ᠤᠯᠠᠭᠠᠨᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠣᠪᠴᠢᠶ᠎ᠠ ᠦᠢᠯᠡᠴᠢᠯᠡᠭᠡᠨ ᠢᠶᠠᠨ ᠰᠠᠶᠢᠵᠢᠷᠠᠭᠤᠯᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠬᠦᠴᠥᠨ ᠨᠡᠮᠡᠷᠢᠯᠡᠵᠤ ᠪᠤᠢ
ᠨᠡᠶᠢᠲᠡᠯᠡᠭᠰᠡᠨ ᠴᠠᠭ᠄
2020-06-22
      ᠡᠨᠡ ᠵᠢᠯ ᠠᠴᠠ ᠨᠠᠰᠢ᠂ ᠤᠯᠠᠭᠠᠨᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠣᠪᠴᠢᠶ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠤ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠶᠠᠳᠠᠭᠤ ᠬᠦᠴᠢᠷᠳᠡᠯᠲᠡᠶ ᠬᠦᠮᠥᠰ ᠤᠨ ᠠᠵᠢᠯ ᠤᠯᠬᠤ ᠳᠤ ᠬᠦᠴᠢᠷᠲᠡᠶ ᠵᠡᠷᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠦᠴᠢᠷ ᠠᠰᠠᠭᠤᠳᠠᠯ ᠳᠤ ᠴᠢᠭᠯᠡᠬᠦᠯᠥᠨ᠂ ᠲᠥᠷᠥ ᠶᠢᠨ ᠪᠣᠳᠣᠯᠭ᠎ᠠ ᠶᠢᠨ ᠣᠶᠢᠯᠡᠴᠢᠯᠡᠭᠡᠨ ᠤ ᠨᠠᠷᠢᠨ ᠲᠠᠩᠰᠠ ᠵᠤᠬᠢᠶᠠᠵᠦ᠂ ᠬᠡᠷ ᠲᠤᠨᠢ ᠬᠦᠷᠴᠦ ᠴᠡᠭ ᠲᠤ ᠣᠶᠢᠯᠡᠴᠢᠯᠡᠬᠦ ᠠᠷᠭ᠎ᠠ ᠮᠠᠶ᠋ᠢᠭ ᠢ ᠠᠪᠴᠤ᠂ ᠪᠠᠯᠭᠠᠰᠤ ᠲᠣᠰᠬᠤᠨ ᠪᠤᠯᠤᠨ ᠭᠠᠴᠠᠭ᠎ᠠ ᠳᠤ ᠬᠦᠷᠴᠦ ᠠᠵᠤ ᠠᠬᠤᠶᠢᠯᠠᠯ ᠪᠠ ᠶᠠᠳᠠᠭᠤ ᠬᠦᠴᠢᠷᠳᠡᠯᠲᠡᠶ ᠬᠥᠮᠦᠰ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠣᠯᠵᠤ ᠥᠢᠯᠡᠰ ᠪᠤᠰᠬᠠᠬᠤ ᠵᠢᠯᠣᠭᠤᠳᠣᠯᠭ᠎ᠠ᠂ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠵᠢᠴᠢ ᠨᠡᠶᠢᠭᠡᠮ ᠤᠨ ᠳᠠᠭᠠᠳᠬᠠᠯ ᠢ ᠬᠦᠢᠴᠡᠳᠬᠡᠬᠦ ᠵᠡᠷᠭᠡ ᠥᠢᠯᠡᠴᠢᠯᠡᠭᠡᠨ ᠬᠠᠨᠭ᠍ᠭᠠᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠬᠦᠴᠦᠨ ᠨᠡᠮᠡᠷᠢᠯᠡᠵᠤ ᠪᠤᠢ᠃       ︽ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠳᠤ ᠠᠵᠢᠯ ᠣᠯᠭᠤᠯᠲᠠ ᠪᠠᠷ ᠤᠷᠢᠳᠠᠪᠠᠷ ᠳᠡᠳᠬᠦᠬᠦ ᠪᠤᠯ ᠮᠠᠨ ᠤ ᠤᠳᠤ ᠶᠢᠨ ᠬᠠᠷᠢᠭᠤᠴᠠᠯᠭ᠎ᠠ ᠪᠣᠯᠤᠨ᠎ᠠ᠃ ᠡᠨᠡ ᠤᠳᠠᠭ᠎ᠠ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠣᠰᠬᠤᠨ ᠤ ᠠᠵᠤ ᠠᠬᠤᠶᠢᠯᠠᠯ ᠪᠣᠯᠤᠨ ᠶᠠᠳᠠᠭᠤ ᠬᠦᠴᠢᠷᠳᠡᠯᠳᠡᠢ ᠬᠦᠮᠥᠰ ᠲᠠᠢ ᠵᠣᠯᠭᠠᠯᠴᠠᠭᠤᠯᠤᠭᠰᠠᠨ ᠨᠢ ᠲᠦᠷᠥ ᠶᠢᠨ ᠪᠤᠳᠤᠯᠭ᠎ᠠ ᠶᠢ ᠨᠡᠩ ᠵᠤᠬᠢᠰᠳᠠᠢ ᠤᠬᠠᠭᠤᠯᠥᠨ ᠳᠠᠶᠢᠯᠪᠤᠷᠢᠯᠡᠵᠤ᠂ ᠠᠵᠤ ᠠᠬᠤᠢᠢᠯᠠᠯ ᠪᠠ ᠶᠠᠳᠠᠭᠤ ᠬᠦᠴᠢᠷᠳᠡᠯᠳᠡᠢ ᠬᠦᠮᠥᠰ ᠤᠨ ᠬᠦᠴᠢᠷᠳᠡᠯ ᠢ ᠨᠡᠩ ᠰᠠᠶᠢᠳᠥᠷ ᠰᠢᠢᠳᠪᠤᠷᠢᠯᠡᠵᠤ ᠦᠭᠬᠦ ᠶᠢᠨ ᠲᠥᠯᠥᠭᠡ ᠶᠤᠮ︾ ᠲᠦᠷᠦᠭᠦᠬᠡᠨ ᠤᠯᠠᠭᠠᠨᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠣᠪᠴᠢᠶ᠎ᠠ ᠶᠢᠨ ᠬᠢᠨ ᠠᠵᠤ ᠠᠬᠤᠢᠢᠯᠠᠯ᠂ ᠨᠡᠶᠢᠭᠡᠮ ᠳᠤᠭᠤᠷᠢᠭ᠂ ᠠᠵᠤ ᠥᠢᠯᠡᠳᠪᠤᠷᠢ ᠶᠢᠨ ᠤᠷᠤᠨ ᠳᠤᠭᠤᠷᠢᠭ ᠢᠶᠠᠷ ᠬᠦᠨᠵᠡᠬᠡᠶᠢᠷᠡᠬᠦ ᠳᠡᠭᠡᠨ ᠢᠩᠬᠢᠵᠤ ᠲᠠᠨᠢᠯᠴᠠᠭᠤᠯᠥᠨ᠎ᠠ᠃       ︽ᠨᠢᠭᠡ ᠵᠣᠶᠢᠯ ᠤᠨ ᠭᠠᠷ ᠤᠷᠠᠯᠠᠯ ᠤᠨ ᠮᠡᠷᠭᠡᠵᠢᠯ ᠰᠤᠷᠤᠶ᠎ᠡ ᠭᠡᠳ ᠬᠠᠮᠢᠭ᠎ᠠ ᠤᠴᠢᠵᠦ ᠰᠤᠷᠬᠤ ᠪᠠᠨ ᠤᠯᠬᠤ ᠦᠬᠡᠢ ᠪᠠᠶᠢᠵᠠᠢ᠂ ᠣᠳᠣ ᠭᠡᠷ ᠤᠨ ᠡᠭᠦᠳᠡᠨ ᠳᠤ ᠪᠣᠯᠪᠠᠰᠤᠷᠠᠯ ᠤᠨ ᠠᠩᠭᠢ ᠡᠷᠬᠢᠯᠡᠵᠦ᠂ ᠪᠢᠳᠡᠨ ᠳᠤ ᠭᠠᠷ ᠤᠷᠠᠯᠠᠯ ᠤᠨ ᠮᠡᠷᠭᠡᠵᠢᠯ ᠵᠢᠭᠠᠵᠤ ᠦᠭᠬᠦ ᠪᠤᠯᠪᠠ᠃ ᠡᠨᠡ ᠨᠢ ᠤᠷᠤᠯᠭ᠎ᠠ ᠪᠠᠨ ᠨᠡᠮᠡᠭᠳᠡᠬᠦᠯᠬᠦ ᠪᠠᠰᠠ ᠨᠢᠭᠡ ᠠᠷᠭ᠎ᠠ ᠵᠠᠮ ᠪᠤᠯᠤᠭᠰᠠᠨ︾ ᠭᠡᠵᠦ ᠤᠯᠠᠭᠠᠨᠬᠤᠳᠠ ᠶᠢᠨ ᠭᠡᠭᠡᠨᠰᠦ᠋ᠮ᠎ᠡ ᠪᠠᠯᠭᠠᠰᠥᠨ ᠤ ᠶᠠᠳᠠᠭᠤ ᠬᠦᠴᠢᠷᠳᠡᠯᠲᠡᠶ ᠡᠷᠦᠬᠡ ᠶᠢᠨ ᠱᠢ ᠶᠦᠩ ᠱᠧᠩ ᠬᠡᠯᠡᠨ᠎ᠡ᠃ ᠤᠯᠠᠭᠠᠨᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠣᠪᠴᠢᠶ᠎ᠠ ᠶᠠᠳᠠᠭᠤ ᠬᠦᠴᠢᠷᠳᠡᠯᠳᠡᠢ ᠡᠷᠥᠭᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦᠯᠥᠨ᠂ ᠭᠡᠭᠡᠨᠰᠦ᠋ᠮ᠎ᠡ ᠪᠠᠯᠭᠠᠰᠤᠨ ᠤ ᠪᠠᠶᠠᠨᠲᠠᠯ᠎ᠠ ᠭᠠᠴᠠᠭ᠎ᠠ ᠳᠤ 33 ᠡᠳᠥᠷ ᠤᠨ ᠬᠤᠭᠤᠴᠠᠭ᠎ᠠ ᠪᠦᠬᠦᠢ ᠴᠠᠬᠢᠯᠭᠠᠨ ᠭᠠᠩᠨᠠᠭᠤᠷ ᠤᠨ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠬᠡᠯᠪᠡᠷᠢ ᠪᠠᠷ ᠪᠣᠯᠪᠠᠰᠤᠷᠠᠯ ᠳᠤ ᠬᠢᠷᠢ ᠲᠡᠩᠴᠡᠭᠰᠡᠳ ᠲᠤ ᠴᠠᠬᠢᠯᠭᠠᠨ ᠭᠠᠩᠨᠠᠭᠤᠷ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠯᠭᠤᠵᠤ ᠪᠤᠢ᠃       ᠤᠯᠠᠭᠠᠨᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠠᠵᠤ ᠦᠢᠯᠡᠰ ᠤᠨ ᠲᠡᠳᠬᠦᠮᠵᠢ ᠪᠠᠷ ᠳᠠᠮᠵᠢᠨ ᠠᠵᠢᠯ ᠣᠯᠭᠤᠯᠲᠠ ᠶᠢ ᠳᠠᠶᠢᠴᠢᠯᠠᠬᠤ᠂ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠶᠠᠳᠠᠭᠤ ᠬᠦᠴᠢᠷᠳᠡᠯᠲᠡᠶ ᠬᠥᠮᠦᠰ ᠢ ᠬᠠᠪᠰᠤᠷᠤᠨ ᠣᠯᠠᠨ ᠠᠷᠭ᠎ᠠ ᠵᠠᠮ ᠢᠶᠠᠷ ᠠᠵᠢᠯ ᠣᠯᠭᠤᠵᠤ᠂ ᠣᠷᠣᠯᠭ᠎ᠠ ᠶᠢ ᠨᠢ ᠨᠡᠮᠡᠭᠳᠡᠬᠦᠯᠥᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠬᠦᠴᠥᠨ ᠨᠡᠮᠡᠷᠢᠯᠡᠵᠤ ᠪᠠᠶᠢᠨ᠎ᠠ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号