ᠬᠦᠸᠧ ᠠᠢ ᠮᠢᠨ — 4 ᠦᠭᠡᠷ ᠢᠶᠠᠷ ᠠᠮᠢᠳᠤᠷᠠᠯ ᠢᠶᠠᠨ ᠦᠨᠳᠡᠶᠢᠯᠭᠡᠯ᠎ᠠ
ᠨᠡᠶᠢᠲᠡᠯᠡᠭᠰᠡᠨ ᠴᠠᠭ᠄
2020-06-18
      ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤᠨ ᠤ ᠤᠳᠤᠳᠠᠢ ᠭᠠᠴᠠᠭ᠎ᠠ ᠶᠢᠨ ᠬᠦᠸᠧ ᠠᠢ ᠮᠢᠨ ᠤ ᠭᠡᠷ ᠲᠤ ᠬᠦᠷᠬᠦ ᠳᠤ᠂ ᠡᠯᠳᠡᠪ ᠵᠦᠢᠯ ᠤᠨ ᠲᠠᠷᠢᠶᠠᠯᠠᠩ ᠤᠨ ᠡᠳ᠋ᠯᠡᠯ ᠬᠡᠷᠡᠭᠰᠡᠯ ᠨᠢ ᠴᠡᠪᠡᠷ ᠲᠤᠬᠢᠯᠢᠭ ᠬᠦᠷᠢᠶ᠎ᠡ ᠬᠠᠰᠢᠶᠠᠨ ᠳᠤ ᠵᠢᠭᠳᠡᠷᠡᠨ ᠵᠢᠭᠰᠠᠭᠠᠭᠳᠠᠵᠦ᠂ 17 ᠡᠯᠵᠢᠭᠡ ᠨᠢ ᠶᠡᠭᠡ ᠪᠠᠭ᠎ᠠ ᠨᠢ ᠠᠳᠠᠯᠢ ᠪᠤᠰᠦ ᠬᠠᠰᠢᠶ᠎ᠡ ᠰᠠᠷᠠᠪᠴᠢᠨ ᠳᠠᠭᠠᠨ ᠢᠳᠡᠰᠢᠯᠡᠨ ᠵᠤᠭᠰᠤᠨ᠎ᠠ᠃ ᠭᠡᠷ ᠤᠨ ᠡᠮᠦᠨᠡᠬᠢ ᠬᠠᠰᠢᠶᠠᠨ ᠳᠠᠭᠠᠨ ᠤᠯᠠᠷᠢᠯ ᠲᠠᠢ ᠵᠤᠬᠢᠴᠠᠭᠰᠠᠨ ᠢᠳᠡᠰᠢᠨ ᠨᠤᠭᠤᠭ᠎ᠠ ᠲᠠᠷᠢᠵᠦ ᠤᠷᠭᠤᠭᠤᠯᠵᠦ᠂ ᠬᠦᠮᠦᠰ ᠲᠤ ᠦᠭᠡᠳᠡ ᠲᠠᠢ ᠰᠠᠶᠢᠬᠠᠨ ᠠᠮᠢᠳᠤᠷᠠᠯ ᠢ ᠡᠳ᠋ᠯᠡᠵᠦ ᠪᠠᠶᠢᠭ᠎ᠠ ᠰᠢᠨ᠎ᠡ ᠮᠠᠯᠴᠢᠨ ᠲᠠᠷᠢᠶᠠᠴᠢᠨ ᠤ ᠲᠦᠷᠢ ᠲᠦᠷᠬᠦ ᠶᠢ ᠢᠯᠡᠷᠡᠬᠦᠯᠦᠨ᠎ᠠ᠃ ᠭᠡᠪᠡᠴᠦ᠂ ᠬᠡᠳᠦᠨ ᠵᠢᠯ ᠤᠨ ᠡᠮᠦᠨ᠎ᠡ ᠲᠤᠰ ︽ᠠᠶᠢᠯ︾ ᠬᠠᠷᠢᠨ ᠶᠠᠭᠤ ᠴᠦ ᠦᠭᠡᠢ ᠪᠠᠶᠢᠭᠰᠠᠨ ᠶᠠᠳᠠᠭᠤ ᠬᠦᠴᠢᠷᠳᠡᠯᠳᠡᠢ ᠡᠷᠦᠭᠡ ᠪᠠᠶᠢᠭᠰᠠᠨ ᠪᠢᠯᠡ᠃       ᠤᠳᠤᠳᠠᠢ ᠭᠠᠴᠠᠭ᠎ᠠ ᠶᠢᠨ ᠲᠠᠷᠢᠶᠠᠨ ᠭᠠᠵᠠᠷ ᠪᠠᠭ᠎ᠠ᠂ ᠤᠯᠠᠩᠬᠢ ᠨᠢ ᠪᠦᠷ ᠠᠭᠤᠯᠠᠠ ᠬᠦᠳᠤᠯ ᠤᠨ ᠲᠠᠷᠢᠶ᠎ᠡ ᠮᠦᠷᠳᠡᠭᠡᠨ ᠬᠠᠭᠤᠷᠠᠢ ᠲᠠᠷᠢᠶ᠎ᠡ ᠪᠠᠶᠢᠵᠦ᠂ ᠲᠤᠰᠬᠤᠨ ᠤ ᠠᠷᠠᠳ ᠦᠷᠬᠦᠯᠵᠢ ᠭᠠᠩ ᠬᠠᠭᠰᠠᠷᠠᠭᠠᠨ᠂ ᠠᠭᠤᠯᠠ ᠶᠢᠨ ᠦᠶᠡᠷ ᠵᠡᠷᠭᠡ ᠪᠠᠶᠢᠭᠠᠯᠢ ᠶᠢᠨ ᠭᠠᠮᠰᠢᠭ ᠲᠤ ᠤᠴᠠᠷᠠᠨ᠂ ᠶᠠᠳᠠᠭᠤ ᠬᠦᠴᠢᠷᠳᠡᠯᠳᠡᠢ ᠡᠷᠦᠭᠡ ᠶᠢᠨ ᠵᠢᠯ ᠤᠨ ᠤᠷᠤᠯᠭ᠎ᠠ ᠲᠦᠢᠯ ᠤᠨ ᠪᠠᠭ᠎ᠠ ᠪᠠᠶᠢᠯ᠎ᠠ᠃ ︽ᠤᠤᠯ ᠨᠢ ᠲᠠᠷᠢᠶ᠎ᠡ ᠲᠠᠷᠢᠵᠦ ᠠᠮᠢᠳᠤᠷᠠᠯ ᠢᠶᠠᠨ ᠠᠷᠭᠠᠴᠠᠭᠠᠵᠦ ᠪᠠᠶᠢᠯ᠎ᠠ᠂ ᠲᠡᠭᠷᠢ ᠶᠢ ᠲᠦᠰᠢᠭᠯᠡᠬᠦ ᠲᠤᠯᠠ ᠠᠮᠢᠳᠤᠷᠠᠯ ᠤᠯᠠᠮ ᠠᠴᠠ ᠤᠯᠠᠮ ᠶᠠᠳᠠᠭᠤᠷᠠᠵᠦ ᠢᠷᠡᠯ᠎ᠠ᠃ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠠᠵᠢᠯ ᠶᠠᠪᠤᠭᠳᠠᠭᠰᠠᠨ ᠠᠴᠠ ᠨᠠᠰᠢ᠂ ᠤᠯᠤᠰ ᠠᠴᠠ ᠪᠢᠳᠡᠡ ᠳᠤ 3.2 ᠲᠦᠮᠡᠨ ᠲᠦᠭᠦᠷᠢᠭ ᠤᠨ ᠠᠵᠦ ᠦᠢᠯᠡᠰ ᠤᠨ ᠶᠠᠳᠠᠭᠤ ᠶᠢ ᠲᠡᠳᠬᠦᠬᠦ ᠪᠡᠯᠡ ᠮᠦᠩᠬᠦ ᠦᠭᠴᠦ᠂ ᠲᠤᠰ ᠪᠡᠯᠡ ᠮᠦᠩᠬᠦ ᠪᠠᠷ ᠪᠢᠳᠡ 4 ᠦᠭᠡᠷ ᠬᠤᠳᠠᠯᠳᠤᠨ ᠠᠪᠴᠦ ᠲᠡᠵᠢᠭᠡᠵᠡᠢ᠂ ᠦᠭᠡᠳᠡ ᠲᠠᠢ ᠠᠮᠢᠳᠤᠷᠠᠯ ᠡᠨᠡ ᠡᠳᠦᠷ ᠠᠴᠠ ᠡᠬᠢᠯᠡᠭᠰᠡᠨ ᠪᠢᠯᠡ︾ ᠭᠡᠵᠦ ᠬᠦᠸᠧ ᠠᠢ ᠮᠢᠨ ᠨᠢᠭᠤᠷ ᠲᠦᠭᠦᠷᠡᠩ ᠮᠦᠰᠢᠶᠡᠳᠦ ᠲᠠᠢ ᠬᠡᠯᠡᠨ᠎ᠠ᠃       ᠡᠨᠡ 4 ᠦᠭᠡᠷ ᠢ ᠬᠠᠷᠠᠭᠠᠯᠵᠠᠬᠤ ᠨᠢ ᠬᠦᠸᠧ ᠠᠢ ᠮᠢᠨ ᠳᠤ ᠠᠪᠴᠦ ᠬᠡᠯᠡᠪᠡᠯ ᠲᠡᠷᠢᠬᠦᠨ ᠴᠢᠬᠤᠯᠠ ᠶᠠᠪᠤᠳᠠᠯ ᠪᠤᠯᠤᠨ᠎ᠠ᠂ ᠭᠡᠪᠡᠴᠦ ᠦᠭᠡᠷ ᠲᠡᠵᠢᠭᠡᠨ ᠦᠷᠡᠵᠢᠬᠦᠯᠬᠦ ᠲᠤᠷᠰᠢᠯᠭ᠎ᠠ ᠦᠭᠡᠢ ᠬᠦᠸᠧ ᠠᠢ ᠮᠢᠨ ᠳᠤ ᠠᠪᠴᠦ ᠬᠡᠯᠡᠪᠡᠯ ᠬᠠᠷᠢᠨ ᠤᠬᠠᠭᠠᠨ ᠢ ᠨᠢ ᠤᠯᠬᠤ ᠦᠭᠡᠢ ᠤᠴᠢᠷ ᠤᠯᠠᠨ ᠪᠤᠯᠤᠭᠰᠠᠨ ᠪᠢᠯᠡ᠃ ᠡᠨᠡᠬᠦ ᠪᠠᠶᠢᠳᠠᠯ ᠳᠤ ᠴᠢᠭᠯᠡᠬᠦᠯᠦᠨ᠂ ᠪᠠᠳᠠᠷᠠᠬᠤ ᠪᠠᠯᠭᠠᠰᠦ ᠠᠴᠠ ᠦᠭᠡᠷ ᠲᠡᠵᠢᠭᠡᠨ ᠦᠷᠡᠵᠢᠬᠦᠯᠬᠦ ᠮᠡᠷᠭᠡᠵᠢᠯ ᠢᠶᠠᠷ ᠲᠤᠳᠠᠮᠠᠭ ᠲᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠭᠡ ᠳᠤ ᠲᠤᠰᠬᠠᠢᠢᠯᠠᠨ ᠲᠡᠵᠢᠭᠡᠨ ᠦᠷᠡᠵᠢᠬᠦᠯᠬᠦ ᠦᠢᠯᠡᠰ ᠤᠨ ᠪᠤᠯᠪᠠᠰᠤᠷᠠᠯ ᠬᠦᠷᠳᠡᠭᠡᠭᠰᠡᠨ ᠢᠶᠠᠷ ᠪᠠᠷᠠᠬᠤ ᠦᠭᠡᠢ ᠲᠤᠰᠬᠠᠢ ᠵᠢᠯᠤᠭᠤᠳᠤᠭᠴᠢ ᠲᠤᠬᠢᠷᠠᠭᠤᠯᠤᠨ ᠲᠤᠭᠳᠠᠭᠰᠠᠨ ᠬᠤᠭᠤᠴᠠᠭ᠎ᠠ ᠪᠠᠷ ᠡᠷᠦᠭᠡ ᠪᠠᠷ ᠬᠦᠨᠵᠡᠭᠡᠶᠢᠷᠡᠨ ᠵᠢᠭᠠᠨ ᠵᠢᠯᠤᠭᠤᠳᠤᠯᠭ᠎ᠠ ᠬᠢᠭᠰᠡᠨ ᠪᠢᠯᠡ᠃ ᠬᠦᠸᠧ ᠠᠢ ᠮᠢᠨ ᠠᠭᠠᠵᠢᠮ ᠢᠶᠠᠷ᠂ ᠦᠭᠡᠷ ᠲᠡᠵᠢᠭᠡᠨ ᠦᠷᠡᠵᠢᠬᠦᠯᠬᠦ ᠲᠠᠯ᠎ᠠ ᠪᠠᠷ ᠬᠢ ︽ᠲᠤᠰᠬᠠᠢ ᠮᠡᠷᠭᠡᠵᠢᠯᠳᠡᠨ︾ ᠪᠤᠯᠵᠦ᠂ ᠤᠤᠯ ᠤᠨ 4 ᠦᠭᠡᠷ ᠨᠢ ᠴᠦ 9 ᠪᠤᠯᠵᠦ ᠨᠡᠮᠡᠭᠳᠡᠪᠡ᠃ ᠭᠡᠪᠡᠴᠦ ᠲᠡᠷᠡ ᠰᠡᠳᠬᠢᠯ ᠬᠠᠨᠤᠭᠰᠠᠨ ᠦᠭᠡᠢ᠂ ᠬᠦᠭᠵᠢᠯᠳᠡ ᠶᠢᠨ ᠰᠢᠨ᠎ᠡ ᠵᠠᠮ ᠢ ᠢᠳᠡᠪᠬᠢᠳᠡᠢ ᠪᠠᠷ ᠡᠷᠢᠵᠦ ᠰᠦᠪᠡᠭᠴᠢᠯᠡᠪᠡ᠃ ᠡᠨᠡ ᠬᠤᠶᠠᠷ ᠵᠢᠯ ᠤᠨ ᠦᠭᠡᠷ ᠤᠨ ᠦᠨ᠎ᠠ ᠬᠠᠩᠰᠢ ᠦᠨᠳᠦᠷ᠂ ᠡᠯᠵᠢᠭᠡ ᠶᠢᠨ ᠦᠨ᠎ᠡ ᠬᠠᠩᠰᠢ ᠪᠠᠭᠤᠷᠠᠭᠰᠠᠨ ᠪᠠᠶᠢᠳᠠᠯ ᠳᠤ ᠴᠢᠭᠯᠡᠬᠦᠯᠦᠨ᠂ ᠲᠡᠷᠡ 9 ᠦᠭᠡᠷ ᠢᠶᠠᠨ ᠬᠤᠳᠠᠯᠳᠤᠭᠠᠤᠨ 11 ᠡᠯᠵᠢᠭᠡ ᠠᠪᠴᠦ ᠲᠡᠵᠢᠭᠡᠪᠡ᠃ ᠨᠠᠷᠢᠨ ᠨᠢᠮᠪᠠᠢ ᠲᠡᠵᠢᠭᠡᠨ ᠦᠷᠡᠵᠢᠬᠦᠯᠬᠦ ᠪᠠᠷ ᠲᠠᠮᠵᠢᠨ ᠤᠳᠤ ᠲᠡᠬᠦᠨ ᠤ ᠡᠯᠵᠢᠭᠡ ᠨᠢ ᠨᠢᠭᠡᠨᠳᠡ 17 ᠪᠤᠯᠵᠦ ᠨᠡᠮᠡᠭᠳᠡᠵᠡᠢ᠃ ︽ᠤᠢᠢᠷ᠎ᠠ ᠶᠢᠨ ᠬᠤᠶᠠᠷ ᠵᠢᠯ ᠳᠤ ᠡᠯᠵᠢᠭᠡᠨ ᠤ ᠦᠨ᠎ᠡ ᠬᠠᠩᠰᠢ ᠲᠤᠤᠷ᠎ᠠ ᠪᠠᠶᠢᠵᠦ᠂ ᠦᠷᠳᠡᠭ ᠨᠡᠮᠡᠭᠳᠡᠬᠦ ᠤᠷᠤᠨ ᠵᠠᠢ ᠮᠠᠰᠢ ᠶᠡᠭᠡ ᠪᠠᠶᠢᠨ᠎ᠠ᠂ ᠬᠤᠶᠠᠷ ᠵᠢᠯ ᠤᠨ ᠲᠠᠷᠠᠭ᠎ᠠ ᠯᠠᠪᠳᠠᠢ ᠦᠨ᠎ᠡ ᠬᠠᠩᠰᠢ ᠨᠡᠮᠡᠭᠳᠡᠵᠦ ᠢᠷᠡᠬᠦ ᠪᠤᠯᠤᠨ᠎ᠠ᠂ ᠲᠡᠷᠡ ᠮᠦᠷᠳᠡᠭᠡᠨ ᠡᠯᠵᠢᠭᠡ ᠶᠢ ᠲᠡᠵᠢᠭᠡᠬᠦ ᠳᠤ ᠦᠭᠡᠷ ᠠᠴᠠ ᠠᠮᠠᠷᠬᠠᠨ ᠰᠢᠦ︾ ᠭᠡᠵᠦ ᠬᠦᠸᠧ ᠠᠢ ᠮᠢᠨ ᠢᠷᠡᠭᠡᠳᠦᠢ ᠳᠡᠭᠡᠨ ᠢᠳᠡᠭᠡᠯ ᠲᠡᠬᠦᠯᠳᠡᠷ ᠬᠡᠯᠡᠨ᠎ᠠ᠃       ᠬᠦᠸᠧ ᠠᠢ ᠮᠢᠨ ᠪᠠᠰᠠ 50 ᠮᠦ ᠡᠷᠳᠡᠨᠢ ᠰᠢᠰᠢ ᠲᠠᠷᠢᠵᠦ᠂ ᠦᠪᠡᠷ ᠤᠨ ᠬᠠᠰᠢᠶᠠᠨ ᠳᠠᠭᠠᠨ ᠢᠳᠡᠰᠢᠨ ᠨᠤᠭᠤᠭ᠎ᠠ ᠲᠠᠷᠢᠵᠦ ᠦᠪᠡᠷ ᠤᠨ ᠢᠳᠡᠵᠦ ᠤᠤᠭᠤᠬᠤ ᠠᠮᠢᠳᠤᠷᠠᠯ ᠤᠨ ᠬᠡᠷᠡᠭᠴᠡᠭᠡ ᠪᠠᠨ ᠬᠠᠩᠭᠠᠬᠤ ᠪᠤᠯᠤᠭᠰᠠᠨ ᠪᠠᠶᠢᠨ᠎ᠠ᠃       4 ᠦᠬᠡᠷ ᠠᠴᠠ 9 ᠦᠬᠡᠷ ᠪᠤᠯᠳᠠᠯ᠎ᠠ᠂ ᠳᠠᠬᠢᠨ 17 ᠡᠯᠵᠢᠭᠡ ᠬᠦᠷᠲᠡᠯ᠎ᠡ᠂ ᠭᠦᠸᠧ ᠠᠶ ᠮᠢᠨ ᠦᠭᠡᠳᠡᠷᠬᠡᠭ ᠠᠮᠢᠳᠤᠷᠠᠯ ᠡᠳ᠋ᠯᠡᠬᠦ ᠪᠠᠷ ᠴᠢᠷᠮᠠᠶᠢᠭᠰᠠᠭᠠᠷ ᠢᠷᠡᠯ᠎ᠠ᠂ ᠪᠠᠰᠠ ᠴᠦ ᠴᠢᠷᠮᠠᠶᠢᠨ ᠠᠵᠢᠯᠯᠠᠵᠦ ᠶᠠᠭᠠᠷᠠᠨ᠎ᠠ ᠁  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号