ᠠᠶᠢᠮᠠᠭ ᠤᠨ ᠬᠦᠮᠥᠨ ᠤ ᠬᠦᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ︽ᠬᠢᠨᠭ᠍ᠭᠠᠨ ᠤ ᠬᠦᠮᠥᠨ ᠬᠢᠨᠭ᠍ᠭᠠᠨ ᠢᠶᠠᠷ ᠢᠶᠠᠨ ᠵᠤᠭᠠᠴᠠᠬᠤ︾ ᠭᠤᠤᠯ ᠰᠡᠳᠥᠪᠳᠥ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020-06-17
      ᠤᠢᠢᠷ᠎ᠠ ᠳᠤ᠂ ᠠᠶᠢᠮᠠᠭ ᠤᠨ ᠬᠦᠮᠥᠨ ᠤ ᠬᠦᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ︽ᠬᠢᠨᠭ᠍ᠭᠠᠨ ᠤ ᠬᠦᠮᠥᠨ ᠬᠢᠨᠭ᠍ᠭᠠᠨ ᠢᠶᠠᠷ ᠢᠶᠠᠨ ᠵᠤᠭᠠᠴᠠᠬᠤ︾ ᠭᠤᠤᠯ ᠰᠡᠳᠥᠪᠳᠥ ᠠᠵᠢᠯᠯᠠᠭ᠎ᠠ ᠦᠷᠨᠢᠬᠦᠯᠥᠨ᠂ ᠪᠤᠳᠠᠳᠥ ᠠᠵᠢᠯᠯᠠᠭ᠎ᠠ ᠪᠠᠷ ᠢᠶᠠᠨ ᠪᠦᠬᠦ ᠠᠶᠢᠮᠠᠭ ᠤᠨ ᠵᠤᠭᠠᠴᠠᠯ ᠤᠨ ᠥᠢᠯᠡᠰ ᠤᠨ ᠰᠡᠷᠬᠦᠭᠡᠯᠳᠡ ᠪᠠ ᠬᠦᠭᠵᠢᠯᠳᠡ ᠶᠢ ᠳᠡᠮᠵᠢᠭᠰᠡᠨ ᠪᠠᠶᠢᠨ᠎ᠠ᠃       ᠠᠶᠢᠮᠠᠭ ᠤᠨ ᠬᠦᠮᠥᠨ ᠤ ᠬᠦᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ᠶᠢᠨ ᠬᠢᠨ ᠬᠤᠷᠴᠢᠨ ᠪᠠᠷᠠᠭᠤᠨ ᠭᠠᠷᠥᠨ ᠳᠤᠮᠳᠠᠳᠥ ᠬᠤᠰᠢᠭᠤᠨ ᠤ ᠲᠦᠰᠢᠶᠡᠳᠥ ᠸᠠᠩ ᠤᠨ ᠤᠷᠳᠥᠨ᠂ ᠪᠠᠳᠤᠴᠠᠭᠠᠨ ᠤ ᠠᠮᠢ ᠠᠬᠤᠢ ᠶᠢᠨ ᠵᠤᠭᠠᠴᠠᠯ ᠤᠨ ᠤᠷᠤᠨ᠂ ᠮᠤᠩᠭᠤᠯ ᠦᠨᠳᠥᠰᠥᠳᠡᠨ ᠤ ᠤᠷᠠᠨ ᠬᠠᠳᠬᠤᠮᠠᠯ ᠤᠨ ᠰᠤᠶᠤᠯ ᠤᠨ ᠮᠦᠽᠸᠢ᠂ ᠪᠠᠳᠤᠴᠠᠭᠠᠨ ᠴᠠᠭᠠᠨ ᠢᠳᠡᠭᠡᠨ ᠤ ᠬᠢᠵᠠᠭᠠᠷᠳᠥ ᠺᠤᠮᠫᠠᠨᠢ ᠵᠡᠷᠭᠡ ᠭᠠᠵᠠᠷ ᠢᠶᠠᠷ ᠳᠤᠭᠤᠷᠢᠨ ᠵᠤᠭᠠᠴᠠᠵᠤ᠂ ᠳᠤᠮᠳᠠᠳᠥ ᠬᠤᠰᠢᠭᠤᠨ ᠤ ᠭᠤᠶᠤ ᠰᠠᠶᠢᠬᠠᠨ ᠪᠠᠶᠢᠭᠠᠯᠢ ᠶᠢᠨ ᠦᠵᠡᠮᠵᠢ ᠶᠢ ᠰᠤᠨᠢᠷᠬᠠᠬᠤ ᠶᠢᠨ ᠬᠠᠮᠳᠥ ᠳᠡᠨᠳᠡᠬᠢ ᠰᠤᠶᠤᠯ ᠢᠷᠭᠡᠨᠰᠢᠯ ᠤᠨ ᠳᠤᠬᠠᠢ ᠨᠠᠷᠢᠯᠢᠭ ᠤᠢᠢᠯᠠᠭᠠᠵᠠᠢ᠃ ᠮᠦᠨ ᠳᠡᠨᠳᠡᠬᠢ ᠵᠤᠭᠠᠴᠠᠯ ᠤᠨ ᠥᠢᠯᠡᠰ ᠤᠨ ᠬᠦᠭᠵᠢᠯᠳᠡ ᠪᠠ ︽ᠵᠤᠭᠠᠴᠠᠯ + ᠠᠵᠤ ᠥᠢᠯᠡᠰ︾ ᠢ ᠬᠡᠷᠬᠢᠨ ᠤᠶᠠᠯᠳᠤᠭᠤᠯᠵᠤ᠂ ᠳᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠥᠢᠯᠡᠴᠢᠯᠡᠵᠤ ᠪᠠᠶᠢᠭ᠎ᠠ ᠳᠤᠬᠠᠢ ᠤᠢᠢᠯᠠᠭᠠᠵᠤ ᠶᠠᠪᠤᠵᠠᠢ᠃       ᠲᠤᠰ ᠤᠳᠠᠭᠠᠨ ᠤ ︽ᠬᠢᠨᠭ᠍ᠭᠠᠨ ᠤ ᠬᠦᠮᠥᠨ ᠬᠢᠨᠭ᠍ᠭᠠᠨ ᠢᠶᠠᠷ ᠢᠶᠠᠨ ᠵᠤᠭᠠᠴᠠᠬᠤ︾ ᠭᠡᠬᠦ ᠭᠤᠤᠯ ᠰᠡᠳᠥᠪᠳᠥ ᠠᠵᠢᠯᠯᠠᠭ᠎ᠠ ᠪᠠᠷ ᠳᠠᠮᠵᠢᠨ ᠺᠠᠳ᠋ᠷ ᠠᠵᠢᠯᠳᠠᠳ ᠤᠨ ᠳᠤᠮᠳᠠ ︽ᠬᠦᠭᠡᠮᠳᠥᠭ ᠨᠤᠭᠤᠭᠠᠨ ᠠᠭᠤᠯᠠ ᠤᠰᠥ ᠪᠤᠯ ᠳᠠᠷᠤᠢ ᠠᠯᠳᠠ ᠮᠦᠡᠭᠬᠦᠨ ᠠᠭᠤᠯᠠ︾ ᠭᠡᠬᠦ ᠤᠨᠤᠯᠵᠢᠬᠤᠨ ᠢ ᠪᠠᠳᠥ ᠱᠤᠭᠤᠵᠤ᠂ ᠮᠠᠨ ᠤ ᠠᠶᠢᠮᠠᠭ ᠤᠨ ᠤᠨᠴᠠᠯᠢᠬᠳᠥ ᠵᠤᠭᠠᠴᠠᠯ ᠤᠨ ᠥᠢᠯᠡᠰ ᠢ ᠳᠡᠮᠵᠢᠵᠤ᠂ ᠪᠤᠬᠢᠷᠳᠤᠯ ᠦᠬᠡᠢ ᠬᠦᠭᠵᠢᠯᠳᠡ ᠶᠢ ᠪᠠᠷᠢᠮᠳᠠᠯᠠᠨ ︽ᠳᠠᠪᠤᠨ ᠬᠤᠳᠠ ᠶᠢ ᠬᠠᠮᠳᠥᠪᠠᠷ ᠡᠬᠦᠳᠥᠨ ᠪᠠᠶᠢᠭᠤᠯᠬᠤ︾ ᠵᠢᠴᠢ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠳᠤᠯᠠᠬᠤ︾ ᠶᠢ ᠠᠬᠢᠭᠤᠯᠬᠤ ᠳᠤ ᠰᠢᠯᠢᠳᠡᠭ ᠰᠠᠶᠢᠨ ᠤᠷᠴᠢᠨ ᠢ ᠪᠦᠷᠢᠯᠳᠥᠬᠦᠯᠥᠨ ᠦᠭᠬᠦᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号