ᠬᠤᠷᠴᠢᠨ ᠪᠠᠷᠠᠭᠤᠨ ᠭᠠᠷᠣᠨ ᠡᠮᠦᠨᠡᠲᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠢᠨ ︽ᠲᠠᠪᠣᠨ ᠬᠠᠭᠤᠳᠠᠰᠣ ᠵᠠᠬᠢᠶᠠᠯᠠᠭ᠎ᠠ ᠶᠢᠨ ᠬᠡᠯᠪᠡᠷᠢ︾ ᠪᠠᠷ ᠠᠷᠠᠳ ᠤᠨ ᠬᠦᠴᠢᠷ ᠢ ᠰᠢᠢᠳᠪᠦᠷᠢᠯᠡᠨ ᠣᠷᠤᠯᠭ᠎ᠠ ᠶᠢ ᠨᠢ ᠨᠡᠮᠡᠭᠳᠡᠭᠦᠯᠵᠦ ᠪᠤᠢ
ᠨᠡᠶᠢᠲᠡᠯᠡᠭᠰᠡᠨ ᠴᠠᠭ᠄
2020-06-22
      ᠬᠤᠷᠴᠢᠨ ᠪᠠᠷᠠᠭᠤᠨ ᠭᠠᠷᠣᠨ ᠡᠮᠦᠨᠡᠲᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠪᠣᠯᠤᠨ ᠡᠯ᠎ᠡ ᠰᠤᠮᠦ ᠰᠢᠶᠠᠩ ᠪᠠᠯᠭᠠᠰᠤ ᠲᠠᠯᠠᠪᠠᠢ ᠶᠢᠨ ᠬᠢᠨ ᠰᠠᠶᠢᠨ ᠳᠣᠷᠠᠴᠤᠤᠯ ᠤᠨ ᠦᠢᠯᠡᠴᠢᠯᠡᠭᠡᠨ ᠤ ᠰᠦᠯᠵᠢᠶᠡᠨ ᠲᠠᠪᠴᠠᠩ ᠤᠨ ᠦᠢᠯᠡᠴᠢᠯᠡᠭᠡᠨ ᠤ ᠬᠠᠭᠤᠳᠠᠰᠤ ᠵᠠᠬᠢᠶᠠᠯᠠᠬᠤ ᠰᠢᠰᠲ᠋ᠧᠮ ᠢ ᠠᠰᠢᠭᠯᠠᠵᠤ᠂ ᠦᠢᠯᠡᠳᠦᠯᠭᠡ ᠪᠠᠷ ᠳᠠᠮᠵᠢᠨ ︽ᠵᠠᠬᠢᠶᠠᠯᠠᠬᠤ᠂ ᠳᠣᠮᠢᠯᠠᠬᠤ᠂ ᠲᠣᠰᠬᠤ᠂ ᠬᠦᠷᠭᠡᠬᠦ᠂ ᠦᠨᠡᠯᠡᠬᠦ︾ ᠵᠡᠷᠭᠡ ᠲᠠᠪᠤᠨ ᠬᠠᠭᠤᠳᠠᠰᠤ ᠬᠡᠷᠡᠭᠯᠡᠭᠡᠨ ᠤ ᠠᠵᠢᠯᠯᠠᠭ᠎ᠠ ᠶᠢ ᠪᠦᠷᠢᠯᠳᠦᠭᠦᠯᠵᠦ᠂ ᠦᠨᠳᠦᠷ ᠪᠦᠲᠦᠮᠵᠢᠲᠡᠢ᠂ ᠲᠦᠷᠭᠡᠨ ᠬᠤᠷᠳᠤᠴᠠ ᠪᠠᠷ ᠮᠠᠯᠴᠢᠨ ᠲᠠᠷᠢᠶᠠᠴᠢᠨ ᠤ ᠳᠤᠮᠳᠠᠬᠢ ᠬᠦᠰᠡᠯ ᠱᠠᠭᠠᠷᠳᠠᠯᠭ᠎ᠠ ᠶᠢ ᠬᠠᠩᠭᠠᠵᠤ ᠥᠭᠬᠦ ᠪᠠᠷ ᠴᠢᠷᠮᠠᠶᠢᠵᠤ ᠪᠠᠶᠢᠨ᠎ᠠ᠃       ᠣᠷᠴᠢᠮ ᠤᠨ ᠡᠳᠦᠷ ᠲᠤ ᠠᠯᠳᠠᠷ ᠰᠤᠮᠤ ᠶᠢᠨ ᠪᠠᠷᠠᠭᠤᠨ ᠬᠡᠷᠡᠮ ᠭᠠᠴᠠᠭᠠᠨ ᠤ ᠮᠠᠯᠴᠢᠨ ᠰᠦᠨ ᠢᠥᠢ ᠮᠢᠩ ᠬᠥᠷᠰᠢ ᠵᠡᠷᠭᠡᠯᠡᠳᠡᠭᠡ ᠠᠶᠢᠯ ᠤᠨ ᠬᠢᠨᠢ ᠬᠤᠨᠢᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠰᠤᠷᠤᠯᠴᠠᠭᠰᠠᠨ ᠮᠠᠯᠴᠢᠳ ᠤᠨ ᠡᠭᠦᠯᠳᠡᠷ ᠰᠠᠶᠢᠵᠢᠷᠠᠭᠤᠯᠤᠭᠰᠠᠨ ᠬᠤᠨᠢ ᠨᠢ ᠦᠨ᠎ᠡ ᠬᠠᠩᠰᠢ ᠦᠨᠳᠦᠷ ᠮᠦᠷᠲᠡᠬᠡᠨ ᠬᠤᠳᠠᠯᠳᠤᠬᠤ ᠵᠠᠮ ᠣᠯᠠᠨ ᠪᠠᠶᠢᠬᠤ ᠶᠢ ᠮᠡᠳᠡᠭᠡᠳ ᠶᠡᠬᠡᠲᠡ ᠰᠡᠳᠭᠢᠯ ᠬᠦᠳᠡᠯᠵᠦ᠂ ᠰᠤᠷᠤᠯᠴᠠᠬᠤ ᠤᠷᠮ᠎ᠠ ᠪᠠᠬ᠎ᠠ ᠡᠭᠦᠰᠴᠦ᠂ ᠭᠡᠨᠡᠳᠲᠡ ᠰᠠᠶᠢᠨ ᠳᠤᠷ᠎ᠠ ᠶᠢᠨ ᠦᠢᠯᠠᠴᠢᠯᠡᠭᠡᠨ ᠤ ᠲᠠᠪᠴᠠᠩ ᠢ ᠰᠠᠨᠠᠵᠤ ᠣᠯᠤᠭᠠᠳ᠂ ᠲᠠᠪᠴᠠᠩ ᠳᠡᠭᠡᠷ᠎ᠡ ᠦᠢᠯᠡᠴᠢᠯᠠᠭᠡᠨ ᠤ ᠬᠠᠭᠤᠳᠠᠰᠤ ᠵᠠᠬᠢᠶᠠᠯᠠᠭᠰᠠᠨ ᠳᠤ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠪ ᠤᠨ ᠬᠢᠨ ᠦᠢᠯᠡᠴᠢᠯᠠᠭᠡᠨ ᠤ ᠬᠠᠭᠤᠳᠠᠰᠤ ᠵᠠᠬᠢᠶᠠᠯᠠᠭᠰᠠᠨ ᠤᠬᠤᠷ ᠮᠡᠳᠡᠭᠡ ᠶᠢ ᠤᠯᠤᠮᠠᠭᠴᠠ ᠲᠠᠷᠤᠢ ᠬᠠᠷᠠᠭᠠᠯᠵᠠᠭᠰᠠᠨ ᠦᠢᠯᠡᠴᠢᠯᠡᠭᠡ ᠲᠣᠬᠢᠷᠠᠭᠤᠯᠤᠨ᠂ ᠲᠠᠪᠴᠠᠩ ᠳᠡᠭᠡᠷ᠎ᠡ ᠰᠠᠶᠢᠨ ᠳᠤᠷ᠎ᠠ ᠶᠢᠨ ᠮᠡᠷᠭᠡᠵᠢᠯᠲᠡᠨ ᠡᠯᠰᠡᠬᠦ ᠵᠡᠷ ᠨᠡᠶᠢᠲᠡᠯᠡᠭᠰᠡᠨ ᠪᠠᠶᠢᠨ᠎ᠠ᠃       ᠲᠠᠪᠴᠠᠩ ᠳᠡᠭᠡᠷ᠎ᠡ ᠨᠡᠶᠢᠲᠡᠯᠡᠭᠰᠡᠨ ᠵᠠᠷ ᠢ ᠠᠯᠳᠠᠷ ᠰᠤᠮᠤᠨ ᠤ ᠡᠭᠦᠯᠳᠡᠷ ᠰᠠᠶᠢᠵᠢᠷᠠᠭᠤᠯᠬᠤ ᠦᠷᠲᠡᠭᠡᠨ ᠤ ᠰᠠᠶᠢᠨ ᠳᠤᠷᠠᠴᠤᠤᠯ ᠠᠮᠤᠭᠤᠯᠠᠩ᠂ ᠵᠢᠶᠠ ᠵᠢᠦ ᠶᠢᠨ ᠬᠤᠶᠠᠭᠤᠯᠠ ᠤᠯᠵᠦ ᠬᠠᠷᠠᠭᠰᠠᠨ ᠲᠠᠷᠤᠢ ᠳᠠᠭᠠᠨ ᠢᠳᠡᠪᠬᠢᠲᠡᠢ ᠨᠡᠷ᠎ᠡ ᠮᠡᠳᠡᠭᠦᠯᠦᠨ᠂ ᠪᠠᠷᠠᠭᠤᠨ ᠬᠡᠷᠡᠮ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠴᠠᠭ ᠳᠣᠬᠠᠢ ᠳᠤᠨᠢ ᠰᠤᠷᠤᠯᠴᠠᠬᠤ ᠲᠠᠯᠠᠪᠤᠷ ᠬᠠᠩᠭᠠᠨ ᠦᠭᠴᠦ᠂ ᠡᠭᠦᠨ ᠤ ᠬᠠᠮᠳᠤ ᠭᠠᠴᠠᠭᠠᠨ ᠤ ᠪᠣᠰᠤᠳ ᠰᠤᠷᠠᠯᠴᠠᠬᠤ ᠰᠠᠨᠠᠭᠠᠲᠠᠢ ᠮᠠᠯᠴᠢᠨ ᠲᠠᠷᠢᠶᠠᠴᠢᠳ ᠢ ᠵᠣᠬᠢᠶᠠᠨ ᠪᠠᠶᠢᠭᠤᠯᠵᠤ᠂ ᠡᠭᠦᠯᠳᠡᠷ ᠰᠠᠶᠢᠵᠢᠷᠠᠭᠤᠯᠬᠤ ᠪᠤᠯᠪᠠᠰᠤᠷᠠᠯ ᠤᠨ ᠠᠩᠭᠢ ᠡᠷᠬᠢᠯᠡᠪᠡ᠃ ᠪᠤᠯᠪᠠᠰᠤᠷᠠᠯ ᠳᠤ ᠰᠠᠶᠢᠨ ᠳᠣᠷᠠᠴᠤᠤᠯ ᠭᠤᠣᠯ ᠠᠭᠤᠯᠭ᠎ᠠ ᠶᠢ ᠨᠠᠷᠢᠨ ᠨᠢᠭᠲᠠ ᠲᠠᠶᠢᠯᠪᠤᠷᠢᠯᠠᠬᠤ ᠶᠢᠨ ᠬᠠᠮᠲᠤ ᠨᠢᠭᠡ ᠨᠢᠭᠡ ᠠᠯᠬᠤᠮ ᠢᠶᠠᠷ ᠬᠡᠷᠡᠭᠯᠡᠭᠡᠨ ᠤ ᠠᠷᠭ᠎ᠠ ᠶᠢ ᠵᠢᠭᠠᠨ ᠦᠭᠴᠦ᠂ ᠣᠨᠣᠯ ᠪᠤᠯᠤᠨ ᠦᠢᠯᠡᠳᠦᠯᠭᠡ ᠶᠢ ᠤᠶᠠᠯᠳᠤᠭᠤᠯᠬᠤ ᠠᠷᠭ᠎ᠠ ᠪᠠᠷ ᠣᠬᠤᠷᠬᠠᠨ ᠴᠠᠭ ᠲᠤ ᠪᠣᠯᠪᠠᠰᠤᠷᠠᠯ ᠤᠨ ᠠᠩᠭᠢ ᠳᠤ ᠣᠷᠤᠯᠴᠠᠭᠰᠠᠨ ᠮᠠᠯᠴᠢᠨ ᠲᠠᠷᠢᠶᠠᠴᠢᠳ ᠲᠤ ᠡᠭᠦᠯᠳᠡᠷ ᠰᠠᠶᠢᠵᠢᠷᠠᠭᠤᠯᠬᠤ ᠠᠷᠭ᠎ᠠ ᠭᠡᠯᠪᠡᠷᠢ ᠶᠢ ᠰᠤᠷᠭᠠᠭᠰᠠᠨ ᠪᠠᠶᠢᠨ᠎ᠡ᠃ ᠪᠤᠯᠪᠠᠰᠤᠷᠠᠯ ᠤᠨ ᠳᠠᠷᠠᠭ᠎ᠠ ᠰᠠᠶᠢᠨ ᠳᠤᠷᠠᠴᠤᠤᠯ ᠪᠠᠰᠠ ᠪᠤᠯᠪᠠᠰᠤᠷᠠᠯ ᠳᠤ ᠣᠷᠤᠯᠴᠠᠵᠤ ᠳᠡᠶᠢᠯᠦᠭᠰᠡᠨ ᠦᠭᠡᠢ ᠮᠠᠯᠴᠢᠨ ᠲᠠᠷᠢᠶᠠᠴᠢᠳ ᠤᠨ ᠭᠡᠷ ᠲᠤᠨᠢ ᠬᠦᠷᠴᠦ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠵᠢᠭᠠᠵᠦ ᠦᠭᠪᠡ᠃ ᠪᠤᠯᠪᠠᠰᠤᠷᠠᠯ ᠬᠦᠷᠲᠡᠭᠰᠡᠨ ᠮᠠᠯᠴᠢᠨ ᠲᠠᠷᠢᠶᠠᠴᠢᠳ ︽ᠰᠠᠶᠢᠨ ᠳᠤᠷᠠᠴᠤᠤᠯ ᠳᠤ ᠲᠠᠯᠠᠷᠬᠠᠵᠤ ᠪᠠᠶᠢᠨ᠎ᠠ᠃ ᠡᠨᠡ ᠡᠳᠦᠷ ᠤᠨ ᠪᠤᠯᠪᠠᠰᠤᠷᠠᠯ ᠢᠶᠠᠷ ᠳᠠᠮᠵᠢᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠣᠯᠵᠤ ᠰᠤᠷᠤᠭᠰᠠᠨ ᠢᠶᠠᠷ ᠪᠠᠷᠠᠬᠤ ᠦᠭᠡᠢ ᠮᠠᠨ ᠤ ᠠᠵᠤ ᠦᠢᠯᠡᠳᠪᠥᠷᠢᠯᠡᠯ ᠳᠤᠮᠳᠠᠬᠢ ᠬᠦᠴᠢᠷ ᠠᠰᠠᠭᠤᠳᠠᠯ ᠢ ᠰᠢᠢᠳᠪᠥᠷᠢᠯᠡᠵᠡᠢ᠃ ᠮᠦᠨ ᠴᠦ ᠡᠨᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠲᠠᠪᠴᠠᠩ ᠦᠨᠡᠬᠡᠷ ᠳᠦᠭᠦᠮ ᠲᠦᠳᠡ᠂ ᠦᠨᠳᠦᠷ ᠪᠦᠳᠦᠮᠵᠢᠳᠡᠢ᠂ ᠡᠨᠡ ᠰᠠᠶᠢᠨ ᠦᠢᠯᠡᠴᠢᠯᠡᠭᠡ ᠳᠤ ᠲᠠᠯᠠᠷᠬᠠᠵᠤ ᠪᠠᠶᠢᠨ᠎ᠠ︕︾ ᠭᠡᠵᠦ ᠪᠠᠶᠠᠷᠲᠠᠢ ᠶᠠᠷᠢᠨ᠎ᠠ᠃       ᠣᠳᠣ ᠪᠣᠯᠲᠠᠯ᠎ᠠ᠂ ᠬᠤᠷᠴᠢᠨ ᠪᠠᠷᠠᠭᠤᠨ ᠭᠠᠷᠣᠨ ᠡᠮᠦᠨᠡᠲᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠡᠯ᠎ᠡ ᠰᠤᠮᠦ ᠰᠢᠶᠠᠩ ᠪᠠᠯᠭᠠᠰᠤ ᠲᠠᠯᠠᠪᠠᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠢ ᠨᠡᠶᠢᠲᠡ 118 ᠤᠳᠠᠭ᠎ᠠ ᠦᠷᠨᠢᠭᠦᠯᠵᠦ᠂ ᠭᠠᠴᠠᠭ᠎ᠠ ᠲᠤᠰᠬᠤᠨ ᠤ ᠠᠰᠢᠭ ᠬᠦᠷᠲᠡᠭᠰᠡᠨ ᠮᠠᠯᠴᠢᠨ ᠲᠠᠷᠢᠶᠠᠴᠢᠨ ᠨᠡᠶᠢᠲᠡ 1000 ᠭᠠᠷᠤᠢ ᠬᠦᠷᠴᠦ᠂ ᠪᠤᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠪᠣᠳᠠᠲᠠᠶᠢᠵᠢᠭᠤᠯᠵᠤ᠂ ᠦᠢᠯᠡᠴᠢᠯᠡᠭᠡ ᠶᠢ ᠠᠷᠠᠳ ᠲᠦᠮᠡᠨ ᠤ ᠡᠭᠦᠳᠡᠨ ᠳᠤᠨᠢ ᠬᠦᠷᠭᠡᠵᠦ᠂ ᠰᠡᠳᠭᠢᠯ ᠳᠤᠨᠢ ᠬᠠᠳᠠᠩᠰᠢᠭᠤᠯᠵᠦ ᠪᠤᠢ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号