ᠪᠦᠬᠦ ᠠᠶᠢᠮᠠᠭ ᠤᠨ ᠬᠤᠪᠣᠷ ᠨᠠᠨᠳᠢᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠶᠢᠨ | ᠲᠥᠯᠥᠭᠡ᠂ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠶᠢ | ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠣᠯᠤᠨ ᠤᠯᠤᠰ ᠤᠨ ᠠᠮᠤᠷ ᠲᠦᠪᠰᠢᠨ ᠢ ᠪᠠᠲᠤᠯᠠᠬᠤ ᠤᠯᠤᠰ | ᠲᠥᠷᠥ ᠶᠢᠨ ᠡᠭᠦᠷᠭᠡ ᠪᠣᠯᠭᠠᠵᠤ᠂ ᠬᠤᠪᠤᠷ ᠨᠠᠨᠳᠢᠨ ᠭᠡᠭᠡᠷ᠎ᠡ ᠶᠢᠨ ᠠᠮᠢᠳᠠᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ | ᠰᠠᠶᠢᠳᠤᠷ ᠬᠢᠵᠤ ᠪᠤᠢ᠃ | — ᠠᠮᠢ ᠠᠬᠤᠶ ᠶᠢᠨ ᠲᠡᠩᠴᠡᠭᠦᠷᠢ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ | ᠲᠦᠪᠰᠢᠨ ᠢ ᠦᠨᠡᠨᠬᠦ ᠬᠠᠮᠠᠭᠠᠯᠠᠵᠤ ᠪᠤᠢ᠃ ︽ᠠᠮᠢᠲᠠᠨ ᠢ ᠬᠠᠮᠠᠭᠠᠯᠠᠬᠤ ᠬᠠᠤᠯᠢ︾ ᠶᠢᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ 2017 ᠣᠨ ᠠᠴᠠ ᠨᠠᠭᠠᠰᠢ ᠪᠥᠬᠦ ᠣᠷᠣᠨ ᠤ ᠬᠡᠭᠡᠷ᠎ᠡ ᠶᠢᠨ ᠠᠮᠢᠲᠠᠨ ᠤ ᠡᠬᠢ | ᠪᠠᠶᠠᠯᠢᠭ ᠢ ᠪᠠᠶᠢᠴᠠᠭᠠᠬᠤ ᠬᠤᠶᠠᠳᠤᠭᠠᠷ ᠤᠳᠠᠭᠠᠨ ᠤ ᠠᠵᠢᠯᠯᠠᠭ᠎ᠠ ᠦᠷᠨᠢᠬᠦᠯᠵᠡᠢ᠃ ᠡᠭᠦᠨ ᠤ ᠬᠠᠮᠲᠤ᠂ ᠬᠡᠭᠡᠷ᠎ᠡ | ᠭᠠᠳᠠᠨ᠎ᠠ ᠬᠢᠨᠠᠨ ᠪᠠᠶᠢᠴᠠᠭᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠠᠶᠢᠮᠠᠭ ᠤᠨ ᠵᠢᠷᠭᠤᠭᠠᠨ ᠬᠤᠰᠢᠭᠤ | ᠰᠢᠶᠠᠨ ᠬᠤᠲᠠ ᠵᠢᠴᠢ ᠡᠤ ᠴᠠ ᠭᠧᠦ᠂ ᠪᠠᠶ ᠯᠠᠩ ᠤᠯᠤᠰ ᠤᠨ ᠦᠮᠴᠢᠯᠡᠯᠳᠥ ᠣᠢ ᠰᠢᠭᠤᠶ ᠶᠢᠨ ᠬᠠᠮᠢᠶᠠᠷᠤᠯᠲᠠ ᠶᠢᠨ | ᠲᠤᠪᠴᠢᠶᠠᠨ ᠳᠤ ᠴᠥᠮ ᠬᠠᠮᠠᠭᠠᠯᠠᠯᠲᠠ ᠶᠢᠨ ᠪᠠᠶᠢᠭᠤᠯᠤᠮᠵᠢ ᠪᠠᠶᠢᠭᠤᠯᠵᠤ᠂ ᠲᠤᠰᠬᠠᠢ ᠮᠡᠷᠭᠡᠵᠢᠯᠳᠡᠨ ᠲᠣᠬᠢᠷᠠᠭᠤᠯᠪᠠ᠃ | ᠦᠨᠳᠦᠰᠦᠨ ᠱᠠᠲᠤᠨ ᠤ ᠣᠶ ᠰᠢᠭᠤᠶ ᠶᠢᠨ 56 ᠠᠵᠢᠯ ᠤᠨ ᠥᠷᠲᠡᠭᠡ᠂ ᠠᠮᠢ ᠠᠬᠤᠶ ᠶᠢᠨ ᠣᠶ ᠰᠢᠭᠤᠶ ᠶᠢᠨ | 3000 ᠭᠠᠷᠤᠶ ᠬᠠᠮᠠᠭᠠᠯᠠᠭᠴᠢ ᠶᠢ ᠬᠡᠭᠡᠷ᠎ᠡ ᠭᠠᠳᠠᠨᠠᠭᠢ ᠲᠣᠭᠤᠷᠢᠨ ᠬᠠᠮᠠᠭᠠᠯᠠᠯᠳᠠ ᠳᠤ ᠣᠷᠣᠯᠴᠠᠭᠤᠯᠵᠠᠶ᠃ | ᠬᠡᠭᠡᠷ᠎ᠡ ᠶᠢᠨ ᠠᠮᠢᠳᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠤᠯᠤᠰ ᠤᠨ ᠲᠡᠰ ᠤᠨ ᠥᠷᠲᠡᠭᠡ ᠶᠢ 4 ᠪᠠᠶᠢᠭᠤᠯᠵᠤ | ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠵᠢᠴᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠤ᠂ | ᠪᠠᠰᠠ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠰᠠᠶᠢᠨ ᠳᠤᠷᠠᠴᠤᠤᠯ ᠪᠠ ᠰᠡᠬᠦᠳᠡᠷᠯᠡᠭᠴᠢᠳ ᠲᠠᠢ ᠬᠠᠷᠢᠯᠴᠠᠵᠤ᠂ | ᠨᠡᠭᠦᠳᠡᠯ ᠤᠨ ᠰᠢᠪᠠᠭᠤ ᠶᠢ ᠬᠠᠮᠠᠭᠠᠯᠠᠬᠤ ᠠᠵᠢᠯ ᠳᠤ ᠢᠳᠡᠪᠬᠢᠳᠡᠢ ᠤᠷᠤᠯᠴᠠᠭᠤᠯᠵᠤ ᠪᠤᠢ᠃ | — ᠬᠠᠤᠯᠢ ᠲᠦᠷᠢᠮ ᠲᠣᠭᠲᠠᠭᠠᠯ ᠶᠣᠰᠣᠭᠠᠷ ᠬᠠᠮᠢᠶᠠᠷᠴᠤ᠂ ᠭᠡᠭᠡᠷ᠎ᠡ ᠶᠢᠨ ᠠᠮᠢᠳᠠᠨ ᠢ ᠬᠠᠮᠢᠶᠠᠷᠤᠨ | ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ ᠪᠤᠢ᠃ 2019 ᠣᠨ ᠤ 8 ᠰᠠᠷ᠎ᠠ ᠳᠤ᠂ ᠠᠶᠢᠮᠠᠭ ᠤᠨ ᠤᠢ | ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ | ᠬᠤᠯᠪᠣᠭᠠᠯᠠᠨ ᠪᠦᠬᠦ ᠠᠶᠢᠮᠠᠭ ᠤᠨ ᠬᠡᠪᠴᠢᠶᠡᠨ ᠳᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠡᠭᠡᠷ᠎ᠡ ᠶᠢᠨ | ᠠᠮᠢᠲᠠᠨ ᠵᠢᠴᠢ ᠲᠡᠭᠦᠨ ᠤ ᠪᠦᠳᠥᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠬᠤ ᠠᠰᠢᠭᠯᠠᠬᠤ ᠵᠡᠷᠭᠡ ᠦᠢᠯᠡ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠦᠭᠬᠦᠭᠰᠡᠨ ᠪᠠᠶᠢᠨ᠎ᠠ᠃ ᠰᠢᠨ᠎ᠡ ᠳᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠪᠦᠬᠦ ᠠᠶᠢᠮᠠᠭ ᠤᠨ ᠬᠡᠭᠡᠷ᠎ᠡ ᠶᠢᠨ ᠠᠮᠢᠲᠠᠨ ᠢ | ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ 75 ᠭᠠᠵᠠᠷ ᠵᠢᠴᠢ ᠡᠵᠡᠩᠨᠡᠨ ᠥᠢᠯᠡᠳᠪᠤᠷᠢᠯᠡᠵᠤ ᠪᠠᠶᠢᠭ᠎ᠠ | 16 ᠡᠷᠦᠬᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠶᠢᠨ ᠬᠠᠮᠲᠤ ᠵᠠᠬ᠎ᠠ ᠳᠡᠯᠭᠡᠬᠦᠷ᠂ ᠬᠤᠭᠤᠯᠠᠨ ᠭᠡᠷ ᠪᠣᠯᠤᠨ | ᠨᠤᠲᠤᠭ ᠤᠨ ᠣᠨᠴᠠ ᠭᠠᠷᠤᠯᠲᠠ ᠶᠢ ᠡᠵᠡᠩᠨᠡᠨ ᠪᠣᠷᠣᠯᠠᠭᠤᠯᠵᠦ ᠪᠠᠶᠢᠭ᠎ᠠ ᠭᠠᠵᠠᠷ ᠲᠤ ᠨᠡᠶᠢᠲᠡ 2000 ᠭᠠᠷᠤᠶ | ᠤᠳᠠᠭ᠎ᠠ ᠪᠠᠶᠢᠴᠠᠭᠠᠯᠲᠠ ᠬᠢᠪᠡ᠃ | — ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠪᠥᠬᠦ | ᠲᠠᠯ᠎ᠠ ᠪᠠᠷ ᠴᠢᠩᠭᠠᠳᠬᠠᠵᠤ ᠪᠤᠢ᠃ ᠪᠦᠬᠦ ᠠᠶᠢᠮᠠᠭ ᠤᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠠᠵᠢᠯᠲᠠᠨ ᠢ | ᠢᠳᠡᠪᠬᠢᠲᠡᠢ ᠵᠣᠬᠢᠶᠠᠨ ᠪᠠᠶᠢᠭᠤᠯᠥᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠳᠤ ᠣᠷᠣᠯᠴᠠᠭᠤᠯᠵᠤ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠬᠦᠯᠬᠦ ᠳᠤᠨᠢ ᠲᠤᠰᠠ ᠲᠡᠮᠵᠢᠯᠭᠡ ᠦᠵᠡᠬᠦᠯᠵᠤ ᠪᠠᠶᠢᠨ᠎ᠠ᠃ ︽ | ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾᠂ ︽ᠰᠢᠪᠠᠭᠤ ᠶᠢ ᠬᠠᠶᠢᠷᠠᠯᠠᠬᠤ ᠭᠠᠷᠠᠭ︾ ᠵᠡᠷᠭᠡ ᠶᠢ | ᠬᠦᠢᠴᠡᠳ ᠠᠰᠢᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠷᠢᠰ ᠤᠬᠠᠭᠤᠯᠭ᠎ᠠ ᠶᠢᠨ | ᠠᠵᠢᠯᠯᠠᠭ᠎ᠠ ᠶᠢ ᠢᠳᠡᠪᠬᠢᠳᠡᠢ ᠦᠷᠨᠢᠬᠦᠯᠵᠤ ᠪᠤᠢ᠃ ᠡᠬᠦᠨ ᠤ ᠬᠠᠮᠳᠥ ᠰᠠᠨᠠᠭᠠᠴᠢᠯᠠᠭ᠎ᠠ ᠶᠢᠨ ᠪᠢᠴᠢᠭ ᠪᠠ ᠠᠯᠪᠠᠨ ᠵᠠᠷ | ᠳᠠᠷᠤᠮᠠᠯᠯᠠᠨ᠂ ᠵᠠᠬ᠎ᠠ ᠳᠡᠯᠭᠡᠭᠦᠷ᠂ ᠬᠡᠭᠡᠷ᠎ᠡ ᠶᠢᠨ ᠠᠮᠢᠲᠠᠨ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ | ᠵᠢᠴᠢ ᠡᠵᠡᠩᠨᠡᠨ ᠥᠢᠯᠡᠳᠪᠤᠷᠢᠯᠡᠬᠦ ᠭᠠᠵᠠᠷ ᠲᠤ ᠨᠠᠭᠠᠵᠤ᠂ ᠲᠧᠯᠸᠢᠰ᠂ ᠰᠦᠯᠵᠢᠶ᠎ᠡ᠂ ᠸᠢᠴᠠᠲ ᠵᠡᠷᠭᠡ ᠭᠤᠤᠯ | ᠵᠠᠭᠤᠴᠢᠯᠠᠭᠤᠷ ᠲᠠᠢ ᠬᠠᠮᠵᠢᠯᠴᠠᠵᠤ᠂ ᠨᠡᠭᠦᠳᠡᠯ ᠤᠨ ᠰᠢᠪᠠᠭᠤᠨ ᠤ ᠳᠤᠬᠠᠢ ᠰᠢᠭᠤᠳ ᠨᠡᠪᠲᠡᠷᠡᠭᠦᠯᠭᠡ ᠬᠢᠵᠦ᠂ ᠪᠥᠬᠦ | ᠨᠡᠶᠢᠭᠡᠮ ᠢᠶᠠᠷ ᠢᠶᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠳᠤ ᠢᠳᠡᠪᠬᠢᠳᠡᠢ ᠤᠷᠤᠯᠴᠠᠬᠤ ᠶᠢ | ᠵᠤᠷᠢᠬᠵᠢᠭᠤᠯᠤᠭᠰᠠᠨ ᠪᠠᠶᠢᠨ᠎ᠠ᠃ | |