— ᠪᠦᠬᠦ ᠠᠶᠢᠮᠠᠭ ᠤᠨ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠦᠨᠳᠤᠷ ᠲᠤᠮᠳᠠᠳᠤ ᠶᠢᠨ ᠲᠡᠭᠦᠰᠬᠦ | ᠤᠨ ᠤ ᠰᠤᠷᠤᠬᠴᠢᠳ ᠤᠨ ᠤᠯᠤᠰ ᠤᠨ ᠰᠢᠯᠭᠠᠯᠲᠠ ᠶᠢᠨ ᠪᠡᠯᠡᠳᠭᠡᠯ ᠠᠵᠢᠯ ᠤᠨ ᠲᠤᠬᠠᠢ ᠰᠤᠷᠪᠤᠯᠵᠢᠯᠠᠭ᠎ᠠ | ᠨᠠᠶᠢᠷᠠᠭᠤᠯᠤᠬᠴᠢ ᠶᠢᠨ ᠦᠭᠡ᠄ | ᠴᠠᠬ ᠤᠨ ᠬᠦᠷᠲᠦ ᠡᠷᠬᠢᠯᠲᠦᠨ ᠡᠷᠬᠢᠯᠳᠦᠭᠰᠡᠭᠡᠷ ᠵᠢᠯ ᠤᠨ ᠨᠢᠭᠡ ᠤᠳᠠᠭᠠᠨ ᠤ ᠤᠯᠤᠰ ᠤᠨ ᠨᠢᠭᠡᠳᠦᠯᠲᠠᠢ | ᠰᠢᠯᠭᠠᠯᠲᠠ ᠤᠢᠢᠷᠠᠳᠦᠵᠦ ᠢᠷᠡᠭᠰᠡᠨ ᠪᠠᠶᠢᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠠᠴᠠ ᠪᠤᠯᠵᠦ᠂ 2020 ᠤᠨ ᠤ ᠤᠯᠤᠰ ᠤᠨ ᠨᠢᠭᠡᠳᠤᠯᠳᠡᠢ ᠰᠢᠯᠭᠠᠯᠲᠠ ᠨᠢᠭᠡ ᠰᠠᠷ᠎ᠠ ᠶᠢᠨ ᠬᠤᠭᠤᠴᠠᠭ᠎ᠠ | ᠬᠤᠶᠢᠰᠢᠯᠠᠬᠰᠠᠨ ᠪᠢᠯᠡ᠃ ᠡᠨᠡᠬᠦ ᠪᠠᠶᠢᠳᠠᠯ ᠳᠤ ᠴᠢᠭᠯᠡᠭᠦᠯᠦᠨ᠂ ᠦᠢᠷ᠎ᠠ ᠳᠤ ᠰᠤᠷᠪᠤᠯᠵᠢᠯᠠᠬᠴᠢ ᠮᠠᠨ ᠤ ᠠᠶᠢᠮᠠᠭ ᠤᠨ | ᠦᠨᠳᠤᠷ ᠲᠤᠮᠳᠠᠳᠤ ᠰᠤᠷᠭᠠᠭᠤᠯᠢ ᠶᠢᠨ ᠲᠡᠭᠦᠰᠬᠦ ᠤᠨ ᠤ ᠰᠤᠷᠤᠬᠴᠢᠳ ᠤᠨ ᠤᠯᠤᠰ ᠤᠨ ᠨᠢᠭᠡᠳᠤᠯᠳᠡᠢ | ᠰᠢᠯᠭᠠᠯᠲᠠ ᠳᠤ ᠤᠷᠤᠯᠴᠠᠬᠤ ᠪᠡᠯᠡᠳᠭᠡᠯ ᠢᠶᠠᠨ ᠬᠡᠷᠬᠢᠨ ᠬᠢᠵᠤ ᠪᠠᠶᠢᠬᠤ ᠲᠤᠬᠠᠢ ᠦᠢᠯᠠᠭᠠᠨ ᠰᠤᠷᠪᠤᠯᠵᠢᠯᠠᠬᠰᠠᠨ | ᠪᠠᠶᠢᠨ᠎ᠠ᠃ ᠲᠤᠰ ᠳ᠋ᠤᠭᠠᠷ ᠲᠤ ᠲᠤᠰᠬᠠᠢ ᠮᠡᠳᠡᠭᠡᠯᠡᠯ ᠤᠨ ᠬᠡᠯᠪᠡᠷᠢ ᠪᠠᠷ ᠮᠡᠳᠡᠭᠡᠯᠡᠵᠠᠢ᠂ ᠲᠠ ᠪᠦᠬᠦᠨ ᠲᠠᠭᠠᠰᠢᠶᠠᠨ | ᠤᠡᠭᠰᠢᠬᠤ ᠪᠤᠯᠪᠠᠤ⁈ | ᠵᠢᠯ ᠳᠤ ᠨᠢᠭᠡ ᠤᠳᠠᠭ᠎ᠠ ᠶᠠᠪᠤᠬᠳᠠᠬᠤ ᠤᠯᠤᠰ ᠤᠨ ᠨᠢᠭᠡᠳᠦᠯᠲᠠᠢ ᠰᠢᠯᠭᠠᠯᠲᠠ ᠤᠢᠢᠷᠠᠳᠦᠵᠦ ᠢᠷᠡᠭᠰᠡᠨ | ᠪᠠᠶᠢᠨ᠎ᠠ᠂ ᠤᠯᠤᠰ ᠤᠨ ᠨᠢᠭᠡᠳᠦᠯᠲᠠᠢ ᠰᠢᠯᠭᠠᠯᠲᠠ ᠦᠢᠷᠠᠳᠤᠬᠰᠠᠨ ᠢᠶᠠᠷ᠂ ᠰᠤᠷᠪᠤᠯᠵᠢᠯᠠᠬᠴᠢ ᠪᠦᠬᠦ ᠠᠶᠢᠮᠠᠭ ᠤᠨ | ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠦᠨᠳᠤᠷ ᠲᠤᠮᠳᠠᠳᠤ ᠶᠢᠨ ᠲᠡᠭᠦᠰᠬᠦ ᠤᠨ ᠤ ᠰᠤᠷᠤᠬᠴᠢᠳ ᠤᠨ ᠰᠤᠷᠤᠯᠭ᠎ᠠ | ᠠᠮᠢᠳᠦᠷᠠᠯ᠂ ᠪᠡᠶ᠎ᠠ ᠰᠡᠳᠬᠢᠴᠡ ᠶᠢᠨ ᠪᠠᠶᠢᠳᠠᠯ ᠢ ᠤᠢᠢᠯᠠᠭᠠᠬᠰᠠᠨ ᠪᠠᠶᠢᠨ᠎ᠠ᠃ | ᠦᠢᠯᠠᠭᠠᠬᠰᠠᠨ ᠢᠶᠠᠷ᠂ 2020 ᠤᠨ ᠤ ᠪᠦᠬᠦ ᠠᠶᠢᠮᠠᠭ ᠤᠨ ᠡᠩ ᠤᠨ ᠶᠡᠭᠡ ᠳᠡᠭᠡᠲᠦ ᠰᠤᠷᠭᠠᠭᠤᠯᠢ ᠶᠢᠨ | ᠰᠤᠷᠤᠬᠴᠢ ᠡᠯᠰᠡᠬᠦ ᠰᠢᠯᠭᠠᠯᠳᠠ ᠳᠤ ᠨᠡᠷ᠎ᠠ ᠮᠡᠳᠡᠭᠦᠯᠦᠭᠰᠡᠨ ᠬᠦᠮᠦᠨ ᠤ ᠲᠤᠭ᠎ᠠ 11121 ᠪᠠᠶᠢᠵᠦ᠂ ᠡᠭᠦᠨ ᠳᠤ | ᠡᠩ ᠤᠨ ᠶᠡᠭᠡ ᠳᠡᠭᠡᠲᠦ ᠰᠤᠷᠭᠠᠭᠤᠯᠢ ᠶᠢᠨ ᠤᠯᠤᠰ ᠤᠨ ᠨᠢᠭᠡᠳᠦᠯᠲᠠᠢ ᠰᠢᠯᠭᠠᠯᠲᠠ ᠳᠤ ᠤᠷᠤᠯᠴᠠᠬᠤ ᠬᠦᠮᠦᠨ ᠤ | ᠲᠤᠭ᠎ᠠ 8974 ᠪᠠᠶᠢᠵᠦ᠂ ᠪᠦᠬᠦ ᠤᠷᠤᠨ ᠤ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠨᠡᠷ᠎ᠠ | ᠮᠡᠳᠡᠭᠦᠯᠦᠭᠰᠡᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠲᠡᠭᠦᠰᠬᠦ ᠤᠨ ᠤ ᠰᠤᠷᠤᠬᠴᠢ 2147 ᠬᠦᠮᠤᠨ ᠪᠤᠢ᠃ | ᠡᠨᠡ ᠵᠢᠯ ᠮᠠᠨ ᠤ ᠠᠶᠢᠮᠠᠭ ᠤᠨ ᠤᠯᠤᠰ ᠤᠨ ᠨᠢᠭᠡᠳᠤᠯᠳᠡᠢ ᠰᠢᠯᠭᠠᠯᠳᠡ ᠳᠤ ᠨᠡᠷ᠎ᠠ ᠮᠡᠳᠡᠭᠦᠯᠦᠭᠰᠡᠨ ᠬᠦᠮᠤᠨ ᠤ | ᠲᠤᠭ᠎ᠠ ᠲᠡᠭᠡᠷ᠎ᠡ ᠵᠢᠯ ᠠᠴᠠ ᠪᠠᠨ 585 ᠬᠦᠮᠦᠨ ᠨᠡᠮᠡᠭᠳᠡᠵᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠢᠴᠢᠶᠡᠯ | ᠲᠦᠷᠤᠯ ᠤᠨ ᠰᠢᠯᠭᠠᠭᠤᠯᠤᠬᠰᠡᠳ 4437 ᠰᠤᠷᠤᠬᠴᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ | ᠲᠦᠷᠤᠯ ᠤᠨ ᠰᠢᠯᠭᠠᠭᠤᠯᠤᠬᠰᠡᠳ 4537 ᠰᠤᠷᠤᠬᠴᠢ ᠪᠠᠶᠢᠵᠤ᠂ ᠡᠭᠦᠨ ᠳᠤ ᠮᠤᠩᠭᠤᠯ ᠢᠶᠠᠷ ᠬᠢᠴᠢᠶᠡᠯᠯᠡᠵᠤ ᠪᠠᠶᠢᠭ᠎ᠠ | ᠨᠡᠶᠢᠭᠡᠮ ᠤᠨ ᠰᠢᠨᠵᠢᠯᠡᠬᠦ ᠤᠬᠠᠭᠠᠨ ᠤ ᠬᠢᠴᠢᠶᠡᠯ ᠲᠦᠷᠤᠯ ᠤᠨ ᠰᠢᠯᠭᠠᠭᠤᠯᠤᠬᠰᠡᠳ 889 ᠰᠤᠷᠤᠬᠴᠢ᠂ | ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠤᠯ ᠤᠨ | ᠰᠢᠯᠭᠠᠭᠤᠯᠤᠭᠰᠡᠳ 975 ᠰᠤᠷᠤᠬᠴᠢ ᠪᠤᠢ᠃ ᠮᠤᠩᠭᠤᠯ ᠢᠶᠠᠷ ᠬᠢᠴᠢᠶᠡᠯᠯᠡᠬᠦ ᠦᠨᠳᠤᠷ ᠲᠤᠮᠳᠠᠳᠤ ᠶᠢᠨ | ᠰᠤᠷᠤᠬᠴᠢ ᠶᠢᠨ ᠨᠡᠷ᠎ᠠ ᠮᠡᠳᠡᠭᠦᠯᠦᠭᠰᠡᠨ ᠬᠦᠮᠦᠨ ᠤ ᠲᠤᠭ᠎ᠠ 2020 ᠤᠨ ᠳᠤ 2095 ᠪᠠᠶᠢᠵᠦ᠂ 2019 | ᠤᠨ ᠤ ᠬᠢ ᠠᠴᠠ 9 ᠬᠦᠮᠦᠨ ᠨᠡᠮᠡᠭᠳᠡᠭᠰᠡᠨ ᠪᠠᠶᠢᠨ᠎ᠠ᠃ | ᠡᠨᠡ ᠵᠢᠯ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠰᠡᠨ ᠠᠴᠠ ᠪᠤᠯᠵᠦ᠂ ᠡᠯ᠎ᠠ | ᠠᠵᠢᠯ ᠲᠦᠷᠦᠯ ᠳᠤ ᠵᠤᠬᠢᠬᠤ ᠨᠦᠯᠤᠭᠡ ᠠᠪᠴᠢᠷᠠᠬᠰᠠᠨ ᠪᠠᠶᠢᠨ᠎ᠠ᠃ ᠵᠢᠱᠢᠶᠡᠯᠡᠪᠡᠯ᠂ ᠰᠤᠷᠭᠠᠭᠤᠯᠢ ᠨᠤᠭᠤᠳ | ᠲᠤᠬᠳᠠᠬᠰᠠᠨ ᠴᠠᠬ ᠲᠤ ᠪᠠᠨ ᠰᠤᠷᠭᠠᠭᠤᠯᠢ ᠪᠠᠨ ᠡᠬᠢᠯᠡᠭᠦᠯᠵᠦ ᠲᠡᠶᠢᠯᠦᠭᠰᠡᠨ ᠦᠭᠡᠢ᠃ ᠡᠨᠡᠬᠦ ᠪᠠᠶᠢᠳᠠᠯ ᠳᠤ | ᠴᠢᠭᠯᠡᠭᠦᠯᠦᠨ᠂ ᠤᠯᠤᠰ ᠠᠴᠠ ᠤᠯᠠᠨ ᠲᠦᠷᠦᠯ ᠤᠨ ᠰᠢᠯᠭᠠᠯᠲᠠ ᠶᠢᠨ ᠴᠠᠬ ᠢ ᠬᠤᠶᠢᠰᠢᠯᠠᠭᠤᠯᠤᠬᠰᠠᠨ ᠪᠦᠭᠡᠳ ᠵᠦᠢ | ᠵᠤᠬᠢᠰᠲᠠᠢ ᠲᠤᠬᠢᠷᠠᠭᠤᠯᠤᠯᠲᠠ ᠬᠢᠭᠰᠡᠨ ᠪᠠᠶᠢᠨ᠎ᠠ᠃ ᠡᠨᠡᠬᠦ ᠱᠠᠭᠠᠷᠳᠠᠯᠭ᠎ᠠ ᠶᠤᠰᠤᠭᠠᠷ᠂ ᠮᠠᠨ ᠤ ᠠᠶᠢᠮᠠᠭ ᠤᠨ ᠡᠯ᠎ᠠ | ᠦᠨᠳᠦᠷ ᠲᠤᠮᠳᠠᠲᠦ ᠶᠢᠨ ᠰᠤᠷᠭᠠᠭᠤᠯᠢ ᠴᠦ ᠵᠦᠢ ᠵᠤᠬᠢᠰᠲᠠᠢ ᠠᠷᠭ᠎ᠠ ᠠᠪᠴᠠᠯ ᠠᠪᠴᠦ ᠰᠤᠷᠭᠠᠭᠤᠯᠢ ᠪᠠᠨ | ᠡᠬᠢᠯᠡᠭᠦᠯᠵᠦ᠂ ᠤᠯᠤᠰ ᠤᠨ ᠨᠢᠭᠡᠳᠦᠯᠲᠠᠢ ᠰᠢᠯᠭᠠᠯᠲᠠ ᠳᠤ ᠤᠷᠤᠯᠴᠠᠬᠤ ᠰᠤᠷᠤᠬᠴᠢᠳ ᠲᠠᠭᠠᠨ ᠬᠢᠴᠢᠶᠡᠯ ᠰᠤᠷᠤᠯᠭ᠎ᠠ᠂ | ᠠᠮᠢᠳᠦᠷᠠᠯ ᠪᠡᠶ᠎ᠠ ᠰᠡᠳᠬᠢᠴᠡ ᠶᠢᠨ ᠲᠠᠯ᠎ᠠ ᠪᠠᠷ ᠬᠠᠮᠤᠭ ᠰᠠᠶᠢᠨ ᠵᠢᠭᠠᠨ ᠵᠢᠯᠤᠭᠤᠳᠤᠯᠭ᠎ᠠ ᠬᠢᠵᠤ᠂ ᠤᠬᠢ ᠰᠠᠶᠢᠨ | ᠰᠤᠷᠤᠯᠴᠠᠬᠤ ᠤᠷᠴᠢᠠ ᠲᠤᠭᠤᠷᠢᠨ ᠬᠠᠨᠭ᠍ᠭᠠᠵᠦ ᠦᠨᠳᠦᠷ ᠠᠮᠵᠢᠯᠲᠠ ᠤᠯᠬᠤ ᠪᠠᠷ ᠮᠠᠷᠠᠶᠢᠨ ᠴᠢᠷᠮᠠᠶᠢᠵᠦ ᠪᠠᠶᠢᠨ᠎ᠠ᠃ | ᠤᠯᠠᠭᠠᠨᠬᠤᠲᠠ ᠬᠤᠶᠠᠳᠤᠭᠠᠷ ᠳᠤᠮᠳᠠᠲᠦ ᠰᠤᠷᠭᠠᠭᠤᠯᠢ᠄ | ᠲᠤᠰ ᠰᠤᠷᠭᠠᠭᠤᠯᠢ ᠳᠡᠭᠡᠲᠦ ᠱᠠᠲᠦᠨ ᠤ ᠱᠠᠭᠠᠷᠳᠠᠯᠭ᠎ᠠ ᠶᠤᠰᠤᠭᠠᠷ᠂ ᠰᠤᠷᠭᠠᠭᠤᠯᠢ ᠪᠠᠨ ᠡᠬᠢᠯᠡᠭᠦᠯᠦᠭᠰᠡᠨ ᠤ | ᠳᠠᠷᠠᠭ᠎ᠠ ᠰᠤᠷᠭᠠᠭᠤᠯᠢ ᠶᠢᠨ ᠤᠳᠤᠷᠢᠳᠤᠯᠭ᠎ᠠ ᠨᠠᠷ ᠤᠨ ᠵᠤᠬᠢᠶᠠᠨ ᠪᠠᠶᠢᠭᠤᠯᠤᠯᠲᠠ ᠲᠤᠤᠷ᠎ᠠ ᠡᠯ᠎ᠠ ᠲᠠᠯ᠎ᠠ ᠶᠢᠨ | ᠠᠵᠢᠯ ᠢᠶᠠᠨ ᠰᠠᠶᠢᠳᠦᠷ ᠬᠢᠵᠦ᠂ ᠲᠡᠭᠦᠰᠬᠦ ᠰᠤᠷᠤᠬᠴᠢᠳ ᠲᠠᠭᠠᠨ ᠤᠬᠢ ᠰᠠᠶᠢᠨ ᠤᠷᠴᠢᠨ ᠲᠤᠭᠤᠷᠢᠨ ᠢ | ᠪᠦᠷᠢᠯᠳᠦᠭᠦᠯᠵᠦ ᠦᠭᠭᠦᠭᠰᠡᠨ ᠪᠠᠶᠢᠨ᠎ᠠ᠃ ᠡᠭᠦᠨ ᠳᠤ᠂ ᠢᠳᠡᠵᠦ ᠤᠤᠭᠤᠬᠤ᠂ ᠬᠡᠪᠳᠡᠵᠦ ᠠᠮᠠᠷᠠᠬᠤ᠂ ᠪᠡᠶ᠎ᠠ ᠶᠢᠨ | ᠲᠠᠮᠢᠷ ᠤᠨ ᠬᠦᠳᠡᠯᠭᠡᠭᠡᠨ ᠵᠡᠷᠭᠡ ᠲᠠᠯ᠎ᠠ ᠪᠠᠷ ᠰᠠᠶᠢᠳᠦᠷ ᠠᠩᠬᠠᠷᠴᠦ ᠪᠠᠶᠢᠨ᠎ᠠ᠃ ᠰᠤᠷᠤᠯᠭ᠎ᠠ ᠠᠮᠢᠳᠦᠷᠠᠯ ᠳᠤᠨᠢ | ᠰᠤᠷᠤᠬᠴᠢᠳ ᠤᠨ ᠲᠤᠰ ᠪᠡᠶ᠎ᠠ ᠳᠤᠨᠢ ᠲᠤᠬᠢᠷᠠᠭᠤᠯᠦᠨ ᠭᠠᠷᠠᠬ ᠤᠨ ᠰᠤᠷᠢᠯᠲᠠ᠂ ᠰᠠᠷ᠎ᠠ ᠶᠢᠨ ᠰᠤᠷᠢᠯᠲᠠ ᠬᠢᠵᠦ᠂ | ᠰᠤᠷᠤᠬᠴᠢᠳ ᠤᠨ ᠬᠦᠴᠢᠷᠳᠡᠵᠤ ᠪᠠᠶᠢᠭ᠎ᠠ ᠪᠠ ᠴᠢᠳᠠᠬᠤ ᠦᠭᠡᠢ ᠮᠡᠳᠡᠬᠦ ᠦᠭᠡᠢ ᠵᠦᠢᠯᠡᠰ ᠢ ᠲᠠᠬᠢᠨ ᠲᠠᠪᠳᠠᠨ ᠵᠢᠭᠠᠨ | ᠵᠢᠯᠤᠭᠤᠳᠴᠤ ᠪᠤᠢ᠃ ᠡᠭᠦᠨ ᠤ ᠬᠠᠮᠲᠦ ᠰᠤᠷᠤᠬᠴᠢᠳ ᠤᠨ ᠪᠡᠶ᠎ᠠ ᠰᠡᠳᠬᠢᠴᠡ ᠶᠢᠨ ᠪᠠᠶᠢᠳᠠᠯ ᠳᠤ ᠴᠠᠬ ᠲᠤᠬᠠᠢ | ᠠᠩᠬᠠᠷᠤᠯ ᠢᠶᠠᠨ ᠬᠠᠨᠳᠤᠭᠤᠯᠵᠤ᠂ ᠨᠠᠷᠢᠨ ᠬᠢᠨᠠᠮᠠᠭᠠᠢ ᠬᠢᠨᠡᠯᠲᠠ ᠲᠠᠯᠪᠢᠵᠦ᠂ ᠪᠠᠭᠰᠢ ᠨᠠᠷ ᠠᠴᠠ ᠦᠵᠡᠯ ᠰᠠᠨᠠᠭᠠᠨ ᠤ | ᠵᠢᠯᠤᠭᠤᠳᠤᠯᠭ᠎ᠠ ᠬᠢᠵᠦ᠂ ᠬᠢᠪᠡᠰᠦ ᠴᠢᠬᠤᠯᠠ ᠲᠠᠢ ᠵᠦᠢᠯᠡᠰ ᠢ ᠰᠠᠨᠠᠭᠤᠯᠵᠦ᠂ ᠪᠡᠶ᠎ᠠ ᠰᠡᠳᠬᠢᠴᠡ ᠶᠢᠨ ᠡᠷᠡᠭᠦᠯ | ᠰᠠᠷᠠᠭᠤᠯ ᠪᠠᠶᠢᠬᠤ ᠶᠢ ᠪᠠᠲᠦᠯᠠᠬᠤ ᠠᠵᠢᠯ ᠢ ᠰᠠᠶᠢᠳᠦᠷ ᠬᠢᠵᠦ᠂ ᠯᠠᠪᠳᠠᠭᠤᠨ ᠲᠤᠬᠳᠠᠭᠤᠨ ᠪᠡᠴᠢᠮᠳᠠᠵᠦ ᠶᠠᠭᠠᠷᠠᠬᠤ | ᠦᠭᠡᠢ ᠰᠡᠳᠬᠢᠯᠭᠡ ᠶᠢ ᠬᠦᠮᠦᠵᠢᠭᠦᠯᠦᠨ᠂ ᠰᠢᠯᠭᠠᠯᠲᠠ ᠳᠤ ᠪᠠᠨ ᠰᠢᠯᠢᠳᠡᠭ ᠬᠢᠷᠢ ᠪᠦᠲᠦᠮᠵᠢ ᠤᠯᠬᠤ ᠳᠤ ᠪᠠᠲᠦ ᠪᠠᠬᠢ | ᠰᠠᠭᠤᠷᠢ ᠶᠢ ᠲᠠᠯᠪᠢᠬᠤ ᠪᠠᠷ ᠴᠢᠷᠮᠠᠶᠢᠵᠤ ᠪᠠᠶᠢᠨ᠎ᠠ᠃ | ᠤᠯᠠᠭᠠᠨᠬᠤᠲᠠ ᠬᠤᠶᠠᠳᠤᠭᠠᠷ ᠲᠤᠮᠳᠠᠲᠦ ᠰᠤᠷᠭᠠᠭᠤᠯᠢ ᠶᠢᠨ ᠪᠠᠭᠰᠢ ᠨᠢ ᠰᠤᠷᠤᠬᠴᠢ ᠠᠴᠠ ᠰᠡᠳᠤᠪ ᠠᠰᠠᠭᠤᠵᠦ | ᠪᠠᠶᠢᠭ᠎ᠠ ᠨᠢ | | ᠬᠤᠷᠴᠢᠨ ᠪᠠᠷᠠᠭᠤᠨ ᠭᠠᠷᠣᠨ ᠡᠮᠦᠨᠡᠳᠦ ᠬᠤᠰᠢᠭᠤᠨ ᠤ ᠨᠢᠭᠡᠳᠦᠭᠡᠷ ᠲᠣᠮᠳᠠᠳᠦ ᠰᠣᠷᠭᠠᠭᠤᠯᠢ᠄ | ᠲᠤᠰ ᠰᠤᠷᠭᠠᠭᠤᠯᠢ ᠦᠨᠳᠤᠷ ᠭᠤᠷᠪᠠᠳᠣᠭᠠᠷ ᠣᠨ ᠤ ᠰᠢᠯᠭᠠᠬᠤ ᠬᠦᠳᠦᠯᠪᠦᠷᠢ ᠪᠠᠷ ᠦᠨᠳᠣᠰᠦ ᠪᠣᠯᠭᠠᠵᠦ᠂ | ᠰᠡᠳᠭᠢᠬᠦᠢ ᠶᠢᠨ ᠴᠢᠳᠠᠪᠣᠷᠢ ᠶᠢ ᠬᠦᠮᠦᠵᠢᠭᠦᠯᠬᠦ ᠪᠠᠷ ᠬᠠᠷᠠᠯᠳᠠ ᠪᠣᠯᠭᠠᠵᠦ᠂ ᠣᠯᠠᠨ ᠵᠦᠢᠯ ᠤᠨ ᠠᠮᠢᠳᠣᠯᠢᠭ ᠦᠷ᠎ᠡ | ᠠᠰᠢᠭ ᠲᠠᠢ ᠬᠠᠮᠢᠶᠠᠷᠣᠯᠳᠠ ᠶᠢᠨ ᠠᠷᠭ᠎ᠠ ᠮᠠᠶ᠋ᠢᠭ ᠰᠦᠪᠡᠭᠴᠢᠯᠡᠵᠦ᠂ ᠪᠠᠭᠰᠢ ᠶᠢᠨ ᠡᠩᠨᠡᠭᠡ ᠪᠣᠯᠣᠨ ᠰᠣᠷᠣᠭᠴᠢ ᠶᠢᠨ | ᠢᠳᠡᠪᠬᠢᠵᠢᠯ ᠢ ᠲᠠᠶᠢᠴᠢᠯᠠᠵᠦ ᠪᠠᠶᠢᠨ᠎ᠠ᠃ ᠡᠭᠦᠨ ᠳᠤ᠂ ᠪᠤᠳᠠᠲᠠᠢ ᠬᠢᠳᠡᠯ ᠠᠴᠠ ᠲᠤᠷᠠᠳᠪᠡᠯ ᠣᠷᠢᠳ ᠬᠤᠵᠢᠳ | ᠪᠠᠭᠰᠢ ᠨᠠᠷ ᠤᠨ ᠰᠡᠳᠦᠪ ᠲᠠᠷᠤᠮᠠᠯᠯᠠᠬᠤ᠂ ᠬᠠᠮᠳᠦ ᠶᠢᠨ ᠬᠢᠴᠢᠶᠡᠯ ᠪᠡᠯᠡᠳᠭᠡᠬᠦ᠂ ᠰᠣᠷᠣᠭᠴᠢᠳ ᠲᠤ ᠵᠠᠳᠠᠯᠣᠯᠳᠠ ᠬᠢᠬᠦ᠂ | ᠰᠢᠯᠭᠠᠯᠳᠠ ᠶᠢᠨ ᠰᠡᠳᠦᠪ ᠲᠤ ᠵᠠᠳᠠᠯᠣᠯᠳᠠ ᠬᠢᠬᠦ᠂ ᠬᠢᠴᠢᠶᠡᠯ ᠤᠨ ᠭᠠᠳᠠᠨ᠎ᠠ ᠵᠢᠯᠣᠭᠤᠳᠬᠤ᠂ ᠲᠣᠰᠬᠠᠢ ᠰᠡᠳᠦᠪᠳᠦ | ᠨᠡᠭᠡᠭᠡᠯᠳᠡ ᠶᠢᠨ ᠬᠢᠴᠢᠶᠡᠯ ᠭᠠᠷᠭᠠᠵᠠᠢ᠃ | ᠲᠤᠰ ᠰᠤᠷᠭᠠᠭᠤᠯᠢ ᠰᠤᠷᠤᠬᠴᠢᠳ ᠤᠨ ᠬᠢᠷᠢ ᠪᠦᠲᠦᠮᠵᠢ ᠶᠢ ᠨᠡᠩ ᠢᠯᠡᠭᠦᠦ ᠳᠡᠭᠡᠭᠰᠢᠯᠡᠭᠦᠯᠬᠦ ᠶᠢᠨ ᠲᠦᠯᠦᠭᠡ | ᠂ ᠶᠡᠭᠡ ᠪᠠᠭ᠎ᠠ ᠰᠢᠯᠭᠠᠯᠳᠠ ᠪᠠᠷ ᠲᠠᠮᠵᠢᠨ᠂ ᠰᠤᠷᠤᠬᠴᠢᠳ ᠢᠶᠠᠨ ᠲᠠᠪᠳᠡᠨ ᠪᠤᠯᠪᠠᠰᠤᠷᠠᠭᠤᠯᠵᠤ᠂ ᠲᠡᠳᠡᠨᠡᠷ ᠤᠨ | ᠪᠠᠷᠢᠮᠵᠢᠶ᠎ᠡ ᠪᠠᠷ ᠰᠡᠳᠦᠪ ᠬᠠᠷᠢᠭᠤᠯᠬᠤ᠂ ᠪᠣᠯᠪᠠᠰᠣᠷᠠᠯ ᠤᠨ ᠬᠤᠷᠳᠣᠴᠠ ᠪᠠᠨ ᠲᠦᠷᠭᠡᠳᠭᠡᠬᠦ᠂ ᠵᠦᠪ ᠣᠨᠣᠪᠴᠢᠳᠠᠢ | ᠰᠡᠳᠤᠪ ᠬᠠᠷᠢᠭᠤᠯᠬᠤ ᠶᠢ ᠴᠢᠩᠭᠠᠳᠬᠠᠵᠠᠢ︔ ᠡᠭᠡᠯᠵᠢ ᠶᠢᠨ ᠲᠠᠪᠳᠠᠯᠭ᠎ᠠ ᠪᠠᠷ ᠲᠠᠮᠵᠢᠭᠤᠯᠦᠨ᠂ ᠮᠡᠳᠡᠯᠭᠡ ᠶᠢᠨ | ᠪᠠᠳᠣᠳᠬᠠᠯ ᠲᠣᠳᠠᠭᠤ ᠪᠠ ᠣᠷᠬᠢᠭᠰᠠᠨ ᠢ ᠨᠦᠬᠦᠪᠦᠷᠢᠯᠡᠬᠦ᠂ ᠬᠡᠪ ᠤᠨ ᠪᠠᠶᠢᠳᠠᠯ ᠢᠶᠠᠨ ᠪᠠᠳᠣᠯᠠᠬᠤ᠂ ᠰᠤᠷᠤᠯᠴᠠᠬᠤ | ᠣᠷᠮ᠎ᠠ ᠵᠣᠷᠢᠭ ᠢ ᠡᠷᠴᠢᠯᠡᠬᠦ ᠵᠡᠷᠭᠡ ᠣᠯᠠᠨ ᠵᠦᠢᠯ ᠤᠨ ᠠᠷᠭ᠎ᠠ ᠠᠪᠴᠠᠯ ᠠᠪᠴᠦ ᠰᠤᠷᠤᠬᠴᠢᠳ ᠤᠨ ᠢᠳᠡᠪᠬᠢᠵᠢᠯ ᠢ | ᠲᠠᠶᠢᠴᠢᠯᠠᠵᠤ ᠪᠠᠶᠢᠨ᠎ᠠ᠃ ᠡᠭᠦᠨ ᠤ ᠬᠠᠮᠲᠦ᠂ ᠭᠤᠷᠪᠠ ᠣᠳᠠᠭᠠᠨ ᠤ ᠰᠣᠷᠢᠯᠳᠠ ᠶᠢᠨ ᠰᠢᠯᠭᠠᠯᠳᠠ ᠶᠢ | ᠶᠠᠪᠤᠬᠳᠠᠭᠤᠯᠬᠤ ᠪᠠᠷ ᠳᠠᠮᠵᠢᠨ᠂ ᠰᠤᠷᠤᠬᠴᠢᠳ ᠤᠨ ᠪᠠᠴᠢᠮᠳᠠᠵᠦ ᠶᠠᠭᠠᠷᠠᠬᠤ ᠦᠭᠡᠢ ᠪᠡᠶ᠎ᠠ ᠰᠡᠳᠬᠢᠴᠡ ᠶᠢᠨ ᠪᠠᠶᠢᠳᠠᠯ ᠢ | ᠬᠦᠮᠤᠵᠢᠬᠦᠯᠵᠤ᠂ ᠰᠤᠷᠤᠬᠴᠢᠳ ᠤᠨ ᠰᠢᠯᠭᠠᠯᠳᠠ ᠳᠤ ᠪᠠᠷᠢᠮᠵᠢᠶ᠎ᠠ ᠲᠦᠷᠢᠮᠵᠢᠭᠦᠨ ᠬᠠᠷᠢᠭᠤᠯᠬᠤ ᠂ ᠬᠤᠷᠳᠣᠴᠠ᠂ | ᠴᠢᠳᠠᠪᠣᠷᠢ ᠪᠣᠯᠣᠨ ᠣᠨᠣᠪᠴᠢ ᠶᠢᠨ ᠬᠡᠮᠵᠢᠶ᠎ᠠ ᠶᠢ ᠲᠡᠭᠡᠭᠰᠢᠯᠡᠬᠦᠯᠬᠦ ᠶᠢ ᠱᠠᠭᠠᠷᠳᠠᠨ ᠪᠣᠯᠪᠠᠰᠣᠷᠠᠭᠤᠯᠵᠤ᠂ ᠪᠠᠭᠰᠢ | ᠰᠤᠷᠤᠬᠴᠢᠳ ᠪᠡᠶ᠎ᠠ ᠰᠡᠳᠬᠢᠴᠡ ᠪᠠᠨ ᠨᠠᠮᠵᠢᠭᠤᠨ ᠲᠤᠬᠳᠠᠭᠤᠨ ᠪᠠᠶᠢᠯᠭᠠᠵᠦ᠂ ᠵᠢᠩᠬᠢᠨᠢ ᠰᠢᠯᠭᠠᠯᠲᠠ ᠳᠠᠭᠠᠨ ᠰᠢᠯᠢᠳᠡᠭ | ᠰᠠᠶᠢᠨ ᠬᠢᠷᠢ ᠪᠦᠲᠦᠮᠵᠢ ᠤᠯᠬᠤ ᠪᠠᠷ ᠬᠠᠮᠲᠦᠪᠡᠷ ᠴᠢᠷᠮᠠᠶᠢᠨ ᠰᠤᠷᠤᠯᠴᠠᠵᠦ ᠪᠠᠶᠢᠨ᠎ᠠ᠃ | | ᠡᠮᠤᠨᠡᠲᠦ ᠬᠤᠰᠢᠭᠤᠨ ᠤ ᠨᠢᠭᠡᠳᠦᠭᠡᠷ ᠳᠤᠮᠳᠠᠲᠦ ᠰᠤᠷᠭᠠᠭᠤᠯᠢ ᠶᠢᠨ ᠪᠠᠭᠰᠢ ᠰᠤᠷᠤᠬᠴᠢᠳ ᠰᠢᠯᠭᠠᠯᠲᠠ ᠶᠢᠨ | ᠪᠡᠯᠡᠳᠭᠡᠯ ᠢᠶᠠᠨ ᠰᠠᠶᠢᠳᠤᠷ ᠬᠢᠵᠤ ᠪᠠᠶᠢᠭ᠎ᠠ ᠨᠢ | | ᠵᠠᠯᠠᠶᠢᠳ ᠬᠤᠰᠢᠭᠤᠨ ᠤ ᠢᠨᠳᠡᠷ ᠲᠠᠬᠢ ᠬᠤᠶᠠᠳᠤᠭᠠᠷ ᠳᠤᠮᠳᠠᠳᠤ ᠰᠤᠷᠭᠠᠭᠤᠯᠢ᠄ | ᠢᠨᠳᠡᠷ ᠲᠠᠬᠢ ᠬᠤᠶᠠᠳᠤᠭᠠᠷ ᠳᠤᠮᠳᠠᠲᠦ ᠰᠤᠷᠭᠠᠭᠤᠯᠢ ᠦᠨᠳᠤᠷ ᠭᠤᠷᠪᠠᠳᠤᠭᠠᠷ ᠤᠨ ᠤ | ᠰᠤᠷᠤᠭᠴᠢᠳ ᠤᠨ ᠢᠶᠠᠨ ᠤᠯᠤᠰ ᠤᠨ ᠨᠢᠭᠡᠳᠤᠯᠳᠡᠢ ᠰᠢᠯᠭᠠᠯᠲᠠ ᠶᠢ ᠢᠲᠡᠭᠡᠯ ᠲᠡᠭᠦᠯᠳᠡᠷ ᠢᠶᠠᠷ ᠤᠭᠲᠤᠬᠤ | ᠵᠤᠷᠢᠯᠲᠠ ᠠᠴᠠ ᠰᠤᠷᠤᠬᠴᠢ ᠶᠢᠨ ᠬᠠᠮᠢᠶᠠᠷᠤᠯᠳᠡ ᠶᠢᠨ ᠣᠯᠠᠨ ᠵᠢᠯ ᠤᠨ ᠪᠠᠶᠠᠯᠢᠭ ᠲᠤᠷᠰᠢᠯᠭ᠎ᠠ ᠲᠠᠢ ᠪᠠ ᠪᠡᠶ᠎ᠠ | ᠰᠡᠳᠬᠢᠴᠡ ᠶᠢᠨ ᠡᠷᠡᠭᠦᠯ ᠰᠠᠷᠠᠭᠤᠯ ᠤᠨ ᠰᠤᠳᠤᠯᠤᠯ ᠳᠤ ᠭᠦᠨᠵᠡᠭᠡᠶᠢᠷᠡᠭᠰᠡᠨ ᠪᠠᠭᠰᠢ ᠶᠢ ᠤᠷᠢᠵᠤ᠂ | ᠰᠤᠷᠤᠬᠴᠢᠳ ᠲᠠᠭᠠᠨ ᠰᠡᠳᠬᠢᠴᠡ ᠶᠢᠨ ᠡᠷᠡᠬᠦᠯ ᠰᠠᠷᠠᠭᠤᠯ ᠤᠨ ᠬᠦᠮᠦᠵᠢᠯ ᠤᠨ ᠶᠠᠷᠢᠶ᠎ᠠ ᠢᠯᠡᠳᠭᠡᠯ ᠬᠢᠯᠭᠡᠭᠰᠡᠨ | ᠪᠠᠶᠢᠨ᠎ᠠ᠃ ᠦᠨᠳᠤᠷ ᠭᠤᠷᠪᠠᠳᠤᠭᠠᠷ ᠣᠨ ᠤ ᠰᠤᠷᠤᠭᠴᠢᠳ ᠲᠤ ᠠᠪᠴᠤ ᠬᠡᠯᠡᠪᠡᠯ᠂ ᠤᠯᠤᠰ ᠤᠨ ᠨᠢᠭᠡᠳᠤᠯᠳᠠᠢ | ᠰᠢᠯᠭᠠᠯᠲᠠ ᠪᠤᠯ ᠭᠤᠷᠪᠠᠨ ᠵᠢᠯ ᠤᠨ ᠲᠡᠰᠪᠦᠷᠢ ᠬᠠᠲᠠᠭᠤᠵᠢᠯᠲᠠᠢ ᠰᠤᠷᠤᠯᠴᠠᠯᠭ᠎ᠠ ᠴᠢᠷᠮᠠᠶᠢᠯᠭ᠎ᠠ ᠶᠢᠨ ᠬᠢᠨᠢ ᠠᠮᠵᠢᠯᠲᠠ | ᠪᠦᠲᠦᠮᠵᠢ ᠣᠯᠬᠤ ᠡᠰᠡᠬᠦ ᠶᠢᠨ ᠵᠠᠩᠭᠢᠯᠠᠭ᠎ᠠ ᠶᠢᠨ ᠪᠤᠭᠤᠮᠳᠠ ᠪᠤᠯᠤᠨ᠎ᠠ᠃ ᠡᠭᠦᠨ ᠳᠤ ᠡᠷᠡᠭᠦᠯ ᠰᠡᠳᠬᠢᠴᠡ᠂ ᠲᠡᠭᠦᠯᠳᠡᠷ | ᠢᠲᠡᠭᠡᠯ ᠨᠢ ᠠᠮᠵᠢᠯᠲᠠ ᠣᠯᠬᠤ ᠶᠢᠨ ᠦᠨᠳᠦᠰᠤ ᠰᠠᠭᠤᠷᠢ ᠪᠤᠯᠬᠤ ᠨᠢ ᠭᠠᠷᠴᠠᠭ᠎ᠠ ᠦᠭᠡᠢ᠃ ᠰᠤᠷᠭᠠᠭᠤᠯᠢ ᠠᠴᠠ | ᠪᠠᠰᠠ ᠲᠤᠰᠬᠠᠢ ᠮᠡᠷᠭᠡᠵᠢᠯᠳᠡᠨ ᠪᠠᠭᠰᠢ ᠤᠷᠢᠵᠤ᠂ ᠦᠨᠳᠤᠷ ᠭᠤᠷᠪᠠᠳᠤᠭᠠᠷ ᠤᠨ ᠤ ᠰᠤᠷᠤᠬᠴᠢᠳ ᠲᠠᠭᠠᠨ ︽ | ᠤᠨᠴᠠᠭᠠᠢ ᠵᠢᠯ ᠤᠨ ᠤᠨᠴᠠᠭᠠᠢ ᠤᠯᠤᠰ ᠤᠨ ᠨᠢᠭᠡᠳᠤᠯᠳᠠᠢ ᠰᠢᠯᠭᠠᠯᠲᠠ ᠳᠤ ᠬᠡᠷᠬᠢᠨ ᠦᠨᠳᠦᠷ ᠠᠮᠵᠢᠯᠲᠠ ᠣᠯᠵᠤ | ᠴᠢᠳᠠᠬᠤ ᠪᠤᠢ︾ ᠭᠡᠬᠦ ᠲᠠᠶᠢᠯᠤᠮᠵᠢ ᠬᠢᠯᠭᠡᠵᠤ᠂ ᠰᠤᠷᠤᠬᠴᠢᠳ ᠦᠭᠡᠳᠡᠷᠭᠡᠭ ᠣᠪᠤᠷ ᠰᠡᠳᠬᠢᠯᠭᠡ ᠪᠠᠷ | ᠲᠦᠯᠦᠪᠯᠡᠭᠡ ᠲᠠᠢ᠂ ᠠᠯᠤᠰ ᠤᠨ ᠬᠠᠷᠠᠯᠲᠠ ᠲᠠᠢ᠂ ᠠᠵᠢᠯᠯᠠᠵᠤ ᠠᠮᠠᠷᠠᠬᠤ ᠴᠠᠭ ᠢᠶᠠᠨ ᠰᠢᠨᠵᠢᠯᠡᠬᠦ ᠤᠬᠠᠭᠠᠨᠴᠢ ᠪᠠᠷ | ᠲᠤᠬᠢᠷᠠᠭᠤᠯᠵᠤ᠂ ᠳᠤᠲᠠᠭᠳᠠᠯ ᠢᠶᠠᠨ ᠬᠦᠯᠢᠶᠡᠨ ᠠᠪᠴᠤ ᠬᠠᠯᠠᠨ ᠰᠠᠶᠢᠵᠢᠷᠠᠭᠤᠯᠬᠤ᠂ ᠦᠪᠡᠷ ᠢ ᠪᠠᠨ ᠬᠦᠨᠳᠦᠳᠭᠡᠵᠤ᠂ | ᠪᠠᠭᠰᠢ ᠶᠢᠨ ᠢᠶᠠᠨ ᠵᠢᠭᠠᠨ ᠵᠢᠯᠤᠭᠤᠳᠤᠯᠭ᠎ᠠ ᠪᠠᠷ ᠢᠲᠡᠭᠡᠯ ᠲᠡᠭᠦᠯᠳᠡᠷ ᠤᠯᠤᠰ ᠤᠨ ᠨᠢᠭᠡᠳᠤᠯᠳᠡᠢ ᠰᠢᠯᠭᠠᠯᠳᠡ ᠪᠠᠨ | ᠤᠬᠳᠤᠬᠤ ᠡᠷᠴᠢ ᠵᠤᠷᠢᠭ ᠢ ᠨᠢ ᠬᠦᠪᠴᠢᠯᠡᠵᠡᠢ᠃ | ᠡᠶᠢᠨᠬᠦ ᠤᠨᠴᠠᠭᠠᠢ ᠴᠠᠬ ᠮᠦᠴᠠ ᠳᠤ᠂ ᠰᠤᠷᠭᠠᠭᠤᠯᠢ ᠠᠴᠠ ᠰᠤᠷᠤᠭᠴᠢᠳ ᠤᠨ ᠡᠷᠡᠬᠦᠯ ᠰᠠᠷᠠᠭᠤᠯ | ᠰᠡᠳᠬᠢᠴᠡ ᠶᠢᠨ ᠲᠤᠬᠠᠢ ᠶᠡᠷᠤ ᠶᠢᠨ ᠮᠡᠳᠡᠯᠭᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠦᠪᠡᠷ ᠢ ᠪᠠᠨ | ᠪᠠᠭ᠋ᠠᠷᠬᠠᠬᠤ ᠤᠬᠠᠮᠰᠠᠷ ᠢ ᠨᠢ ᠳᠡᠭᠡᠭᠰᠢᠯᠡᠭᠦᠯᠦᠨ᠂ ᠰᠤᠷᠤᠬᠴᠢᠳ ᠤᠨ ᠦᠪᠡᠷ ᠤᠨ ᠰᠡᠳᠬᠢᠴᠡ ᠪᠠᠨ ᠵᠣᠬᠢᠴᠠᠭᠤᠯᠬᠤ | ᠴᠢᠳᠠᠪᠦᠷᠢ ᠶᠢ ᠨᠢ ᠴᠢᠩᠭᠠᠳᠬᠠᠨ᠂ ᠤᠯᠤᠰ ᠤᠨ ᠨᠢᠭᠡᠳᠤᠯᠳᠠᠢ ᠰᠢᠯᠭᠠᠯᠲᠠ ᠳᠤ ᠨᠡᠩ ᠰᠠᠶᠢᠨ ᠬᠡᠪ ᠪᠠᠶᠢᠳᠠᠯ ᠢᠶᠠᠷ | ᠤᠷᠤᠯᠴᠠᠬᠤ ᠶᠢ ᠪᠠᠳᠤᠯᠠᠵᠤ ᠪᠠᠶᠢᠨ᠎ᠠ᠃ | | ᠢᠨᠳᠡᠷ ᠲᠠᠬᠢ ᠬᠤᠶᠠᠳᠤᠭᠠᠷ ᠳᠤᠮᠳᠠᠲᠦ ᠰᠤᠷᠭᠠᠭᠤᠯᠢ ᠶᠢᠨ ᠰᠤᠷᠤᠬᠴᠢᠳ ᠪᠡᠶ᠎ᠠ ᠮᠠᠬᠠᠪᠤᠳ ᠢᠶᠠᠨ | ᠪᠤᠯᠪᠠᠰᠦᠷᠠᠭᠤᠯᠵᠦ ᠪᠤᠢ᠃ | ᠬᠤᠷᠴᠢᠨ ᠪᠠᠷᠠᠭᠤᠨ ᠭᠠᠷᠦᠨ ᠳᠤᠮᠳᠠᠲᠦ ᠬᠤᠰᠢᠭᠤᠨ ᠤ ᠪᠠᠶᠠᠨᠬᠤᠰᠢᠭᠤ ᠨᠢᠬᠡᠳᠦᠭᠡᠷ ᠲᠤᠮᠳᠠᠳᠤ ᠰᠤᠷᠭᠠᠭᠤᠯᠢ | ᠄ | ᠭᠡᠨᠡᠳᠲᠡ ᠡᠬᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠨᠢ ᠰᠤᠷᠤᠬᠴᠢᠳ ᠤᠨ | ᠡᠪᠦᠯ ᠤᠨ ᠠᠮᠠᠷᠠᠯᠳᠠ ᠶᠢᠨ ᠬᠤᠭᠤᠴᠠᠭ᠎ᠠ ᠶᠢ ᠤᠷᠳᠤᠳᠬᠠᠵᠤ᠂ ᠬᠢᠴᠢᠶᠡᠯ ᠰᠤᠷᠤᠯᠭ᠎ᠠ ᠬᠡᠪ ᠤᠨ ᠪᠠᠶᠢᠳᠠᠯ ᠢᠶᠠᠨ | ᠠᠯᠳᠠᠬᠰᠠᠨ ᠪᠠᠶᠢᠨ᠎ᠠ᠃ ᠬᠡᠪᠡᠴᠦ ᠲᠤᠰ ᠰᠤᠷᠭᠠᠭᠤᠯᠢ ᠶᠢᠨ ᠦᠨᠳᠤᠷ ᠭᠤᠷᠪᠠᠳᠤᠭᠠᠷ ᠤᠨ ᠤ ᠪᠠᠭᠰᠢ ᠰᠤᠷᠤᠬᠴᠢᠳ | ᠬᠢᠵᠢᠭ ᠢ ᠰᠡᠷᠬᠡᠶᠢᠯᠡᠬᠦ ᠠᠵᠢᠯ ᠢ ᠰᠠᠶᠢᠳᠤᠷ ᠬᠢᠬᠦ ᠶᠢᠨ ᠲᠠᠭᠠᠤ ᠰᠡᠳᠬᠢᠯ ᠰᠠᠨᠠᠭ᠎ᠠ ᠪᠠᠨ ᠲᠤᠬᠳᠠᠪᠤᠷᠢᠵᠢᠭᠤᠯᠤᠨ | ᠤᠯᠤᠰ ᠤᠨ ᠨᠢᠭᠡᠳᠤᠯᠳᠠᠢ ᠰᠢᠯᠭᠠᠯᠳᠠ ᠶᠢᠨ ᠪᠡᠯᠡᠳᠬᠡᠯ ᠠᠵᠢᠯ ᠢᠶᠠᠨ ᠪᠦᠷᠢᠨ ᠲᠡᠭᠦᠯᠳᠡᠷ ᠬᠢᠭᠰᠡᠨ ᠪᠠᠶᠢᠨ᠎ᠠ᠃ | ᠨᠢᠭᠡ ᠳᠤ᠂ ︽ᠬᠢᠴᠢᠶᠡᠯ ᠵᠤᠬᠰᠤᠪᠠᠴᠦ ᠰᠤᠷᠤᠯᠭ᠎ᠠ ᠵᠤᠬᠰᠤᠬᠤ ᠦᠬᠡᠢ︾ ᠠᠵᠢᠯ ᠢ ᠰᠠᠶᠢᠳᠤᠷ ᠬᠢᠪᠡ᠃ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠪᠤᠯᠵᠦ᠂ ᠦᠨᠳᠤᠷ ᠭᠤᠷᠪᠠᠳᠤᠭᠠᠷ ᠤᠨ ᠤ | ᠰᠤᠷᠤᠬᠴᠢᠳ ᠲᠤᠬᠳᠠᠬᠰᠠᠨ ᠴᠠᠭ ᠲᠤ ᠪᠠᠨ ᠰᠤᠷᠭᠠᠭᠤᠯᠢ ᠡᠬᠢᠯᠡᠵᠦ ᠲᠡᠶᠢᠯᠬᠦ ᠦᠬᠡᠢ᠂ ᠪᠠᠭᠰᠢ ᠶᠢᠨ ᠬᠦᠮᠦᠵᠢᠯ᠂ | ᠵᠢᠭᠠᠨ ᠵᠢᠯᠤᠭᠤᠳᠤᠯᠭ᠎ᠠ ᠲᠤᠯᠭᠠᠮ᠎ᠠ ᠱᠠᠭᠠᠷᠳᠠᠬᠳᠠᠵᠤ ᠪᠠᠶᠢᠭ᠎ᠠ ᠦᠶ᠎ᠠ ᠰᠤᠷᠭᠠᠭᠤᠯᠢ ᠶᠢᠨ ᠤᠳᠤᠷᠢᠳᠤᠯᠭ᠎ᠠ ᠵᠢᠴᠢ | ᠦᠨᠳᠤᠷ ᠭᠤᠷᠪᠠᠳᠤᠭᠠᠷ ᠤᠨ ᠤ ᠠᠩᠭᠢ ᠶᠢᠨ ᠡᠷᠬᠢᠯᠡᠭᠴᠢ ᠨᠠᠷ ︽ᠰᠦᠯᠵᠢᠶᠡᠨ ᠬᠤᠷᠠᠯ︾ ᠬᠤᠷᠠᠯᠳᠤᠭᠤᠯᠵᠦ | ᠬᠢᠵᠢᠭ ᠢ ᠰᠡᠷᠬᠡᠶᠢᠯᠡᠨ ᠡᠵᠡᠮᠳᠡᠬᠦ᠂ ᠲᠠᠪᠳᠠᠯᠭ᠎ᠠ ᠶᠢ ᠵᠢᠯᠤᠭᠤᠳᠬᠤ᠂ ᠰᠡᠳᠬᠢᠴᠡ ᠶᠢᠨ ᠬᠦᠮᠦᠵᠢᠯ ᠬᠢᠬᠦ ᠵᠡᠷᠬᠡ ᠠᠵᠢᠯ ᠢ | ᠬᠢᠨᠠᠮᠠᠭᠠᠢ ᠬᠦᠢᠴᠡᠳᠬᠡᠵᠡᠢ᠃ ᠡᠭᠦᠨ ᠳᠤ᠂ ᠡᠯ᠎ᠡ ᠠᠩᠭᠢ ᠶᠢᠨ ᠡᠷᠬᠢᠯᠡᠭᠴᠢ ᠸᠢᠴᠠᠲ ᠬᠤᠯᠪᠤᠭ᠎ᠠ ᠪᠠᠷ ᠳᠠᠮᠵᠢᠭᠤᠯᠤᠨ᠂ | ᠰᠤᠷᠤᠬᠴᠢᠳ ᠲᠠᠭᠠᠨ ᠬᠢᠵᠢᠭ ᠤᠨ ᠬᠦᠨᠳᠦ ᠨᠤᠴᠢᠳᠠᠢ ᠪᠠᠶᠢᠳᠠᠯ ᠢ ᠮᠡᠳᠡᠬᠦᠯᠬᠦ ᠶᠢᠨ ᠬᠠᠮᠳᠤ ᠰᠡᠷᠬᠡᠶᠢᠯᠡᠨ ᠡᠵᠡᠮᠳᠡᠬᠦ | ᠠᠵᠢᠯ ᠢ ᠰᠠᠶᠢᠳᠤᠷ ᠬᠢᠬᠦ ᠶᠢ ᠴᠢᠩᠭᠠᠳᠬᠠᠵᠤ᠂ ᠭᠠᠳᠠᠬᠰᠢ ᠭᠠᠷᠪᠠᠯ ᠠᠮᠠᠪᠴᠢ ᠵᠡᠬᠦᠵᠤ᠂ ᠭᠡᠷ ᠲᠤ ᠤᠷᠤᠪᠠᠯ | ᠭᠠᠷ ᠢᠶᠠᠨ ᠰᠠᠶᠢᠳᠤᠷ ᠤᠬᠢᠶᠠᠬᠤ᠂ ᠤᠯᠠᠨ ᠨᠡᠶᠢᠳᠡ ᠶᠢᠨ ᠲᠠᠯᠠᠪᠤᠷ ᠲᠤ ᠤᠴᠢᠬᠤ ᠦᠬᠡᠢ᠂ ᠪᠡᠶ᠎ᠡ ᠶᠢᠨ ᠲᠠᠮᠢᠷ ᠤᠨ | ᠪᠤᠯᠪᠠᠰᠤᠷᠠᠯ ᠳᠤ ᠤᠷᠤᠯᠴᠠᠬᠤ ᠶᠢ ᠰᠤᠷᠤᠬᠴᠢᠳ ᠲᠠᠭᠠᠨ ᠵᠠᠬᠢᠵᠤ ᠰᠠᠨᠠᠭᠤᠯᠵᠠᠢ᠃ | ᠬᠤᠶᠠᠷ ᠲᠤ᠂ 6 ᠰᠠᠷ᠎ᠠ ᠶᠢᠨ 5 ᠤ ᠡᠳᠤᠷ᠂ ᠰᠤᠷᠭᠠᠭᠤᠯᠢ ᠠᠴᠠ ᠬᠤᠰᠢᠭᠤᠨ ᠤ ᠪᠠᠨ ᠮᠤᠩᠭᠤᠯ | ᠡᠮᠨᠡᠯᠭᠡ ᠶᠢᠨ ᠬᠤᠷᠢᠶᠠᠨ ᠤ ᠡᠮᠴᠢ ᠶᠢ ᠤᠷᠢᠵᠦ᠂ ᠰᠤᠷᠤᠬᠴᠢᠳ ᠲᠠᠭᠠᠨ ᠤᠯᠤᠰ ᠤᠨ ᠨᠢᠭᠡᠳᠤᠯᠳᠡᠢ ᠰᠢᠯᠭᠠᠯᠳᠠ ᠠᠴᠠ | ᠡᠮᠦᠨᠡᠬᠢ ᠪᠡᠶ᠎ᠡ ᠰᠡᠳᠬᠢᠴᠡ ᠶᠢᠨ ᠡᠷᠡᠬᠦᠯ ᠮᠡᠨᠳᠦ ᠶᠢᠨ ᠲᠤᠬᠠᠢ ᠲᠤᠰᠬᠠᠢ ᠲᠠᠶᠢᠯᠤᠮᠵᠢ ᠬᠢᠯᠭᠡᠪᠡ᠃ | ᠭᠤᠷᠪᠠ ᠳᠤ᠂ ᠤᠯᠤᠰ ᠤᠨ ᠨᠢᠭᠡᠳᠤᠯᠳᠡᠢ ᠰᠢᠯᠭᠠᠯᠳᠠ ᠶᠢᠨ ᠰᠤᠳᠤᠯᠤᠨ ᠶᠠᠷᠢᠯᠴᠠᠬᠤ ᠠᠵᠢᠯ ᠢ ᠭᠦᠨᠵᠡᠭᠡᠢ | ᠬᠢᠪᠡ᠃ ᠦᠨᠳᠤᠷ ᠭᠤᠷᠪᠠᠳᠤᠭᠠᠷ ᠤᠨ ᠤ ᠪᠠᠭᠰᠢ ᠨᠠᠷ ᠤᠯᠤᠰ ᠤᠨ ᠨᠢᠭᠡᠳᠤᠯᠳᠡᠢ ᠰᠢᠯᠭᠠᠯᠳᠠ ᠶᠢᠨ ᠰᠤᠳᠤᠯᠤᠨ | ᠶᠠᠷᠢᠯᠴᠠᠬᠤ ᠠᠵᠢᠯ ᠢ ᠨᠠᠷᠢᠨ ᠬᠢᠨᠠᠮᠠᠭᠠᠢ ᠬᠢᠵᠦ᠂ ᠤᠷᠴᠢᠮ ᠤᠨ ᠬᠡᠳᠦᠨ ᠵᠢᠯ ᠤᠨ ᠤᠯᠤᠰ ᠤᠨ ᠨᠢᠭᠡᠳᠤᠯᠳᠡᠢ | ᠰᠢᠯᠭᠠᠯᠳᠠ ᠶᠢ ᠵᠠᠳᠠᠯᠤᠨ᠂ ᠰᠢᠯᠭᠠᠯᠳᠠ ᠶᠢᠨ ᠠᠭᠤᠯᠭ᠎ᠠ᠂ ᠬᠡᠯᠪᠡᠷᠢ᠂ ᠬᠦᠨᠳᠦᠴᠡ᠂ ᠬᠦᠷᠢᠶ᠎ᠠ ᠬᠡᠪᠴᠢᠶ᠎ᠠ ᠳᠤ ᠤᠯᠠᠮ | ᠨᠢᠭᠲᠠ ᠭᠦᠨᠵᠡᠭᠡᠢ ᠵᠠᠳᠠᠯᠤᠯᠳᠠ ᠬᠢᠵᠤ᠂ ᠰᠤᠷᠤᠬᠴᠢᠳ ᠢᠶᠠᠨ ᠨᠡᠩ ᠰᠠᠶᠢᠨ ᠵᠢᠭᠠᠨ ᠵᠢᠯᠤᠭᠤᠳᠴᠤ᠂ ᠤᠯᠤᠰ ᠤᠨ | ᠨᠢᠭᠡᠳᠦᠯᠲᠠᠢ ᠰᠢᠯᠭᠠᠯᠳᠠ ᠳᠤ ᠰᠢᠯᠢᠳᠡᠭ ᠠᠮᠵᠢᠯᠳᠠ ᠤᠯᠬᠤ ᠪᠠᠷ ᠢᠳᠡᠭᠡᠯ ᠲᠡᠭᠦᠯᠳᠡᠷ ᠪᠠᠶᠢᠨ᠎ᠠ᠃ ᠪᠠᠰᠠ ᠠᠶᠢᠮᠠᠭ᠂ | ᠬᠤᠰᠢᠭᠤ᠂ ᠰᠤᠷᠭᠠᠭᠤᠯᠢ ᠶᠢᠨ ᠤᠳᠤᠷᠢᠳᠤᠯᠭ᠎ᠠ ᠶᠢᠨ ᠲᠤᠬᠢᠷᠠᠭᠤᠯᠭ᠎ᠠ ᠪᠠᠷ ᠦᠨᠳᠤᠷ ᠭᠤᠷᠪᠠᠳᠤᠭᠠᠷ ᠤᠨ ᠤ ᠵᠠᠷᠢᠮ | ᠪᠠᠭᠰᠢ ᠨᠠᠷ ᠪᠠᠰᠠ ᠭᠠᠳᠠᠷ ᠭᠠᠵᠠᠷ ᠢᠶᠠᠷ ᠬᠦᠷᠴᠦ᠂ ᠡᠯ᠎ᠠ ᠲᠦᠷᠦᠯ ᠤᠨ ᠬᠤᠷᠠᠯ ᠳᠤ ᠤᠷᠤᠯᠴᠠᠵᠦ᠂ ᠤᠯᠠᠨ | ᠶᠠᠩᠵᠦ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠦᠯᠢᠶᠡᠨ ᠠᠪᠴᠦ᠂ ᠰᠤᠷᠤᠬᠴᠢᠳ ᠲᠤ ᠪᠠᠨ ᠨᠡᠩ ᠰᠠᠶᠢᠨ | ᠵᠢᠯᠤᠭᠤᠳᠤᠯᠭ᠎ᠠ ᠬᠠᠨᠭ᠍ᠭᠠᠬᠰᠠᠨ ᠪᠠᠶᠢᠨ᠎ᠠ᠃ | | ᠪᠠᠶᠠᠠᠬᠤᠰᠢᠭᠤ ᠨᠢᠭᠡᠳᠦᠭᠡᠷ ᠳᠤᠮᠳᠠᠲᠦ ᠰᠤᠷᠭᠠᠭᠤᠯᠢ ᠶᠢᠨ ᠪᠠᠭᠰᠢ ᠠᠴᠠ ᠰᠤᠷᠤᠬᠴᠢᠳ ᠲᠠᠭᠠᠨ ᠬᠢᠴᠢᠶᠡᠯ | ᠲᠠᠶᠢᠯᠪᠦᠷᠢᠯᠡᠵᠤ ᠪᠠᠶᠢᠨ᠎ᠠ᠃ | 2020 ᠤᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠩ ᠤᠨ ᠶᠡᠭᠡ ᠲᠡᠭᠡᠳᠤ | ᠰᠤᠷᠭᠠᠭᠤᠯᠢ ᠶᠢᠨ ᠰᠤᠷᠤᠬᠴᠢ ᠡᠯᠰᠡᠬᠦ ᠪᠦᠬᠦ ᠤᠯᠤᠰ ᠤᠨ ᠨᠢᠭᠡᠳᠦᠯᠲᠠᠢ ᠰᠢᠯᠭᠠᠯᠲᠠ 7 ᠰᠠᠷ᠎ᠠ ᠶᠢᠨ 7 ᠤ | ᠡᠳᠤᠷ ᠠᠴᠠ 9 ᠤ ᠡᠳᠤᠷ ᠪᠤᠯᠳᠠᠯ᠎ᠠ ᠶᠠᠪᠤᠬᠳᠠᠬᠤ ᠪᠠᠷ ᠪᠤᠯᠵᠤ᠂ ᠦᠡᠭᠭᠡᠷᠡᠭᠰᠡᠨ ᠵᠢᠯ ᠲᠠᠢ ᠬᠠᠷᠢᠴᠠᠭᠤᠯᠪᠠᠯ ᠨᠢᠭᠡ | ᠰᠠᠷ᠎ᠠ ᠬᠤᠶᠢᠰᠢᠯᠠᠬᠰᠠᠨ ᠪᠠᠶᠢᠨ᠎ᠠ᠃ ᠰᠢᠯᠭᠠᠯᠲᠠ ᠶᠢᠨ ᠴᠠᠬ ᠬᠡᠲᠦ᠋ᠢᠪᠡᠷ ᠬᠤᠶᠢᠰᠢᠯᠠᠬᠰᠠᠨ ᠪᠤᠯᠪᠠᠴᠦ ᠪᠢᠳᠡᠨᠠᠷ | ᠡᠷᠬᠡᠪᠰᠢ ᠦᠪᠡᠷ ᠤᠨ ᠬᠢᠪᠡᠰᠦ ᠵᠤᠬᠢᠬᠤ ᠶᠠᠪᠤᠳᠠᠯ ᠢᠶᠠᠨ ᠰᠠᠶᠢᠳᠦᠷ ᠬᠢᠵᠦ᠂ ᠪᠡᠶ᠎ᠠ ᠰᠡᠳᠬᠢᠴᠠ ᠪᠠᠨ ᠡᠷᠡᠭᠦᠯ ᠰᠠᠷᠠᠭᠤᠯ | ᠪᠠᠶᠢᠯᠭᠠᠵᠦ᠂ ᠰᠢᠯᠭᠠᠯᠲᠠ ᠶᠢᠨ ᠪᠡᠯᠡᠳᠭᠡᠯ ᠠᠵᠢᠯ ᠢᠶᠠᠨ ᠰᠠᠶᠢᠳᠦᠷ ᠬᠢᠵᠦ ᠬᠠᠷᠠᠯᠲᠠ ᠲᠦᠯᠦᠪᠯᠡᠭᠡ ᠪᠠᠨ ᠲᠤᠬᠳᠠᠭᠠᠨ᠂ | ᠨᠢᠭᠡ ᠰᠡᠳᠬᠢᠯ ᠭᠠᠭᠴᠡ ᠵᠤᠷᠢᠬ ᠢᠶᠠᠷ ᠢᠶᠠᠨ ᠴᠢᠷᠮᠠᠶᠢᠪᠠᠯ ᠠᠮᠵᠢᠯᠲᠠ ᠤᠯᠬᠤ ᠨᠢ ᠯᠠᠪᠲᠠᠢ ᠶᠤᠮ᠃ ᠤᠯᠤᠰ ᠤᠨ | ᠨᠢᠭᠡᠳᠦᠯᠲᠠᠢ ᠰᠢᠯᠭᠠᠯᠲᠠ ᠳᠤ ᠡᠷᠬᠡᠪᠰᠢ ᠠᠩᠬᠠᠷᠬᠤ ᠴᠢᠬᠤᠯᠠ ᠲᠠᠢ ᠬᠡᠲᠦᠨ ᠲᠠᠯ᠎ᠠ ᠪᠠᠶᠢᠨ᠎ᠠ᠃ ᠶᠠᠭᠤᠨ ᠤ ᠡᠮᠤᠨ᠎ᠠ᠂ | ᠰᠢᠯᠭᠠᠯᠲᠠ ᠶᠢᠨ ᠲᠠᠯᠠᠪᠠᠢ ᠳᠤ ᠤᠷᠤᠬᠤ ᠠᠴᠠ ᠡᠮᠤᠨᠡᠬᠢ ᠪᠡᠯᠡᠳᠭᠡᠯ ᠠᠵᠢᠯ ᠢᠶᠠᠨ ᠰᠠᠶᠢᠳᠦᠷ ᠬᠢᠬᠦ ᠬᠡᠷᠡᠭᠲᠠᠢ᠃ | ᠳᠠᠷᠠᠭ᠎ᠠ ᠳᠤᠨᠢ ᠰᠢᠯᠭᠠᠯᠲᠠ ᠶᠢᠨ ᠲᠠᠯᠠᠪᠠᠢ ᠶᠢᠨ ᠲᠦᠷᠢᠮ ᠲᠤᠬᠳᠠᠭᠠᠯ ᠢ ᠴᠢᠩᠭ᠎ᠠ ᠰᠠᠬᠢᠵᠦ᠂ ᠰᠢᠯᠭᠠᠯᠲᠠ ᠶᠢᠨ | ᠬᠠᠭᠤᠳᠠᠰᠦ ᠪᠠᠨ ᠤᠯᠤᠮᠠᠬᠴᠠ ᠶᠠᠭᠠᠷᠠᠦ ᠰᠠᠨᠳᠦᠷᠦᠦ ᠪᠢᠷ ᠬᠦᠳᠡᠯᠭᠡᠨ ᠰᠡᠳᠦᠪ ᠬᠠᠷᠢᠭᠤᠯᠵᠦ ᠪᠤᠯᠬᠤ ᠦᠭᠡᠢ᠂ | ᠡᠷᠬᠡᠪᠰᠢ ᠬᠡᠲᠦᠨ ᠮᠢᠨᠦ᠋ᠲ ᠢ ᠵᠠᠷᠦᠴᠠᠭᠤᠯᠵᠦ᠂ ᠪᠦᠬᠦ ᠰᠡᠳᠦᠪ ᠢ ᠯᠡᠪᠳᠡᠭᠤᠨ ᠨᠢᠭᠡ ᠤᠳᠠᠭ᠎ᠠ ᠦᠵᠡᠵᠦ ᠭᠠᠷᠦᠨ᠎ᠠ᠃ | ᠭᠤᠷᠪᠠ ᠳᠤ ᠠᠩᠬᠠᠷᠬᠤ ᠴᠢᠬᠤᠯᠠ ᠲᠠᠢ ᠨᠢ ᠰᠢᠯᠭᠠᠯᠲᠠ ᠶᠢᠨ ᠬᠠᠭᠤᠳᠠᠰᠦ ᠪᠠᠨ ᠠᠯᠢ ᠴᠢᠳᠠᠬᠤ ᠪᠠᠷ ᠴᠡᠪᠡᠷ ᠲᠡᠭᠰᠢ | ᠪᠢᠴᠢᠵᠦ᠂ ᠡᠷᠦᠢ ᠬᠤᠷᠦᠢ ᠦᠭᠡᠢ ᠲᠠᠳᠠᠯᠠᠵᠦ ᠪᠤᠯᠬᠤ ᠦᠭᠡᠢ᠃ ᠰᠠᠳᠦᠪ ᠢᠶᠠᠨ ᠬᠠᠷᠢᠭᠤᠯᠵᠦ ᠲᠠᠭᠤᠰᠤᠬᠰᠠᠨ ᠤ | ᠳᠠᠷᠠᠭ᠎ᠠ ᠴᠠᠬ ᠢ ᠠᠮᠵᠢᠨ᠂ ᠨᠡᠷ᠎ᠠ ᠪᠠ ᠰᠢᠯᠭᠠᠯᠲᠠ ᠶᠢᠨ ᠨᠤᠮᠧᠷ ᠵᠡᠷᠭᠡ ᠪᠠᠨ ᠲᠠᠬᠢᠨ ᠬᠢᠨᠠᠬᠤ ᠪᠤᠯ ᠪᠠᠰᠠ ᠴᠢᠬᠤᠯᠠ | ᠪᠠᠶᠢᠳᠠᠭ᠃ ᠬᠠᠮᠤᠭ ᠰᠡᠭᠦᠯ ᠳᠤᠨᠢ᠂ ᠡᠨᠡ ᠵᠢᠯ ᠤᠨ ᠤᠯᠤᠰ ᠤᠨ ᠨᠢᠭᠡᠳᠦᠯᠲᠠᠢ ᠰᠢᠯᠭᠠᠯᠲᠠ ᠳᠤ ᠤᠷᠤᠯᠴᠠᠬᠤ ᠭᠡᠵᠦ | ᠪᠠᠶᠢᠭ᠎ᠠ ᠲᠡᠭᠦᠦ ᠨᠠᠷ ᠲᠠᠭᠠᠨ ᠰᠢᠯᠭᠠᠯᠲᠠ ᠶᠢᠨ ᠬᠠᠮᠤᠭ ᠰᠠᠶᠢᠨ ᠬᠢᠷᠢ ᠪᠦᠲᠦᠮᠵᠢ ᠤᠯᠬᠤ ᠶᠢ ᠬᠦᠰᠡᠨ ᠵᠦᠡᠭᠨᠡᠬᠦ ᠶᠢᠨ | ᠬᠠᠮᠲᠦ ᠦᠪᠡᠷ ᠤᠨ ᠬᠦᠰᠡᠵᠦ ᠰᠠᠨᠠᠬᠰᠠᠨ ᠶᠡᠭᠡ ᠰᠤᠷᠭᠠᠭᠤᠯᠢ ᠳᠠᠭᠠᠨ ᠰᠢᠯᠭᠠᠨ ᠤᠷᠤᠬᠤ ᠶᠢ ᠵᠦᠡᠭᠨᠡᠨ ᠪᠡᠯᠭᠡᠳᠡᠶ᠎ᠠ︕ | | |