ᠵᠠᠩ ᠭᠦᠸᠧ ᠫᠢᠩ ᠠᠶᠢᠮᠠᠭ ᠤᠨ ᠠᠵᠤ ᠠᠬᠤᠶ ᠶᠢᠨ ᠨᠡᠭᠡᠭᠡᠯᠲᠡ ᠶᠢᠨ ᠳᠤᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ︽ᠵᠢᠷᠭᠤᠭ᠎ᠠ ᠶᠢ ᠳᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠶᠢ ᠡᠷᠡᠰ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠢᠯᠠᠯᠲᠠ ᠶᠢ ᠲᠡᠮᠡᠴᠡᠨ ᠤᠯᠬᠤ ᠬᠡᠷᠡᠭᠳᠡᠢ
ᠨᠡᠶᠢᠲᠡᠯᠡᠭᠰᠡᠨ ᠴᠠᠭ᠄
2020-06-22
      6 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠂ ᠠᠶᠢᠮᠠᠭ ᠤᠨ ᠳᠡᠳ᠋ ᠳᠠᠷᠤᠭ᠎ᠠ ᠵᠠᠩ ᠭᠦᠸᠧ ᠫᠢᠩ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠠᠶᠢᠮᠠᠭ ᠤᠨ ᠠᠵᠤ ᠠᠬᠤᠶ ᠶᠢᠨ ᠨᠡᠭᠡᠭᠡᠯᠲᠡ ᠶᠢᠨ ᠲᠭᠤᠷᠢᠭ ᠢᠶᠠᠷ ᠪᠠᠶᠢᠴᠠᠭᠠᠨ ᠰᠤᠳᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠠᠶᠢᠮᠠᠭ ᠤᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠠᠬᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠲᠠᠭᠰᠠᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠭᠡᠪᠡ᠃       ᠵᠠᠩ ᠭᠦᠸᠧ ᠫᠢᠩ ᠨᠡᠷ ᠤᠷᠢᠳ ᠬᠤᠵᠢᠳ ᠠᠶᠢᠮᠠᠭ ᠤᠨ ᠨᠡᠭᠡᠭᠡᠯᠲᠡ ᠶᠢᠨ ᠳᠤᠭᠤᠷᠢᠬ ᠤᠨ ᠪᠣᠬᠢᠷ ᠤᠰᠤ ᠶᠢ ᠰᠢᠢᠳᠪᠦᠷᠢᠯᠡᠬᠦ ᠵᠡᠷᠭᠡ ᠲᠥᠷᠥᠯ ᠵᠣᠶᠢᠯ ᠤᠨ ᠲᠤᠬᠠᠶ ᠶᠢᠨ ᠲᠠᠯᠠᠪᠤᠷ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠤᠷᠢᠳᠴᠢᠯᠠᠨ ᠲᠥᠯᠥᠪᠯᠡᠵᠦ᠂ ᠴᠠᠭ ᠤᠨ ᠪᠠᠶᠢᠳᠠᠯ ᠢ ᠳᠠᠭᠠᠵᠤ᠂ ᠠᠵᠤ ᠣᠶᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠢᠵᠢᠭ ᠠᠴᠠ ᠪᠤᠯᠤᠭᠰᠠᠨ ᠨᠥᠯᠤᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠬᠢᠵᠠᠭᠠᠷᠯᠠᠬᠤ ᠬᠡᠷᠡᠭᠳᠡᠢ ᠭᠡᠵᠦ ᠠᠵᠤ ᠠᠬᠤᠶᠢᠯᠠᠯ ᠤᠨ ᠬᠠᠷᠢᠭᠤᠴᠠᠯᠭᠠᠳᠡᠤᠨ ᠢ ᠵᠣᠷᠢᠭᠵᠢᠭᠤᠯᠪᠡ᠃       ᠰᠠᠭᠤᠳᠠᠯ ᠤᠨ ᠬᠤᠷᠠᠯ ᠳᠡᠭᠡᠷ᠎ᠡ ᠵᠠᠩ ᠭᠦᠸᠧ ᠫᠢᠩ ᠴᠢᠬᠤᠯᠠᠴᠢᠯᠠᠭᠰᠠᠨ ᠨᠢ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠪᠣᠯ ᠨᠠᠮ ᠤᠨ ᠲᠥᠪ ᠬᠤᠷᠢᠶ᠎ᠠ ᠠᠴᠠ ᠬᠢᠵᠢᠭ ᠤᠨ ᠳᠠᠭᠠᠷᠢᠯᠲᠠ ᠶᠢ ᠨᠠᠮᠳᠠᠭᠤᠯᠬᠤ ᠶᠢᠨ ᠲᠦᠯᠦᠭᠡ ᠪᠠᠶᠢᠷᠢᠯᠠᠭᠤᠯᠤᠭᠰᠠᠨ ᠣᠨᠣᠴᠠᠲᠠᠶ ᠠᠷᠭ᠎ᠠ ᠠᠪᠴᠠᠯ ᠪᠤᠯᠤᠨ᠎ᠠ᠂ ᠡᠨᠡ ᠨᠢ ᠮᠠᠨ ᠤ ᠠᠶᠢᠮᠠᠭ ᠤᠨ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠤᠨᠤᠴᠠᠳᠠᠢ ᠴᠢᠭᠯᠡᠯ ᠢ ᠵᠢᠭᠠᠵᠦ ᠦᠭᠴᠠᠢ᠃ ᠡᠭᠦᠨ ᠳᠤ ᠠᠶᠢᠮᠠᠭ ᠤᠨ ᠨᠡᠭᠡᠭᠡᠯᠲᠡ ᠶᠢᠨ ᠤᠷᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠠᠭ᠎ᠠ ᠭᠠᠷᠭᠠᠵᠦ᠂ ᠣᠳᠣᠬᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠠᠳᠬᠤᠵᠤ᠂ ᠪᠠᠶᠢᠭᠤᠯᠵᠤ  ᠪᠠᠶᠢᠭ᠎ᠠ ᠲᠥᠷᠥᠯ ᠵᠦᠢᠯ ᠤᠨ ᠠᠬᠢᠴᠠ ᠶᠢ ᠳᠦᠷᠭᠡᠳᠭᠡᠨ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠳᠡᠢ᠃ ᠠᠶᠢᠮᠠᠭ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠵᠠᠰᠠᠭ ᠤᠨ ᠤᠷᠳᠤᠨ ᠮᠥᠩᠭᠦᠨ ᠬᠦᠢᠯᠭᠡᠭᠡᠨ ᠪᠠ ᠠᠵᠤ ᠠᠬᠤᠶᠢᠯᠠᠯ ᠢ ᠵᠣᠯᠭᠠᠭᠤᠯᠵᠦ᠂ ᠠᠷᠭ᠎ᠠ ᠪᠦᠬᠦᠨ ᠢ ᠰᠦᠪᠡᠭᠴᠢᠯᠡᠨ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠠᠵᠢᠯᠯᠠᠭᠠᠨ ᠤ ᠶᠠᠪᠤᠴᠠ ᠳᠠᠬᠢ ᠲᠦᠭᠵᠢᠷᠡᠯ ᠪᠣᠯᠤᠨ ᠲᠦᠪᠡᠭ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠰᠠᠶᠢᠲᠤᠷ ᠬᠥᠭᠵᠢᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠣᠶᠢᠯᠡᠳᠪᠦᠷᠢᠯᠡᠯ ᠤᠨ ᠲᠠᠯ᠎ᠠ ᠪᠠᠷ ᠬᠢ ︽ᠬᠤᠶᠠᠷ ᠢ ᠴᠢᠩᠭ᠎ᠠ ᠠᠳᠬᠤᠬᠤ︾ ᠶᠢ ᠪᠠᠷᠢᠮᠳᠠᠯᠠᠵᠦ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠳᠦᠷ ᠰᠠᠬᠢᠬᠤ ᠬᠡᠷᠡᠭᠳᠡᠢ ᠭᠡᠪᠡ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号