡᠰᠢᠭᠦᠨ | ᠂ ᠤᠳᠤᠷᠢᠳᠬᠤ ᠺᠠᠳ᠋ᠷ ᠤᠬᠠᠮᠰᠠᠷ ᠡᠴᠠ ᠪᠠᠨ ᠳᠠᠭᠤᠷᠢᠶᠠᠯ ᠦᠵᠡᠭᠦᠯᠵᠦ᠂ ᠰᠤᠷᠤᠭᠴᠢ ᠵᠢᠨ ᠪᠡᠶ᠎ᠡ ᠰᠡᠳᠭᠢᠴᠡ ᠵᠢᠨ | ᠬᠦᠭᠵᠢᠯᠲᠡ ᠵᠢ ᠴᠢᠩᠭᠠᠳᠬᠠᠵᠤ᠂ ︽ᠬᠦᠮᠦᠨ ᠵᠶᠠᠷ ᠦᠨᠳᠦᠰᠦ ᠪᠤᠯᠭᠠᠬᠤ᠂ ᠰᠤᠷᠬᠤ ᠪᠠᠷ ᠦᠨᠳᠦᠰᠦ ᠪᠤᠯᠭᠠᠬᠤ᠂ | ᠰᠤᠷᠤᠭᠴᠢ ᠪᠠᠷ ᠦᠨᠳᠦᠰᠦ ᠪᠤᠯᠭᠠᠬᠤ︾ ᠵᠠᠷᠴᠢᠮ ᠢ ᠪᠠᠷᠢᠮᠳᠠᠯᠠᠵᠤ᠂ ᠰᠤᠷᠤᠭᠴᠢ ᠵᠢᠨ ᠳᠠᠷᠤᠭᠠᠰᠤ ᠵᠢ ᠬᠦᠡᠭᠭᠡᠷᠡᠭᠦᠯᠵᠦ | ᠂ ᠦᠨᠳᠦᠷ ᠦᠷ᠎ᠡ ᠠᠰᠢᠭᠲᠤ ᠵᠢᠭᠠᠨ ᠰᠤᠷᠭᠠᠯᠲᠠ ᠵᠢ ᠡᠷᠭᠢᠮᠯᠡᠵᠦ᠂ ᠵᠢᠭᠠᠨ ᠰᠤᠷᠭᠠᠬᠤ ᠠᠷᠭ᠎ᠠ ᠠᠪᠴᠠᠯ ᠵᠶᠠᠨ | ᠰᠢᠯᠢᠳᠡᠭᠵᠢᠬᠦᠯᠤᠨ᠂ ᠵᠢᠭᠠᠨ ᠰᠤᠷᠭᠠᠯᠲᠠ ᠵᠢᠨ ᠦᠭᠡᠷᠡᠴᠢᠯᠡᠯᠲᠡ ᠵᠢ ᠲᠦᠯᠬᠢᠨ ᠠᠬᠢᠭᠤᠯᠵᠤ᠂ ᠰᠤᠷᠭᠠᠭᠤᠯᠢ ᠵᠢᠨ | ᠬᠦᠷᠢᠶᠡᠨ ᠤ ᠬᠦᠴᠦᠷᠭᠡᠭᠯᠡᠯ ᠢ ᠴᠢᠩᠭ᠎ᠠ ᠰᠡᠷᠭᠡᠶᠢᠯᠡᠵᠦ᠂ ᠠᠷᠤ ᠲᠠᠯ᠎ᠠ ᠵᠢᠨ ᠦᠢᠯᠡᠴᠢᠯᠡᠭᠡᠨ ᠤ ᠠᠵᠢᠯ ᠤᠨ ᠡᠯ᠎ᠡ | ᠭᠤᠭᠴᠤᠭ᠎ᠠ ᠪᠠ ᠠᠮᠤᠷ ᠲᠦᠪᠰᠢᠨ ᠢ ᠪᠠᠳᠤᠯᠠᠬᠤ ᠵᠡᠷᠭᠡ ᠤᠯᠠᠨ ᠲᠠᠯ᠎ᠠ ᠪᠠᠷ ᠦᠪᠡᠷ ᠤᠨ ᠪᠤᠳᠤᠯ ᠰᠠᠨᠠᠯ ᠵᠶᠠᠨ | ᠲᠡᠯᠭᠡᠵᠠᠢ᠃ | ᠲᠤᠰ ᠰᠤᠷᠭᠠᠭᠤᠯᠢ ᠪᠠᠰᠠ ᠰᠤᠷᠤᠭᠴᠢᠳ ᠲᠠᠭᠠᠨ ᠬᠢᠵᠢᠭ ᠤᠨ ᠪᠠᠶᠢᠳᠠᠯ ᠢ ᠰᠡᠷᠭᠡᠶᠢᠯᠡᠬᠦ ᠬᠠᠮᠢᠶ᠎ᠠ ᠪᠦᠬᠦᠢ | ᠮᠡᠳᠡᠯᠭᠡ ᠵᠢ ᠤᠬᠠᠭᠤᠯᠵᠤ᠂ ᠶᠤᠰᠤ ᠮᠤᠷᠠᠯ ᠤᠨ ᠬᠦᠮᠦᠵᠢᠯ ᠬᠦᠷᠲᠡᠭᠡᠭᠰᠡᠨ ᠪᠦᠭᠡᠳ ︽ᠠᠷᠠᠳ ᠲᠦᠮᠡᠨ ᠡᠷᠬᠢᠮ | ᠳᠡᠭᠡᠳᠦ︾ ᠭᠡᠳᠡᠭ ᠺᠢᠨᠣ᠋ ᠵᠢ ᠦᠵᠡᠭᠦᠯᠵᠦ ᠤᠯᠤᠰ ᠵᠶᠠᠨ ᠬᠠᠶᠢᠷᠠᠯᠠᠬᠤ ᠬᠦᠮᠦᠵᠢᠯ ᠬᠦᠷᠳᠡᠭᠡᠨ᠂ ᠰᠡᠳᠬᠢᠴᠡ ᠵᠢᠨ | ᠡᠷᠡᠭᠦᠯ ᠮᠡᠨᠳᠦ ᠵᠢᠨ ᠵᠢᠯᠤᠭᠤᠳᠤᠯᠭ᠎ᠠ ᠵᠢᠨ ᠳᠦᠷᠰᠦ ᠰᠢᠩᠭᠡᠭᠡᠯᠲᠡ ᠦᠵᠡᠭᠦᠯᠵᠡᠢ᠃ ᠨᠡᠩ ᠢᠯᠠᠩᠭᠤᠶ᠎ᠠ ᠰᠢᠨ᠎ᠠ | ᠰᠤᠷᠤᠯᠭ᠎ᠠ ᠵᠢᠨ ᠬᠤᠭᠤᠴᠠᠭᠠᠨ ᠤ ᠠᠩᠬᠠᠳᠠᠬᠴᠢ ᠲᠤᠭ ᠮᠠᠨᠳᠤᠭᠤᠯᠬᠤ ᠶᠣᠰᠤᠯᠠᠯ ᠵᠶᠠᠨ ᠨᠢᠵᠢᠬᠢᠷ ᠰᠠᠶᠢᠬᠠᠨ | ᠶᠠᠪᠤᠭᠳᠠᠭᠤᠯᠤᠬᠰᠠᠨ ᠪᠦᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠲᠤᠬᠠᠢ ᠰᠠᠮᠪᠠᠷ᠎ᠠ ᠵᠢᠨ ᠰᠤᠨᠢᠨ | ᠭᠠᠷᠭᠠᠵᠦ᠂ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠲᠤᠬᠠᠢ ᠤᠬᠠᠭᠤᠯᠭ᠎ᠠ ᠵᠢ ᠬᠦᠨᠵᠡᠭᠡᠶᠢᠷᠡᠭᠦᠯᠦᠭᠰᠡᠨ | ᠪᠠᠶᠢᠨ᠎ᠠ᠃᠃ | ᠣᠳᠤᠬᠠᠨ ᠳᠤ᠂ ᠲᠤᠰ ᠰᠤᠷᠭᠠᠭᠤᠯᠢ ᠵᠢᠨ ᠰᠤᠷᠤᠬᠴᠢᠳ ᠦᠷᠯᠦᠭᠡ ᠦᠳᠡᠰᠢ ᠵᠢ ᠲᠡᠮᠡᠴᠡᠨ ᠴᠢᠷᠮᠠᠶᠢᠨ | ᠰᠤᠷᠤᠯᠴᠠᠵᠤ ᠪᠠᠶᠢᠬᠤ ᠪᠦᠭᠡᠳ ᠦᠨᠳᠦᠷ ᠭᠤᠷᠪᠡ ᠵᠢᠨ ᠰᠤᠷᠤᠭᠴᠢᠳ ᠨᠢ ᠤᠯᠤᠰ ᠤᠨ ᠰᠢᠯᠭᠠᠯᠲᠠ ᠳᠠᠭᠠᠨ ᠰᠢᠯᠢᠳᠡᠭ | ᠬᠢᠷᠢ ᠪᠦᠳᠦᠮᠵᠢ ᠤᠯᠬᠤ ᠪᠠᠷ ᠮᠡᠷᠡᠶᠢᠨ ᠰᠤᠷᠤᠯᠴᠠᠵᠦ ᠪᠤᠢ᠃ | | | | | ᠤᠯᠠᠭᠠᠨᠬᠤᠲᠠ ᠬᠤᠶᠠᠳᠤᠭᠠᠷ ᠳᠤᠮᠳᠠᠲᠦ ᠰᠤᠷᠭᠠᠭᠤᠯᠢ ᠰᠤᠷᠤᠭᠴᠢᠳ ᠲᠠᠭᠠᠨ ᠪᠠᠶᠠᠷ ᠪᠠᠶᠠᠰᠤᠯᠳᠠᠢ ᠰᠤᠷᠤᠯᠴᠠᠬᠤ | ᠤᠷᠴᠢᠨ ᠬᠠᠩᠭᠠᠨ ᠦᠭᠴᠦ ᠪᠠᠶᠢᠨ᠎ᠠ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠵᠢᠴᠢ | ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠡ ᠵᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠵᠢ ᠦᠨᠳᠦᠰᠦᠯᠡᠵᠦ ᠤᠯᠠᠭᠠᠨᠬᠤᠲᠠ ᠬᠤᠶᠠᠳᠤᠭᠠᠷ ᠳᠤᠮᠳᠠᠲᠦ ᠰᠤᠷᠭᠠᠭᠤᠯᠢ ᠬᠢᠵᠢᠭ ᠤᠨ ᠰᠡᠷᠭᠡᠶᠢᠯᠡᠯᠲᠡ ᠵᠢᠨ | ᠬᠤᠭᠤᠴᠠᠭᠠᠨ ᠳᠤ ᠴᠤ ᠰᠤᠷᠤᠭᠴᠢᠳ ᠲᠠᠭᠠᠨ ᠠᠯᠢ ᠴᠢᠳᠠᠬᠤ ᠪᠠᠷ ᠪᠠᠶᠠᠷ ᠪᠠᠶᠠᠰᠤᠯᠳᠠᠢ ᠰᠤᠷᠤᠯᠴᠠᠯᠭ᠎ᠠ ᠵᠢᠨ ᠤᠷᠴᠢᠨ | ᠬᠠᠩᠭᠠᠨ ᠦᠭᠴᠦ ᠪᠤᠢ᠃ | ᠶᠠᠭᠤᠨ ᠤ ᠡᠮᠦᠨ᠎ᠠ ᠲᠤᠰ ᠰᠤᠷᠭᠠᠭᠤᠯᠢ ᠠᠩᠭᠢ ᠵᠢᠨ ᠡᠷᠬᠢᠯᠡᠭᠴᠢ ᠬᠢᠭᠡᠳ ᠭᠡᠷ ᠤᠨ ᠠᠬᠠᠮᠠᠳ ᠤᠨ | ᠶᠠᠷᠢᠯᠴᠠᠭᠠᠨ ᠤ ᠠᠵᠢᠯᠯᠠᠭ᠎ᠠ ᠦᠷᠨᠢᠭᠦᠯᠵᠤ᠂ ᠰᠤᠷᠤᠭᠴᠢᠳ ᠤᠨ ᠰᠦᠯᠵᠢᠶᠡᠨ ᠬᠢᠴᠢᠶᠡᠯ ᠣᠷᠤᠭᠰᠠᠨ ᠪᠠᠶᠢᠳᠠᠯ ᠪᠠ | ᠨᠡᠶᠢᠭᠡᠮ ᠤᠨ ᠦᠢᠯᠡᠳᠦᠯᠭᠡ ᠳᠤ ᠣᠷᠤᠯᠴᠠᠭᠰᠠᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠵᠦ᠂ ᠭᠠᠷ ᠤᠲᠠᠰᠤ᠂ | ᠳᠦᠷᠰᠦ ᠰᠢᠩᠭᠡᠭᠡᠯᠲᠡ ᠵᠡᠷᠭᠡ ᠣᠯᠠᠨ ᠵᠦᠢᠯ ᠤᠨ ᠬᠡᠯᠪᠡᠷᠢ ᠪᠠᠷ ᠭᠡᠷ ᠤᠨ ᠠᠬᠠᠮᠠᠳ ᠲᠠᠢ ᠬᠠᠷᠢᠴᠠᠵᠤ᠂ | ᠰᠤᠷᠤᠭᠴᠢ ᠵᠢᠨ ᠪᠠᠶᠢᠳᠠᠯ ᠢ ᠨᠠᠷᠢᠯᠢᠭ ᠣᠶᠢᠯᠠᠭᠠᠭᠰᠠᠨ ᠪᠠᠶᠢᠨ᠎ᠠ᠃ ᠡᠭᠦᠨ ᠤ ᠬᠠᠮᠲᠦ ᠡᠯ᠎ᠠ ᠲᠦᠷᠦᠯ ᠤᠨ | ᠬᠢᠴᠢᠶᠡᠯ ᠤᠨ ᠪᠠᠭᠰᠢ ᠨᠠᠷ ᠲᠠᠢ ᠶᠠᠷᠢᠯᠴᠠᠬᠤ ᠪᠠᠷ ᠲᠠᠮᠵᠢᠨ ᠬᠢᠴᠢᠶᠡᠯ ᠲᠦᠷᠦᠯ ᠤᠨ ᠪᠠᠭᠰᠢ ᠪᠠ ᠰᠤᠷᠤᠭᠴᠢ ᠵᠢᠨ | ᠬᠤᠭᠤᠷᠤᠨᠳᠤᠬᠢ ᠬᠠᠷᠢᠴᠠᠭ᠎ᠠ ᠵᠢ ᠨᠢᠬᠳᠠᠷᠠᠭᠤᠯᠵᠠᠢ᠃ ᠲᠡᠳᠡ ᠪᠠᠰᠠ ᠰᠤᠷᠭᠠᠭᠤᠯᠢ ᠡᠬᠢᠯᠡᠭᠰᠡᠨ ᠡᠴᠠ ᠨᠠᠭᠠᠰᠢ ᠠᠩᠭᠢ | ᠪᠦᠷᠢ ᠳᠤ ᠵᠢᠯᠤᠭᠤᠳᠬᠤ ᠪᠠᠭᠰᠢ ᠲᠤᠬᠢᠷᠠᠭᠤᠯᠵᠤ᠂ ᠰᠤᠷᠤᠭᠴᠢ ᠵᠢᠨ ᠦᠵᠡᠯ ᠰᠠᠨᠠᠭ᠎ᠠ ᠰᠡᠳᠭᠢᠴᠡ ᠵᠢᠨ ᠪᠠᠶᠢᠳᠠᠯ ᠢ | ᠤᠢᠢᠯᠠᠭᠠᠭᠤᠯᠵᠦ᠂ ᠰᠤᠷᠤᠭᠴᠢ ᠵᠢᠨ ᠰᠤᠷᠤᠯᠭ᠎ᠠ ᠵᠢᠨ ᠠᠮᠢᠳᠤᠷᠠᠯ ᠳᠤ ᠲᠤᠯᠭᠠᠷᠠᠭᠰᠠᠨ ᠬᠦᠴᠢᠷ ᠪᠡᠷᠬᠡᠰᠢᠶᠡᠯ᠂ | ᠤᠶᠢᠳᠬᠠᠷ ᠪᠤᠬᠢᠨᠢᠳᠤᠯ ᠲᠠᠢ ᠶᠠᠪᠤᠳᠠᠯ ᠢ ᠨᠢ ᠠᠰᠠᠭᠤᠨ ᠯᠠᠪᠯᠠᠭᠤᠯᠵᠦ᠂ ᠠᠰᠠᠭᠤᠳᠠᠯ ᠢ ᠬᠡᠷᠬᠢᠨ ᠰᠢᠢᠳᠪᠦᠷᠢᠯᠡᠬᠦ᠂ | ᠤᠶᠢᠳᠬᠠᠷ ᠭᠤᠨᠢᠭ ᠢ ᠬᠡᠷᠬᠢᠨ ᠲᠠᠶᠢᠯᠠᠬᠤ ᠲᠤᠬᠠᠢ ᠰᠠᠨᠠᠭᠤᠯᠭ᠎ᠠ ᠭᠠᠷᠭᠠᠵᠤ᠂ ᠰᠡᠳᠭᠢᠴᠡ ᠵᠢᠨ ᠬᠦᠮᠦᠵᠢᠯ ᠤᠨ | ᠲᠤᠬᠠᠢ ᠰᠠᠭᠤᠳᠠᠯ ᠤᠨ ᠬᠤᠷᠠᠯ ᠬᠢᠵᠦ᠂ ᠪᠠᠭᠰᠢ ᠰᠤᠷᠤᠬᠴᠢᠳ ᠲᠤ ᠰᠠᠶᠢᠨ ᠰᠠᠶᠢᠬᠠᠨ ᠰᠤᠷᠤᠯᠴᠠᠬᠤ ᠤᠷᠴᠢᠨ | ᠲᠤᠭᠤᠷᠢᠨ ᠬᠠᠩᠭᠠᠵᠠᠢ᠃ ᠲᠤᠰ ᠰᠤᠷᠭᠠᠭᠤᠯᠢ ᠪᠠᠰᠠ ᠤᠳᠠᠭᠠᠨ ᠵᠢᠯ ᠤᠨ ᠠᠵᠢᠯ ᠤᠨ ᠲᠤᠷᠰᠢᠯᠭ᠎ᠠ ᠲᠠᠢ ᠠᠬᠠᠮᠠᠳ | ᠪᠠᠭᠰᠢ ᠨᠠᠰᠤᠨᠴᠢᠮᠡᠭ ᠵᠶᠠᠷ ᠰᠡᠳᠭᠢᠯ ᠤᠨ ᠳᠠᠷᠤᠭᠠᠰᠤ ᠪᠠᠨ ᠬᠦᠡᠭᠭᠡᠷᠡᠬᠦᠯᠬᠦ ᠠᠷᠭ᠎ᠠ᠂ ᠰᠡᠳᠭᠢᠯ ᠵᠶᠠᠨ | ᠲᠠᠶᠢᠪᠤᠷᠢᠰᠢᠭᠤᠯᠬᠤ ᠠᠷᠭ᠎ᠠ ᠠᠪᠴᠠᠯ ᠵᠡᠷᠭᠡ ᠵᠢ ᠪᠤᠲᠠᠲᠠᠢ ᠲᠠᠶᠢᠯᠪᠤᠷᠢᠯᠠᠭᠤᠯᠵᠤ᠂ ᠰᠤᠷᠤᠭᠴᠢᠳ ᠤᠨ ᠢᠳᠡᠭᠡᠯ | ᠵᠤᠷᠢᠭ ᠢ ᠬᠦᠪᠴᠢᠯᠡᠪᠡ᠃ ᠲᠠᠶᠢᠯᠤᠮᠵᠢ ᠵᠢ ᠰᠤᠨᠤᠰᠤᠭᠰᠠᠨ ᠰᠤᠷᠤᠭᠴᠢᠳ ᠣᠯᠣᠯᠲᠠ ᠲᠦᠷᠦᠭᠳᠡᠯ ᠵᠶᠠᠨ ᠢᠳᠡᠪᠬᠢᠲᠡᠢ | ᠶᠠᠷᠢᠯᠴᠠᠵᠤ᠂ ᠦᠪᠡᠷ ᠤᠨ ᠪᠡᠶ᠎ᠡ ᠲᠡᠭᠡᠷᠡᠭᠢ ᠣᠷᠤᠰᠢᠵᠤ ᠪᠠᠶᠢᠭ᠎ᠠ ᠠᠰᠠᠭᠤᠳᠠᠯ ᠵᠶᠠᠨ ᠰᠡᠷᠡᠵᠦ ᠮᠡᠳᠡᠨ᠂ ᠲᠠᠷᠤᠢ | ᠲᠦᠷᠭᠡᠨ ᠵᠠᠰᠠᠨ ᠵᠠᠯᠠᠷᠠᠭᠤᠯᠬᠤ ᠵᠤᠷᠢᠭ ᠵᠶᠠᠨ ᠢᠯᠡᠳᠭᠡᠵᠠᠢ᠃ | | ᠲᠤᠰ ᠰᠤᠷᠭᠠᠭᠤᠯᠢ ᠪᠠᠰᠠ ᠣᠨ ᠤ ᠳᠤᠭᠤᠶᠢᠯᠠᠩ ᠵᠶᠠᠷ ᠨᠢᠭᠡᠴᠨ ᠪᠤᠯᠭᠠᠵᠤ᠂ ᠴᠠᠭ ᠢ ᠨᠢ ᠵᠦᠷᠢᠭᠦᠯᠵᠦ | ᠪᠠᠶᠠᠯᠢᠭ ᠠᠭᠤᠯᠭ᠎ᠠ ᠲᠠᠢ ᠬᠢᠴᠢᠶᠡᠯ ᠤᠨ ᠭᠠᠳᠠᠨᠠᠬᠢ ᠰᠤᠶᠤᠯ ᠲᠠᠮᠢᠷ ᠤᠨ ᠠᠵᠢᠯᠯᠠᠭᠠᠨ ᠦᠷᠨᠢᠬᠦᠯᠵᠦ᠂ ᠪᠦᠵᠢᠭ | ᠪᠦᠵᠢᠭᠯᠡᠬᠦ᠂ ᠬᠠᠮᠲᠤ ᠵᠢᠨ ᠳᠠᠭᠤᠤ ᠳᠠᠭᠤᠯᠠᠬᠤ᠂ ᠭᠠᠷ ᠠᠯᠴᠢᠭᠤᠷ ᠬᠠᠶᠠᠬᠤ᠂ ᠰᠤᠨᠳᠠᠭ ᠤᠳᠠᠰᠤ ᠦᠰᠦᠷᠬᠦ᠂ | ᠪᠦᠮᠪᠦᠭᠡ ᠢᠰᠭᠦᠯᠬᠦ ᠵᠡᠷᠭᠡ ᠶᠠᠩᠵᠤ ᠪᠦᠷᠢ ᠵᠢᠨ ᠲᠤᠭᠯᠠᠭᠠᠮ ᠲᠤᠬᠢᠷᠠᠭᠤᠯᠵᠦ᠂ ᠰᠤᠷᠭᠠᠭᠤᠯᠢ ᠵᠢᠨ ᠬᠦᠷᠢᠶᠠᠨ ᠤ | ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ ᠪᠤᠢ᠃ | | | ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠴᠢᠶᠡᠯ | ᠰᠡᠷᠭᠦᠭᠡᠭᠰᠡᠨ ᠪᠠᠶᠢᠳᠡᠯ ᠪᠠ ᠬᠢᠵᠢᠭ ᠤᠨ ᠰᠡᠷᠭᠡᠶᠢᠯᠡᠯᠳᠡ ᠵᠢᠨ ᠲᠤᠬᠠᠢ ᠪᠠᠶᠢᠴᠠᠭᠠᠯᠳᠠ ᠵᠢ ᠰᠢᠯᠤᠭᠤᠬᠠᠨ ᠲᠤᠭᠤᠯᠵᠠᠢ | ᠤᠢᠢᠷ᠎ᠠ ᠳᠤ᠂ ᠠᠶᠢᠮᠠᠭ ᠤᠨ ᠬᠢᠵᠢᠭ ᠢ ᠰᠡᠷᠭᠡᠶᠢᠯᠡᠬᠦ ᠵᠢᠯᠤᠭᠤᠳᠬᠤ ᠭᠠᠵᠠᠷ ᠪᠠ ᠠᠶᠢᠮᠠᠭ ᠤᠨ ᠰᠤᠷᠭᠠᠨ | ᠬᠦᠮᠦᠵᠢᠯ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠵᠢᠨ ᠬᠦᠮᠦᠰ ᠵᠶᠠᠷ ᠪᠦᠷᠢᠯᠳᠦᠭᠰᠡᠨ ᠬᠢᠴᠢᠶᠡᠯ | ᠰᠡᠷᠭᠦᠭᠡᠭᠰᠡᠨ ᠪᠠᠶᠢᠳᠡᠯ ᠪᠠ ᠬᠢᠵᠢᠭ ᠰᠡᠷᠭᠡᠶᠢᠯᠡᠯᠳᠡ ᠵᠢᠨ ᠲᠤᠬᠠᠢ ᠪᠠᠶᠢᠴᠠᠭᠠᠯᠲᠠ ᠵᠢᠨ ᠲᠤᠭᠤᠶᠢᠯᠠᠩ ᠤᠯᠠᠭᠠᠨᠬᠤᠳᠠ | ᠬᠤᠶᠠᠳᠤᠭᠠᠷ ᠲᠤᠮᠳᠠᠳᠤ ᠰᠤᠷᠭᠠᠭᠤᠯᠢ ᠳᠤ ᠬᠦᠷᠴᠦ ᠪᠠᠶᠢᠴᠠᠭᠠᠯᠳᠠ ᠬᠢᠵᠠᠢ᠃ | ᠲᠡᠳᠡ ᠲᠤᠰ ᠰᠤᠷᠭᠠᠭᠤᠯᠢ ᠵᠢᠨ ᠬᠢᠵᠢᠭ ᠢ ᠰᠡᠷᠭᠡᠶᠢᠯᠡᠵᠦ ᠪᠠᠶᠢᠭ᠎ᠠ ᠠᠵᠢᠯ ᠢ ᠪᠦᠬᠦ ᠲᠠᠯ᠎ᠠ ᠪᠠᠷ ᠪᠠᠶᠢᠴᠠᠭᠠᠵᠦ᠂ | ᠰᠤᠷᠭᠠᠭᠤᠯᠢ ᠡᠬᠢᠯᠡᠬᠦ ᠡᠴᠠ ᠡᠮᠦᠨᠡᠬᠢ ᠪᠡᠯᠡᠳᠭᠡᠯ ᠠᠵᠢᠯ᠂ ᠬᠢᠵᠢᠭ ᠢ ᠰᠡᠷᠭᠡᠶᠢᠯᠡᠬᠦ ᠡᠳ᠋ ᠪᠤᠳᠠᠰ ᠤᠨ ᠨᠦᠬᠡᠴᠡ ᠵᠢᠨ | ᠪᠠᠶᠢᠳᠠᠯ᠂ ᠵᠢᠭᠠᠨ ᠰᠤᠷᠭᠠᠯᠳᠠ ᠵᠢᠨ ᠲᠠᠯ᠎ᠠ ᠪᠠᠷ ᠦᠨᠳᠦᠷ ᠦᠨᠡᠯᠡᠯᠳᠡ ᠦᠭᠪᠡ᠃ | ᠪᠠᠶᠢᠴᠠᠭᠠᠯᠳᠠ ᠵᠢᠨ ᠲᠤᠭᠤᠢᠢᠯᠠᠩ ᠤᠨ ᠬᠢᠨ ᠰᠤᠷᠭᠠᠭᠤᠯᠢ ᠵᠢᠨ ᠡᠭᠦᠳᠡᠨ ᠭᠡᠷ ᠵᠶᠠᠷ ᠭᠦᠷᠴᠦ᠂ | ᠰᠤᠷᠭᠠᠭᠤᠯᠢ ᠳᠤ ᠤᠷᠤᠵᠤ ᠭᠠᠷᠴᠤ ᠪᠠᠶᠢᠭ᠎ᠠ ᠬᠦᠮᠦᠰ ᠢ ᠲᠡᠮᠳᠡᠭᠯᠡᠵᠦ ᠪᠠᠶᠢᠭ᠎ᠠ ᠪᠠ ᠵᠢᠵᠢᠭᠦᠷᠯᠡᠵᠦ ᠪᠠᠶᠢᠭ᠎ᠠ ᠪᠠᠶᠢᠳᠠᠯ | ᠵᠢᠴᠢ ᠬᠢᠴᠢᠶᠡᠯ ᠰᠡᠷᠭᠦᠭᠡᠬᠦ ᠠᠵᠢᠯ ᠤᠨ ᠪᠠᠶᠢᠷᠢᠯᠠᠭᠤᠯᠤᠯᠳᠠ᠂ ᠪᠡᠶ᠎ᠠ ᠵᠢᠨ ᠬᠠᠯᠠᠭᠤᠨ ᠢ ᠬᠡᠮᠵᠢᠬᠦ ᠮᠠᠰᠢᠨ ᠤ | ᠲᠤᠬᠢᠷᠠᠭᠤᠯᠤᠯᠳᠠ᠂ ᠵᠢᠭᠠᠨ ᠰᠤᠷᠭᠠᠬᠤ ᠠᠰᠠᠷ ᠤᠨ ᠠᠷᠢᠭᠤᠨ ᠴᠡᠪᠡᠷ ᠵᠡᠷᠭᠡ ᠲᠠᠯ᠎ᠠ ᠪᠠᠷ ᠨᠠᠷᠢᠯᠢᠭ ᠪᠠᠶᠢᠴᠠᠭᠠᠵᠠᠢ᠃ | ᠤᠨᠴᠠᠭᠠᠢᠢᠯᠠᠨ ᠪᠠᠭᠰᠢ ᠰᠤᠷᠤᠭᠴᠢᠳ ᠤᠨ ᠬᠤᠭᠤᠯᠠᠨ ᠭᠡᠷ᠂ ᠪᠤᠳᠠᠭᠠᠨ ᠲᠡᠷᠭᠡ᠂ ᠪᠤᠳᠠᠭᠠᠨ ᠰᠢᠷᠡᠭᠡ᠂ ᠪᠤᠳᠠᠭ᠎ᠠ | ᠬᠦᠷᠭᠡᠬᠦ ᠴᠠᠬᠢᠯᠭᠠᠨ ᠱᠠᠳᠤ ᠂ ᠬᠤᠭᠤᠯᠠᠨ ᠭᠡᠷ ᠤᠨ ᠡᠳ᠋ᠯᠡᠯ ᠬᠡᠷᠡᠭᠰᠡᠯ ᠤᠨ ᠪᠠᠶᠢᠷᠢᠰᠢᠭᠤᠯᠤᠯᠳᠠ᠂ ᠭᠠᠯ ᠢ ᠰᠡᠷᠭᠡᠶᠢᠯᠡᠬᠦ | ᠠᠮᠤᠷ ᠲᠦᠪᠰᠢᠨ᠂ ᠰᠤᠷᠭᠠᠭᠤᠯᠢ ᠵᠢᠨ ᠤᠬᠢᠶᠠᠯᠭ᠎ᠠ ᠵᠢᠨ ᠭᠡᠷ᠂ ᠰᠤᠷᠤᠭᠴᠢᠳ ᠤᠨ ᠪᠠᠶᠢᠷᠢ ᠵᠡᠷᠭᠡ ᠵᠢ ᠨᠢᠭᠡᠳ | ᠨᠢᠭᠡ ᠪᠠᠷ ᠪᠠᠶᠢᠴᠠᠭᠠᠬᠰᠠᠨ ᠪᠠᠶᠢᠨ᠎ᠠ᠃ | ᠪᠠᠶᠢᠴᠠᠭᠠᠯᠳᠠ ᠵᠢᠨ ᠲᠤᠭᠤᠢᠢᠯᠠᠩ ᠤᠨ ᠬᠢᠨ ᠲᠤᠬᠠᠢ ᠵᠢᠨ ᠭᠠᠵᠠᠷ ᠵᠶᠠᠷ ᠪᠠᠶᠢᠴᠠᠭᠠᠵᠦ ᠪᠠᠷᠠᠭᠰᠠᠨ ᠤ ᠲᠠᠷᠠᠭ᠎ᠠ | ᠰᠤᠷᠭᠠᠭᠤᠯᠢ ᠵᠢᠨ ᠮᠡᠳᠡᠭᠦᠯᠦᠯᠳᠡ ᠵᠢ ᠰᠤᠨᠤᠰᠴᠦ᠂ ᠰᠤᠷᠭᠠᠭᠤᠯᠢ ᠵᠢᠨ ᠬᠠᠮᠢᠶᠠᠷᠤᠯᠳᠠ ᠂ ᠴᠡᠪᠡᠷᠯᠡᠯᠳᠡ ᠠᠷᠢᠭᠤᠳᠬᠠᠯ᠂ | ᠤᠬᠠᠭᠤᠯᠬᠤ ᠠᠵᠢᠯᠯᠠᠭ᠎ᠠ᠂ ᠪᠠᠴᠢᠮ ᠪᠠᠶᠢᠳᠠᠯ ᠢ ᠠᠷᠭᠠᠴᠠᠬᠤ᠂ ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠳᠠ᠂ | ᠡᠳ᠋ ᠪᠤᠳᠠᠰ ᠤᠨ ᠪᠠᠶᠢᠷᠢᠰᠢᠭᠤᠯᠤᠯᠳᠠ᠂ ᠤᠬᠢᠶᠠᠯᠭ᠎ᠠ ᠵᠢᠨ ᠬᠠᠮᠢᠶᠠᠷᠤᠯᠳᠠ ᠵᠡᠷᠭᠡ ᠲᠠᠯ᠎ᠠ ᠵᠢᠨ ᠪᠠᠶᠢᠳᠠᠯ ᠢ ᠪᠦᠬᠦ | ᠲᠠᠯ᠎ᠠ ᠪᠠᠷ ᠤᠶᠢᠯᠠᠭᠠᠨ᠂ ᠤᠷᠤᠰᠢᠵᠤ ᠪᠠᠶᠢᠭ᠎ᠠ ᠠᠰᠠᠭᠤᠳᠡᠯ ᠳᠤ ᠴᠢᠭᠯᠡᠭᠦᠯᠦᠨ ᠦᠭᠡᠷᠡᠴᠢᠯᠡᠨ ᠰᠠᠶᠢᠵᠢᠷᠠᠭᠤᠯᠬᠤ | ᠰᠠᠨᠠᠭᠤᠯᠭ᠎ᠠ ᠲᠤᠷᠠᠳᠴᠠᠢ᠃ ᠮᠦᠨ ᠴᠦ ᠭᠠᠷᠴᠤ ᠤᠷᠤᠬᠤ ᠬᠦᠮᠦᠰ ᠢ ᠪᠦᠷᠢᠳᠭᠡᠨ ᠲᠡᠮᠳᠡᠭᠯᠡᠬᠦ᠂ ᠰᠤᠷᠤᠯᠴᠠᠯᠭ᠎ᠠ ᠵᠢᠨ | ᠴᠠᠭ ᠢ ᠵᠦᠷᠢᠭᠦᠯᠬᠦ᠂ ᠬᠤᠪᠢᠶᠠᠷᠢᠯᠠᠨ ᠬᠠᠮᠢᠶᠠᠷᠬᠤ᠂ ᠬᠢᠵᠢᠭ ᠢ ᠰᠡᠷᠭᠡᠶᠢᠯᠡᠬᠦ ᠲᠠᠯ᠎ᠠ ᠪᠠᠷ ᠬᠢ ᠤᠬᠠᠭᠤᠯᠭ᠎ᠠ ᠵᠡᠷᠭᠡ | ᠲᠠᠯ᠎ᠠ ᠪᠠᠷ ᠵᠢᠭᠠᠨ ᠵᠢᠯᠤᠭᠤᠳᠤᠭᠰᠠᠨ ᠪᠠᠶᠢᠨ᠎ᠠ᠃ | |