ᠠᠭᠤᠯᠠ ᠳᠠᠯ᠎ᠠ ᠨᠢ ᠬᠦᠭᠡᠷᠡᠨ ᠨᠤᠭᠤᠭᠠᠷᠠᠵᠤ ᠠᠷᠠᠳ ᠤᠯᠠᠨ ᠨᠢ ᠪᠠᠶᠠᠵᠢᠨ ᠴᠢᠨᠡᠭᠡᠯᠢᠭᠵᠢᠨ᠎ᠠ
ᠨᠡᠶᠢᠲᠡᠯᠡᠭᠰᠡᠨ ᠴᠠᠭ᠄
2020-06-18
      — ᠳᠤᠮᠳᠠᠳᠤ ᠬᠤᠰᠢᠭᠤᠨ ᠤ ᠠᠮᠢ ᠠᠬᠤᠢ ᠶᠢᠨ ᠤᠷᠴᠢᠨ ᠳᠤᠭᠤᠷᠢᠨ ᠤ ᠪᠦᠳᠦᠭᠡᠨ ᠪᠠᠶᠢᠭᠤᠯᠤᠯᠳᠠ ᠶᠢᠨ ᠳᠤᠬᠠᠢ ᠳᠡᠮᠳᠡᠭᠯᠡᠪᠡ          ᠠᠭᠤᠯᠠ ᠳᠤᠯᠤᠭᠠᠳ ᠢ ᠬᠦᠭᠡ ᠪᠠᠷ ᠨᠢ ᠪᠠᠶᠢᠯᠭᠠᠵᠦ          ᠡᠭᠡ ᠭᠠᠵᠠᠷ ᠢ ᠨᠤᠭᠤᠭᠠᠨ ᠢᠶᠠᠷ ᠨᠢ ᠪᠠᠶᠢᠯᠭᠠᠵᠦ          ᠴᠡᠯᠮᠡᠭ ᠲᠡᠭᠷᠢ ᠶᠢ ᠴᠡᠩᠭᠡᠷ ᠢᠶᠠᠷ ᠨᠢ ᠪᠠᠶᠢᠯᠭᠠᠵᠦ          ᠭᠤᠤᠯ ᠮᠦᠷᠡᠨ ᠢ ᠳᠤᠩᠭᠠᠯᠠᠬ ᠢᠶᠠᠷ ᠨᠢ ᠪᠠᠶᠢᠯᠭᠠᠵᠦ          ᠳᠠᠯ᠎ᠠ ᠨᠤᠳᠤᠬ ᠢ ᠳᠠᠩᠰᠤᠬ ᠢᠶᠠᠷ ᠨᠢ ᠪᠠᠶᠢᠯᠭᠠᠨ᠎ᠠ ᠁       ᠡᠨᠡ ᠪᠤᠯ ᠦᠵᠡᠰᠬᠦᠯᠠᠩᠳᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠶᠢᠨ ᠠᠯᠤᠰ ᠬᠡᠳᠦ ᠶᠢᠨ ᠭᠤᠶᠤ ᠵᠢᠷᠤᠬ᠂ ᠦᠨᠢᠳᠠ ᠶᠢᠨ ᠬᠦᠭᠵᠢᠯᠳᠠ ᠶᠢ ᠪᠡᠶᠡᠯᠡᠬᠦᠯᠬᠦ ᠶᠢᠨ ᠦᠨᠳᠦᠰᠤᠨ ᠱᠠᠭᠠᠷᠳᠠᠯᠭ᠎ᠠ ᠪᠤᠯᠬᠤ ᠶᠤᠮ᠃ ᠦᠢᠷ᠎ᠡ ᠶᠢᠨ ᠵᠢᠯ ᠠᠴᠠ ᠨᠠᠭᠠᠰᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ︾ ᠭᠡᠬᠦ ᠤᠨᠤᠯᠵᠢᠬᠤᠨ ᠢ ᠪᠠᠷᠢᠮᠳᠠᠯᠠᠵᠦ᠂ ᠠᠮᠢ ᠠᠬᠤᠶ ᠶᠢᠨ ᠪᠦᠳᠦᠭᠡᠨ ᠪᠠᠶᠢᠭᠤᠯᠤᠯᠳᠠ ᠶᠢ ᠳᠡᠷᠢᠭᠦᠨ ᠳᠤ ᠲᠠᠯᠪᠢᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠤᠯᠭᠠᠵᠦ᠂ ᠠᠭᠤᠯᠠ ᠤᠰᠤ ᠣᠢ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢᠶᠠᠨ ᠵᠠᠰᠠᠨ ᠰᠢᠨᠡᠳᠭᠡᠵᠦ᠂ ᠡᠯᠡᠰᠦ ᠮᠠᠩᠬ᠎ᠠ ᠶᠢ ᠲᠤᠭᠳᠠᠪᠤᠷᠢᠵᠢᠭᠤᠯᠤᠨ᠂ ᠠᠮᠢ ᠠᠬᠤᠢ ᠶᠢᠨ ᠰᠢᠯᠢᠳᠡᠭ ᠰᠠᠶᠢᠨ ᠬᠠᠯᠬᠠᠪᠴᠢ ᠶᠢ ᠪᠠᠶᠢᠭᠤᠯᠵᠦ᠂ ᠠᠮᠢ ᠠᠬᠤᠢ ᠶᠢᠨ ᠤᠷᠴᠢᠨ ᠳᠤᠭᠤᠷᠢᠨ ᠢᠶᠠᠨ ᠪᠦᠬᠦ ᠳᠠᠯ᠎ᠠ ᠪᠠᠷ ᠰᠡᠷᠭᠦᠭᠡᠭᠰᠡᠨ ᠠᠴᠠ ᠤᠳᠤ ᠠᠭᠤᠯᠠ ᠳᠠᠯ᠎ᠠ ᠨᠢ ᠬᠦᠭᠡᠷᠡᠨ ᠨᠤᠭᠤᠭᠠᠷᠠᠵᠤ᠂ ᠠᠷᠠᠳ ᠤᠯᠠᠨ ᠨᠢ ᠪᠠᠶᠠᠵᠢᠨ ᠴᠢᠨᠡᠭᠡᠯᠢᠭᠵᠢᠵᠦ ᠪᠠᠶᠢᠨ᠎ᠠ᠃       6 ᠰᠠᠷ᠎ᠠ ᠶᠢᠨ 11 ᠤ ᠡᠳᠦᠷ᠂ ᠪᠢᠳᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤ ᠶᠢᠨ ᠰᠢᠷᠭ᠎ᠠ ᠭᠠᠴᠠᠭ᠎ᠠ ᠬᠦᠷᠬᠦ ᠵᠠᠮ ᠳᠤ᠂ ᠠᠭᠤᠯᠠ ᠵᠢᠯᠠᠭ᠎ᠠ ᠪᠠᠷ ᠨᠢ ᠭᠦᠢᠯᠡᠰᠦᠨ ᠮᠤᠳᠤᠳ ᠨᠤᠭᠤᠭᠠᠷᠠᠨ ᠨᠠᠯᠦ᠋ᠢᠵᠤ᠂ ᠡᠯᠳᠡᠪ ᠤᠨ ᠰᠢᠪᠠᠭᠤᠳ ᠨᠢ ᠵᠢᠷᠭᠢᠨ ᠲᠤᠩᠭᠤᠳᠤᠭᠠᠳ ᠰᠤᠨᠤᠷ ᠢ ᠪᠠᠶᠠᠰᠬᠠᠨ᠎ᠠ᠃ ︽ᠬᠠᠪᠤᠷ ᠲᠠᠭᠠᠨ ᠮᠠᠨ ᠤ ᠵᠡᠭᠦᠨ ᠠᠭᠤᠯᠠ ᠤ ᠬᠠᠵᠠᠭᠤ ᠪᠠᠷ ᠦᠩᠭᠡᠷᠡᠭᠦ ᠳᠤ ᠭᠦᠢᠯᠡᠰᠦᠨ ᠴᠡᠴᠡᠭᠡᠰ ᠦᠩᠭᠡ ᠢᠯᠭᠠᠷᠠᠨ ᠳᠡᠯᠭᠡᠷᠡᠵᠤ᠂ ᠵᠤᠨ ᠳᠠᠭᠠᠨ ᠵᠦᠢᠯ ᠤᠨ ᠰᠢᠪᠠᠭᠤᠳ ᠳᠤᠩᠭᠤᠳᠤᠨ ᠵᠢᠷᠬᠢᠵᠦ᠂ ᠬᠦᠬᠡᠷᠡᠨ ᠨᠤᠭᠤᠭᠠᠷᠠᠬᠤ ᠠᠭᠤᠯᠠ ᠵᠢᠯᠠᠭ᠎ᠠ ᠬᠦᠭᠵᠢᠯ ᠴᠡᠴᠡᠭᠯᠡᠯ ᠤᠨ ᠵᠢᠷᠤᠭ ᠪᠤᠯᠵᠦ ᠳᠡᠯᠭᠡᠭᠳᠡᠨ᠎ᠡ ᠰᠢᠤ᠂ ᠮᠠᠨ ᠤ ᠪᠠᠯᠭᠠᠰᠤ ᠪᠡᠯᠴᠢᠭᠡᠷᠯᠡᠭᠦᠯᠬᠦ ᠶᠢ ᠬᠤᠷᠢᠭᠯᠠᠨ ᠠᠮᠢ ᠠᠬᠤᠢ ᠶᠢ ᠰᠡᠷᠭᠦᠭᠡᠭᠰᠡᠨ ᠠᠴᠠ ᠡᠳᠡᠭᠡᠷ ᠭᠦᠢᠯᠡᠰᠤᠨ ᠮᠤᠳᠤᠳ ᠬᠤᠪᠢ ᠪᠠᠷ ᠢᠶᠠᠨ ᠤᠷᠭᠤᠴᠢᠬᠠᠵᠠᠢ︾ ᠭᠡᠵᠤ ᠪᠢᠳᠡᠨ ᠲᠠᠢ ᠬᠠᠮᠳᠤ ᠶᠠᠪᠤᠭ᠎ᠠ ᠤᠬᠠᠭᠤᠯᠬᠤ ᠭᠡᠰᠢᠭᠦᠨ ᠭᠤᠸ᠎ᠠ ᠪᠠᠶᠠᠨᠬᠤᠰᠢᠭᠤ ᠪᠠᠯᠭᠠᠰᠤ ᠶᠢᠨ ᠢᠶᠠᠨ ᠠᠮᠢ ᠠᠬᠤᠢ ᠶᠢ ᠰᠡᠷᠭᠦᠭᠡᠵᠤ ᠤᠷᠴᠢᠨ ᠳᠤᠭᠤᠷᠢᠨ ᠢᠶᠠᠨ ᠬᠠᠮᠠᠭᠠᠯᠠᠭᠰᠠᠨ ᠳᠤᠬᠠᠢ ᠳᠠᠨᠢᠯᠴᠠᠭᠤᠯᠤᠨ᠎ᠠ᠃ ᠳᠤᠮᠳᠠᠳᠤ ᠬᠤᠰᠢᠭᠤ ᠠᠮᠢ ᠠᠬᠤᠢ ᠶᠢᠨ ᠤᠷᠴᠢᠨ ᠳᠤᠭᠤᠷᠢᠨ ᠤ ᠠᠶᠠᠨᠳᠠᠭᠠᠨ ᠰᠡᠷᠭᠦᠬᠦ ᠪᠠᠷ ᠭᠤᠤᠯᠳᠠᠭᠤᠯᠵᠦ᠂ ᠬᠥᠮᠦᠨ ᠤ ᠬᠦᠴᠦ ᠪᠠᠷ ᠬᠠᠮᠢᠶᠠᠷᠬᠤ ᠪᠠᠷ ᠬᠠᠪᠰᠤᠷᠤᠮᠵᠢ ᠪᠣᠯᠭᠠᠵᠤ᠂ ︽ᠭᠤᠷᠪᠠᠨ ᠤᠮᠠᠷᠠᠳᠦ︾ ᠶᠢᠨ ᠬᠠᠯᠬᠠᠪᠴᠢ ᠣᠢ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ᠂ ᠭᠤᠤᠯᠳᠠᠯᠭ᠎ᠠ ᠲᠠᠢ ᠣᠷᠣᠨ ᠪᠦᠰᠡ ᠶᠢ ᠨᠤᠭᠤᠭᠠᠷᠠᠭᠤᠯᠬᠤ᠂ ᠳᠤᠮᠳᠠ ᠪᠠ ᠡᠮᠦᠨᠡᠲᠦ ᠬᠡᠰᠡᠭ ᠤᠨ ᠭᠤᠤᠯ ᠴᠦᠬᠦᠷᠤᠮ ᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠦᠭᠡᠳ ᠠᠭᠤᠯᠠ ᠨᠢ ᠨᠣᠭᠤᠭᠠᠨ᠂ ᠤᠰᠤ ᠨᠢ ᠲᠤᠩᠭᠠᠯᠠᠭ᠂ ᠣᠢ ᠨᠢ ᠰᠠᠬᠤᠯᠢᠭ᠂ ᠲᠠᠷᠢᠶ᠎ᠠ ᠨᠢ ᠰᠢᠮᠡᠯᠢᠭ᠂ ᠨᠠᠭᠤᠷ ᠨᠢ ᠴᠡᠩᠭᠡᠷ᠂ ᠡᠪᠡᠰᠦ ᠨᠢ ᠨᠣᠭᠤᠭᠠᠨ ᠲᠦᠰᠢᠶᠡᠳᠦ ᠨᠤᠳᠤᠬ ᠤᠨ ᠠᠮᠢ ᠠᠬᠤᠢ ᠶᠢ ᠪᠦᠷᠢᠯᠳᠦᠭᠦᠯᠪᠡ᠃
      ᠳᠤᠮᠳᠠᠳᠤ ᠬᠤᠰᠢᠭᠤᠨ ᠤ ᠶᠡᠭᠡᠳᠠᠯ᠎ᠠ ᠤᠢ ᠰᠢᠭᠤᠢ ᠶᠢᠨ ᠳᠠᠯᠠᠪᠠᠢ ᠨᠢ ᠤᠤᠯ ᠳᠠᠭᠠᠨ ᠳᠠᠯ᠎ᠠ ᠵᠤ ᠨᠢ ᠳᠠᠴᠢᠷᠰᠢᠨ ᠡᠯᠡᠰᠤᠷᠭᠡᠭᠵᠢᠵᠤ᠂ ᠰᠠᠯᠬᠢ ᠰᠠᠯᠬᠢᠯᠠᠬᠰᠠᠭᠠᠷ ᠬᠠᠷ᠎ᠠ ᠳᠤᠭᠤᠰᠦ ᠳᠡᠭᠳᠡᠭᠡᠳ ᠨᠢᠳᠤ ᠨᠡᠭᠡᠭᠡᠯᠭᠡᠭᠦ ᠦᠭᠡᠢ ᠪᠠᠶᠢᠵᠠᠢ᠃ ᠡᠭᠦᠨ ᠳᠤ ᠭᠡᠳᠤᠨ ᠵᠢᠯ ᠤᠨ ᠠᠮᠢ ᠠᠬᠤᠢ ᠶᠢᠨ ᠰᠡᠷᠬᠦᠭᠡᠯᠳᠠ ᠪᠠᠷ ᠳᠠᠮᠵᠢᠨ ᠤᠳᠤ ᠵᠢᠮᠢᠰ ᠤᠨ ᠮᠤᠳᠦᠨ ᠤ ᠠᠵᠦ ᠠᠬᠤᠢ ᠶᠢᠨ ᠰᠠᠭᠤᠷᠢᠨ ᠭᠠᠵᠠᠷ ᠪᠤᠯᠵᠦ᠂ 1000 ᠭᠠᠷᠤᠢ ᠮᠦ ᠠᠳᠠᠷᠰᠢᠬᠰᠠᠨ ᠳᠠᠯ᠎ᠠ ᠨᠢ ᠬᠦᠭᠡᠷᠡᠨ ᠨᠤᠭᠤᠭᠠᠷᠠᠬᠰᠠᠨ ᠪᠠᠶᠢᠨ᠎ᠠ᠃ ᠠᠯᠮᠤᠷᠠᠳ ᠤᠨ ᠮᠤᠳᠦ᠂ ᠬᠦᠢᠯᠡᠰᠤᠨ ᠮᠤᠳᠦ᠂ ᠠᠭᠠᠯᠢᠬ ᠠᠯᠢᠮ᠎ᠠ ᠶᠢᠨ ᠮᠤᠳᠦ ᠵᠡᠷᠭᠡ ᠠᠷᠪᠠᠭᠠᠳ ᠵᠦᠢᠯ ᠤᠨ ᠵᠢᠮᠢᠰ ᠤᠨ ᠮᠣᠳᠣ ᠬᠦᠭᠡᠷᠡᠨ ᠤᠷᠭᠤᠵᠦ᠂ ᠬᠤᠯᠠ ᠤᠢᠢᠷ᠎ᠠ ᠶᠢᠨ ᠵᠤᠭᠠᠴᠠᠬᠰᠠᠳ ᠢ ᠡᠷᠭᠡ ᠦᠭᠡᠢ ᠳᠡᠳᠡᠨ᠎ᠠ᠃ ᠤᠢᠢᠯᠠᠭᠠᠭᠰᠠᠨ ᠢᠶᠠᠷ᠂ ᠶᠡᠬᠡᠳᠠᠯ᠎ᠠ ᠤᠢ ᠰᠢᠭᠤᠢ ᠶᠢᠨ ᠳᠠᠯᠠᠪᠠᠢ ᠨᠢ ᠡᠨᠡ ᠵᠢᠯ 9470 ᠮᠥ ᠭᠠᠵᠠᠷ ᠤᠨ ᠳᠠᠷᠢᠶᠠᠯᠠᠬᠤ ᠶᠢ ᠨᠢ ᠵᠤᠭᠰᠤᠭᠠᠨ ᠠᠮᠢ ᠠᠬᠤᠢ ᠶᠢᠨ ᠤᠢ ᠮᠤᠳᠤ ᠲᠠᠷᠢᠵᠠᠢ᠃       ᠳᠤᠮᠳᠠᠳᠤ ᠬᠤᠰᠢᠭᠤ ︽ᠨᠤᠮᠢᠨ ᠨᠤᠭᠤᠭᠠᠨ ᠨᠤᠲᠤᠭ ᠳᠡᠪᠢᠰᠬᠡᠷ︾ ᠤᠨ ᠲᠠᠯᠠᠪᠠᠢ ᠶᠢ ᠦᠷᠭᠦᠯᠵᠢᠯᠡᠨ ᠥᠷᠭᠡᠳᠬᠡᠬᠦ ᠪᠠᠷ᠂ ᠲᠥᠪ ᠤᠨ ᠤᠬᠠᠭᠤᠯᠬᠤ ᠬᠡᠯᠲᠡᠰ ᠤᠨ ᠬᠦᠴᠦᠲᠡᠶ ᠳᠡᠮᠵᠢᠯᠭᠡ ᠲᠤᠤᠷ᠎ᠠ ︽ᠮᠠ ᠢ ᠤᠢ ᠰᠢᠭᠤᠢ︾ ᠶᠢᠨ ᠡᠯᠡᠰᠦᠷᠭᠡᠭᠵᠢᠯ ᠠᠴᠠ ᠰᠡᠷᠭᠡᠶᠢᠯᠡᠬᠦ ᠲᠥᠷᠥᠯ ᠵᠣᠶᠢᠯ ᠢ ᠯᠠᠪᠳᠠᠭᠤᠨ ᠪᠠᠳᠤᠳᠠᠢ ᠭᠡᠷᠡᠭᠵᠢᠬᠦᠯᠵᠦ᠂ ᠬᠤᠶᠠᠷ ᠵᠢᠯ ᠤᠨ ᠲᠤᠳᠤᠷ᠎ᠠ ᠨᠡᠶᠢᠲᠡ 4.85 ᠲᠦᠮᠡᠨ ᠮᠦ ᠨᠠᠶᠢᠯᠵᠠᠭᠤᠷ ᠬᠠᠷᠭᠠᠨ᠎ᠠ᠂ ᠴᠢᠴᠠᠷᠭᠠᠨ᠎ᠠ ᠵᠠᠶᠢᠯᠠᠵᠦ᠂ ᠡᠯᠡᠰᠤᠷᠭᠡᠭᠵᠢᠬᠦ ᠶᠢ ᠵᠤᠬᠢᠰᠳᠠᠢ ᠰᠡᠷᠭᠡᠶᠢᠯᠡᠵᠦ ᠴᠢᠳᠡᠬᠰᠠᠨ ᠮᠦᠷᠳᠡᠭᠡᠨ ᠳᠠᠩᠰᠠᠯᠠᠵᠦ ᠺᠠᠷᠲᠯᠠᠬᠰᠠᠨ ᠶᠠᠳᠠᠭᠤ ᠬᠦᠴᠢᠷᠳᠡᠯᠲᠡᠶ 1000 ᠭᠠᠷᠤᠢ ᠬᠦᠮᠦᠨ ᠢ ᠤᠢ ᠰᠢᠭᠤᠢ ᠶᠢᠨ ᠬᠠᠮᠠᠭᠠᠯᠠᠬᠴᠢ ᠪᠠᠷ ᠤᠷᠢᠨ ᠭᠡᠷᠡᠭᠯᠡᠵᠦ᠂ ᠶᠠᠳᠠᠭᠤ ᠠᠴᠠ ᠠᠩᠬᠢᠵᠢᠷᠠᠨ ᠪᠤᠭᠤᠮᠳᠠ ᠰᠢᠪᠳᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ ᠶᠡᠬᠡᠳᠡᠯ᠎ᠡ ᠤᠢ ᠰᠢᠭᠤᠢ ᠶᠢᠨ ᠳᠠᠯᠠᠪᠠᠢ ᠳᠤ ᠲᠦᠷᠦᠵᠤ ᠦᠰᠦᠭᠰᠡᠨ ᠪᠤᠤ ᠬᠠᠢ ᠤᠳᠤᠭᠢ ᠠᠮᠢ ᠠᠬᠤᠢ ᠶᠢᠨ ᠰᠡᠷᠭᠦᠭᠡᠭᠳᠡᠭᠰᠡᠨ ᠪᠠ ᠬᠠᠮᠠᠭᠠᠯᠠᠬᠳᠠᠵᠦ ᠪᠠᠶᠢᠭ᠎ᠠ ᠶᠢ ᠨᠢᠳᠤ ᠪᠠᠷ ᠢᠶᠠᠨ ᠦᠵᠡᠭᠰᠡᠨ ᠪᠦᠭᠡᠳ ᠤᠳᠤ ᠨᠡᠶᠢᠳᠡ ᠶᠢᠨ ᠠᠰᠠᠷᠠᠮᠵᠢ ᠶᠢᠨ ᠤᠢ ᠰᠢᠭᠤᠢ ᠶᠢᠨ ᠬᠠᠮᠠᠭᠠᠯᠠᠬᠴᠢ ᠶᠢᠨ ᠠᠵᠢᠯ ᠢ ᠬᠢᠵᠦ ᠪᠠᠶᠢᠭ᠎ᠠ ᠲᠤᠯᠠ ᠪᠤᠰᠤᠳ ᠠᠴᠠ ᠨᠢᠭᠡ ᠬᠤᠪᠢ ᠢᠯᠡᠭᠦᠤ ᠬᠠᠷᠢᠭᠤᠴᠠᠯᠭᠠᠳᠤ ᠰᠡᠳᠭᠢᠯᠭᠡ ᠪᠡ ᠤᠮᠤᠭᠰᠢᠯᠳᠤ ᠰᠡᠳᠭᠢᠯᠭᠡ ᠲᠠᠢ ᠪᠠᠶᠢᠳᠠᠭ᠃ ᠳᠡᠷᠡ᠄ ︽ᠨᠠᠳᠠ ᠶᠢ ᠪᠠᠭ᠎ᠠ ᠪᠠᠶᠢᠬᠤ ᠳᠤ ᠡ᠊ᠨᠳᠡᠭᠢ ᠤᠢ ᠰᠢᠭᠤᠢ ᠢᠬᠴᠢ ᠰᠠᠬᠤᠯᠢᠭ ᠪᠠᠶᠢᠵᠠᠢ᠂ ᠰᠡᠭᠦᠯᠡᠷ ᠨᠢ ᠠᠳᠠᠷ ᠬᠠᠭᠠᠯᠪᠤᠷᠢᠯᠠᠵᠤ ᠳᠠᠷᠢᠶ᠎ᠠ ᠳᠠᠷᠢᠭᠰᠠᠨ ᠠᠴᠠ ᠶᠡᠬᠡᠪᠡᠷ ᠡᠯᠡᠰᠦᠷᠬᠡᠭᠵᠢᠪᠡ᠂ ᠤᠢᠢᠷ᠎ᠠ ᠶᠢᠨ ᠬᠡᠳᠦᠨ ᠵᠢᠯ ᠳᠠᠷᠢᠶᠠᠯᠠᠬᠤ ᠶᠢ ᠵᠤᠭᠰᠤᠭᠠᠵᠤ ᠤᠢᠢᠵᠢᠭᠤᠯᠤᠭᠰᠠᠨ ᠠᠴᠠ ᠠᠮᠢ ᠠᠬᠤᠢ ᠠᠭᠠᠵᠢᠮ ᠢᠶᠠᠷ ᠰᠡᠷᠭᠦᠵᠠᠢ᠃ ᠪᠢ ᠡᠨᠡᠬᠦ ᠬᠡᠰᠡᠭ ᠭᠠᠵᠠᠷ ᠢᠶᠠᠨ ᠰᠠᠶᠢᠳᠤᠷ ᠰᠠᠬᠢᠨ ᠬᠠᠮᠠᠭᠠᠯᠠᠵᠤ᠂ ᠦᠨᠢᠳᠡ ᠭᠤᠶᠤ ᠦᠵᠡᠰᠭᠦᠯᠡᠩ ᠪᠠᠶᠢᠯᠭᠠᠨ᠎ᠠ︾ ᠭᠡᠵᠤ ᠤᠮᠤᠭᠰᠢᠯᠳᠠᠢ ᠬᠡᠯᠡᠨ᠎ᠡ᠃       ︽ᠬᠥᠬᠡᠮᠳᠦᠭ ᠨᠤᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠬᠤ︾ ᠨᠢ ᠲᠤᠰ ᠬᠤᠰᠢᠭᠤᠨ ᠤ ᠠᠷᠠᠳ ᠲᠦᠮᠡᠨ ᠤ ᠰᠡᠳᠬᠢᠯ ᠤᠨ ᠳᠠᠭᠤᠨ ᠪᠠ ᠪᠣᠳᠠᠲᠤ ᠠᠵᠢᠯᠯᠠᠭ᠎ᠠ ᠪᠤᠯᠵᠤ᠂ ᠠᠮᠢ ᠠᠬᠤᠢ ᠤᠷᠴᠢᠨ ᠳᠤᠭᠤᠷᠢᠨ ᠤ ᠰᠡᠷᠬᠦᠭᠡᠯᠳᠠ ᠶᠢᠨ ᠠᠰᠢᠬ ᠲᠤᠰᠠ ᠶᠢ ᠬᠦᠷᠳᠡᠭᠰᠡᠨ ᠲᠡᠳᠡᠨᠤᠰ ᠰᠠᠶᠢᠨ ᠳᠤᠷ᠎ᠠ ᠠᠴᠠ ᠪᠠᠨ ᠡᠪᠡᠰᠦ ᠲᠠᠷᠢᠵᠦ ᠮᠤᠳᠦ ᠵᠠᠶᠢᠯᠠᠨ᠂ ᠡᠯᠡᠰᠦ ᠶᠢ ᠵᠠᠰᠠᠬᠤ ᠪᠤᠯᠤᠬᠰᠠᠨ ᠪᠠᠶᠢᠨ᠎ᠠ᠃ 2019 ᠤᠨ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠶ ᠶᠢᠨ ᠪᠦᠷᠬᠦᠴᠡ ᠶᠢᠨ ᠬᠡᠮᠵᠢᠶ᠎ᠠ ᠨᠢ 18.05%᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠬᠤᠴᠢᠯᠭ᠎ᠠ ᠶᠢᠨ ᠪᠦᠷᠬᠦᠴᠡ ᠶᠢᠨ ᠭᠡᠮᠵᠢᠶ᠎ᠠ ᠨᠢ 63% ᠪᠣᠯᠤᠨ ᠳᠡᠭᠡᠭᠰᠢᠯᠡᠵᠤ᠂ ᠠᠮᠢ ᠠᠬᠤᠢ ᠣᠷᠴᠢᠨ ᠲᠣᠭᠤᠷᠢᠨ ᠨᠢ ᠮᠡᠳᠡᠭᠳᠡᠮ᠎ᠡ ᠰᠠᠶᠢᠵᠢᠷᠠᠵᠠᠢ᠃       ᠠᠮᠢ ᠠᠬᠤᠢ ᠶᠢᠨ ᠰᠠᠶᠢᠨ ᠰᠠᠶᠢᠬᠠᠨ ᠤᠷᠴᠢᠨ ᠳᠤᠭᠤᠷᠢᠨ ᠨᠢ ᠳᠤᠮᠳᠠᠳᠤ ᠶᠢᠨ ᠦᠨᠳᠦᠰᠦᠳᠡᠨ ᠤ ᠬᠦᠭᠵᠢᠯᠳᠠ ᠶᠢᠨ ᠳᠤᠳᠤᠭᠠᠳᠦ ᠱᠠᠭᠠᠷᠳᠠᠯᠭ᠎ᠠ᠂ ᠮᠦᠨ ᠴᠤ ᠠᠷᠠᠳ ᠲᠦᠮᠡᠨ ᠳᠤ ᠪᠤᠶᠠᠨ ᠵᠢᠷᠭᠠᠯ ᠡᠳ᠋ᠯᠡᠭᠦᠯᠬᠦ ᠶᠢᠨ ᠠᠨᠢᠰᠤ ᠪᠤᠯᠬᠤ ᠶᠤᠮ᠃ ᠵᠢᠷᠭᠤᠳᠤᠭᠠᠷ ᠰᠠᠷ᠎ᠠ ᠶᠢᠨ ᠳᠤᠮᠳᠠᠳᠤ ᠬᠤᠰᠢᠭᠤ ᠤᠳᠤ ᠨᠤᠭᠤᠭᠠᠨ ᠠᠮᠢᠯᠠᠯ ᠢᠶᠠᠷ ᠪᠢᠯᠬᠠᠵᠤ᠂ ᠨᠠᠷᠠᠨ ᠳᠤᠯᠠᠶᠢᠵᠤ ᠨᠠᠪᠴᠢᠰ ᠮᠦᠰᠢᠶᠡᠬᠰᠠᠨ ᠭᠤᠶᠤ ᠦᠵᠡᠮᠦᠷᠢ ᠶᠢ ᠭᠠᠶᠢᠬᠠᠭᠤᠯᠤᠨ᠎ᠠ ᠪᠢᠯᠡ︕
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号