ᠵᠠᠩ ᠧᠨ ᠬᠤᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠵᠢᠴᠢ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠵᠦ ᠮᠠᠨ ᠤ ᠠᠶᠢᠮᠠᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠵᠡᠢ
ᠨᠡᠶᠢᠲᠡᠯᠡᠭᠰᠡᠨ ᠴᠠᠭ᠄
2020-06-22
     6 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠧᠨ ᠬᠤᠶ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠵᠢᠴᠢ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ ᠤᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠴᠢᠮ ᠲᠧᠯᠸᠢᠰ ᠤᠳᠠᠰᠦᠳᠦ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠮᠠᠨ ᠤ ᠠᠶᠢᠮᠠᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠪᠢᠳᠡᠨ ᠤ ᠣᠳᠣᠬᠠᠨ ᠤ ᠪᠠ ᠡᠭᠦᠨ ᠠᠴᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠣᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠯᠡᠨ ᠠᠬᠢᠭᠤᠯᠬᠤ ᠬᠡᠷᠡᠭᠳᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠴᠠᠭ ᠢᠮᠠᠭᠲᠠ ᠰᠠᠶᠢᠳᠤᠷ ᠨᠠᠶᠢᠳᠠᠪᠤᠷᠢᠵᠢᠭᠤᠯᠵᠦ᠂ ᠲᠦᠭᠰᠢᠭᠦᠷᠢ ᠪᠠᠷ ᠥᠨᠳᠥᠷ ᠭᠠᠵᠠᠷ ᠣᠷᠣᠨ ᠠᠴᠠ ᠮᠠᠨ ᠤ ᠠᠶᠢᠮᠠᠭ ᠲᠤ ᠢᠷᠡᠭᠰᠡᠨ ᠬᠥᠮᠦᠰ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠨᠣᠴᠠᠲᠠᠶ ᠰᠠᠶᠢᠲᠤᠷ ᠬᠢᠬᠦ ᠬᠡᠷᠡᠭᠲᠡᠶ ᠃ ᠰᠢᠭᠰᠢᠨ ᠪᠠᠶᠢᠴᠠᠭᠠᠯᠳᠠ ᠪᠠᠨ ᠴᠢᠩᠭᠠᠳᠬᠠᠵᠦ᠂ ᠠᠨᠠᠭᠠᠬᠤ ᠤᠬᠠᠭᠠᠨ ᠤ ᠠᠵᠢᠭᠯᠠᠯᠲᠠ ᠪᠠᠶᠢᠴᠠᠭᠠᠯᠳᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠡᠬᠦᠰᠴᠦ ᠦᠷᠭᠡᠵᠢᠬᠦ ᠶᠢ ᠰᠠᠶᠢᠳᠤᠷ ᠰᠡᠷᠭᠡᠶᠢᠯᠡᠬᠦ ᠬᠡᠷᠡᠭᠳᠠᠢ᠃ ᠳᠠᠯᠠᠢ ᠶᠢᠨ ᠢᠳᠡᠭᠡᠨ ᠤ ᠵᠠᠬ᠎ᠠ ᠳᠡᠯᠭᠡᠭᠦᠷ᠂ ᠲᠠᠷᠢᠶᠠᠯᠠᠩ ᠤᠨ ᠡᠳ᠋ ᠪᠠᠷᠠᠭᠠᠨ ᠤ ᠵᠠᠬ᠎ᠠ ᠳᠡᠯᠭᠡᠭᠦᠷ᠂ ᠴᠢᠯᠦᠭᠡᠳᠦ ᠳᠡᠯᠭᠡᠭᠦᠷ᠂ ᠲᠤᠰᠬᠠᠶ ᠮᠡᠷᠭᠡᠵᠢᠯ ᠢᠶᠠᠷ ᠬᠥᠯᠳᠡᠭᠡᠨ ᠬᠠᠳᠠᠭᠠᠯᠠᠬᠤ ᠬᠥᠮᠥᠷᠭᠡ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠲᠠᠯᠠᠪᠤᠷ ᠭᠤᠭᠴᠤᠭ᠎ᠠ ᠳᠤ ᠪᠥᠬᠦ ᠲᠠᠯ᠎ᠠ ᠶᠢᠨ ᠪᠠᠶᠢᠴᠠᠭᠠᠯᠳᠠ ᠬᠢᠵᠦ ᠳᠠᠯᠳᠠ ᠬᠡᠮ ᠢ ᠲᠠᠷᠤᠢ ᠲᠦᠷᠭᠡᠨ ᠠᠷᠢᠯᠭᠠᠨ᠎ᠠ᠃ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠪᠠ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠠᠵᠢᠯᠲᠠᠨ ᠤ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠲᠤᠤᠷ᠎ᠠ ᠬᠡᠮᠵᠢᠶᠡᠨ ᠳᠤ ᠬᠢᠵᠠᠭᠠᠷᠯᠠᠬᠤ ᠬᠡᠷᠡᠭᠲᠡᠶ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠢᠶᠠᠨ ᠰᠡᠷᠭᠦᠭᠡᠵᠦ ᠣᠶᠢᠯᠡᠳᠪᠦᠷᠢᠯᠡᠯ ᠢᠶᠠᠨ ᠰᠡᠷᠭᠦᠭᠡᠭᠰᠡᠨ ᠨᠢᠭᠡᠴᠡ ᠪᠣᠯᠤᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠬᠢ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠳᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠭᠡᠷ᠎ᠠ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠳᠡᠭᠡᠷ᠎ᠡ ᠬᠠᠭᠠᠰ ᠵᠢᠯ ᠤᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠷᠢᠯᠢᠭ ᠣᠨᠣᠴᠠᠲᠠᠢ ᠵᠠᠳᠠᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ᠃ ᠠᠶᠢᠮᠠᠭ ᠤᠨ ᠨᠠᠮ ᠤᠨ ᠬᠤᠷᠢᠶᠠᠨ ᠤ ᠦᠢᠷ᠎ᠡ ᠶᠢᠨ ᠬᠤᠭᠤᠴᠠᠭᠠᠨ ᠳᠤ ᠪᠠᠶᠢᠷᠢᠯᠠᠭᠤᠯᠤᠭᠰᠠᠨ ᠠᠷᠪᠠᠨ ᠵᠣᠶᠢᠯ ᠤᠨ ᠭᠤᠤᠯᠳᠠᠯᠭ᠎ᠠ ᠲᠠᠢ ᠠᠵᠢᠯ ᠢ ᠪᠥᠬᠦ ᠬᠦᠴᠦ ᠪᠠᠷ ᠢᠶᠠᠨ ᠰᠠᠶᠢᠲᠤᠷ ᠠᠳᠬᠤᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠰᠢᠨ᠎ᠡ ᠦᠷ᠎ᠡ ᠪᠦᠲᠦᠮᠵᠢ ᠲᠠᠰᠤᠷᠠᠯᠲᠠ ᠥᠬᠡᠶ ᠤᠯᠬᠤ ᠪᠠᠷ ᠴᠢᠷᠮᠠᠶᠢᠬᠤ ᠬᠡᠷᠡᠭᠳᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠢᠷᠭᠡᠨ ᠤ ᠬᠠᠤᠯᠢ ᠶᠢᠨ ᠪᠢᠴᠢᠭ ᠤᠨ ᠨᠡᠶᠢᠲᠡᠯᠡᠭᠳᠡᠨ ᠬᠡᠷᠡᠭᠵᠢᠭᠦᠯᠦᠭᠳᠡᠬᠦ ᠲᠠᠯ᠎ᠠ ᠪᠠᠷ ᠬᠢ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠵᠤ᠂ ᠢᠷᠭᠡᠨ ᠤ ᠬᠠᠤᠯᠢ ᠶᠢᠨ ᠪᠢᠴᠢᠭ ᠤᠨ ᠬᠡᠷᠡᠭᠵᠢᠭᠦᠯᠦᠯᠲᠡ ᠶᠢ ᠠᠬᠢᠭᠤᠯᠬᠤ ᠶᠢ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠣᠶᠢᠯᠡᠳᠦᠯᠭᠡᠵᠢᠭᠦᠯᠬᠦ ᠶᠢᠨ ᠪᠣᠳᠠᠲᠠᠶ ᠠᠵᠢᠯᠯᠠᠭ᠎ᠠ ᠪᠣᠯᠭᠠᠵᠦ᠂ ᠤᠬᠠᠭᠤᠯᠤᠨ ᠲᠠᠶᠢᠯᠪᠤᠷᠢᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠲᠠᠰᠤᠷᠠᠯᠲᠠ ᠥᠬᠡᠶ ᠴᠢᠩᠭᠠᠳᠬᠠᠨ᠂ ᠢᠷᠭᠡᠨ ᠤ ᠬᠠᠤᠯᠢ ᠶᠢᠨ ᠪᠢᠴᠢᠭ ᠤᠨ ᠪᠤᠳᠠᠳᠠᠢ ᠲᠡᠭᠡᠷ᠎ᠠ ᠨᠠᠶᠢᠳᠠᠪᠤᠷᠢᠵᠢᠭᠤᠯᠤᠭᠳᠠᠬᠤ ᠶᠢ ᠦᠨᠡᠡᠬᠦ ᠠᠬᠢᠭᠤᠯᠬᠤ ᠬᠡᠷᠡᠭᠳᠠᠢ᠃       ᠬᠤᠷᠠᠯ ᠠᠴᠠ ︽︿ᠤᠮᠠᠷᠠᠲᠤ ᠬᠢᠯᠢ ᠶᠢᠨ ᠵᠠᠭᠤᠨ ᠵᠢᠯ ᠤᠨ ᠬᠤᠰᠢᠭᠤᠴᠢ﹀ ᠳᠠᠬᠢ ᠰᠢᠯᠢᠳᠡᠭ ᠨᠠᠮ ᠤᠨ ᠭᠡᠰᠢᠭᠦᠨ ᠪᠠ ᠲᠡᠷᠢᠭᠦᠨ ᠤ ᠬᠠᠮᠲᠤ ᠨᠠᠶᠢᠳᠠ ᠶᠢᠨ ᠠᠩᠬᠠᠨ ᠤ ᠰᠣᠩᠭᠤᠭᠤᠯᠢ ᠶᠢᠨ ᠨᠡᠷᠡᠰ︾ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号