— ᠬᠤᠷᠴᠢᠨ ᠪᠠᠷᠡᠭᠤᠨ ᠭᠠᠷᠣᠨ ᠡᠮᠦᠨᠡᠲᠦ ᠬᠤᠰᠢᠭᠤᠨ ᠤ ᠬᠠᠯᠠᠭᠠᠢ ᠵᠠᠮ ᠬᠠᠷᠢᠯᠴᠠᠭᠠᠨ ᠤ ᠲᠣᠭᠤᠷᠢᠨ | ᠴᠠᠭᠳᠠᠬᠤ ᠳᠤᠮᠳᠠ ᠠᠩᠭᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠬᠰᠡᠨ | ᠠᠵᠢᠯ ᠤᠨ ᠲᠤᠬᠠᠶ ᠲᠡᠮᠳᠡᠭᠯᠡᠯ | ᠲᠠᠩᠰᠤᠭ ᠰᠠᠶᠢᠬᠠᠨ ᠬᠠᠩᠭᠠᠶ ᠲᠠᠯ᠎ᠠ ᠨᠤᠲᠤᠭ ᠲᠤ᠂ ᠳᠤᠮᠳᠠᠴᠢ ᠪᠠᠷ 27 ᠨᠠᠰᠤᠲᠠᠶ ᠦᠨᠳᠦᠰᠦᠨ | ᠱᠠᠲᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠬᠥᠭᠵᠢᠶᠡᠨᠲᠡᠶ ᠠᠵᠢᠯᠯᠠᠵᠠᠭᠠᠨ᠎ᠠ᠃ ᠲᠡᠳᠡ ᠥᠷᠭᠡᠨ ᠤᠯᠠᠨ | ᠮᠠᠯᠴᠢᠨ ᠲᠠᠷᠢᠶᠠᠴᠢᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠠᠯᠠᠭᠤᠮᠰᠤᠭ ᠢᠶᠠᠷ ᠦᠢᠯᠡᠴᠢᠯᠡᠵᠦ᠂ | ᠬᠠᠤᠯᠢ ᠶᠢ ᠴᠢᠩᠭ᠎ᠠ ᠳᠦᠷᠢᠮᠵᠢᠭᠦᠯᠦᠨ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠢᠩᠭᠠᠨ | ᠨᠣᠳᠤᠭ ᠲᠤ ᠨᠡᠩ ᠰᠣᠷᠭᠤᠭ ᠰᠠᠶᠢᠬᠠᠨ ᠳᠡᠯᠭᠡᠷᠡᠭᠦᠯᠦᠨ᠎ᠠ︔ ᠲᠡᠳᠡ ᠲᠣᠰ ᠪᠡᠶ᠎ᠡ ᠶᠢᠨ ᠳᠠᠯᠳᠠ ᠬᠦᠴᠦᠨ ᠢᠶᠠᠨ ᠭᠦᠨ | ᠠᠭᠤᠳᠠᠯᠵᠤ ᠪᠦᠬᠦ ᠣᠷᠣᠨ ᠪᠦᠰᠡ ᠶᠢᠨ ᠵᠤᠭᠠᠴᠠᠯ ᠳᠤ ᠦᠢᠯᠡᠴᠢᠯᠡᠵᠦ᠂ ᠲᠣᠭᠤᠷᠢᠨ ᠴᠠᠭᠳᠠᠬᠤ ᠳᠤᠮᠳᠠ ᠠᠩᠭᠢ ᠶᠢ | ᠥᠪᠥᠷ ᠮᠣᠩᠭᠤᠯ ᠤᠨ ᠴᠤᠷ ᠤᠨ ᠭᠠᠭᠴᠠ ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠴᠠᠭᠳᠠᠭ᠎ᠠ ᠶᠢᠨ | ᠵᠤᠭᠠᠴᠠᠯ ᠤᠨ ᠥᠷᠲᠡᠭᠡ ᠪᠣᠯᠭᠠᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠪᠣᠯᠤᠨ ᠪᠦᠬᠦ ᠣᠷᠣᠨ ᠪᠦᠰᠡ ᠶᠢᠨ | ᠵᠤᠭᠠᠴᠠᠯ ᠢ ᠬᠠᠷᠢᠯᠴᠠᠨ ᠠᠭᠤᠰᠤᠯᠴᠠᠭᠤᠯᠤᠨ ᠠᠬᠢᠭᠤᠯᠤᠭᠰᠠᠨ ᠭᠤᠶᠤ ᠰᠠᠶᠢᠬᠠᠨ ᠵᠢᠷᠤᠭ ᠢ ᠵᠢᠷᠤᠭᠯᠠᠵᠠᠶ᠃ ᠡᠨᠡ ᠬᠦ | ᠡᠩᠨᠡᠭᠡ ᠪᠣᠯ ᠳᠠᠷᠤᠶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠶᠡᠭᠡ ᠠᠩᠬᠢ ᠶᠢᠨ ᠬᠠᠯᠠᠭᠠᠢ ᠵᠠᠮ ᠬᠠᠷᠢᠯᠴᠠᠭᠠᠨ ᠤ | ᠲᠣᠭᠤᠷᠢᠨ ᠴᠠᠭᠳᠠᠬᠤ ᠲᠣᠮᠳᠠ ᠠᠩᠬᠢ ᠪᠣᠯᠣᠨ᠎ᠠ᠃ | ᠬᠠᠩᠭᠠᠶ ᠲᠠᠯ᠎ᠠ ᠨᠤᠲᠤᠭ ᠲᠤ ᠰᠠᠭᠤᠷᠢᠯᠠᠨ᠂ ᠦᠨᠳᠦᠰᠦᠲᠡᠨ ᠤ ᠣᠨᠴᠠᠯᠢᠭᠲᠤ ᠴᠠᠭᠳᠠᠭᠠᠨ ᠬᠤᠸᠠᠷᠠᠨ ᠢ | ᠪᠦᠬᠦ ᠬᠦᠴᠦ ᠪᠠᠷ ᠪᠠᠶᠢᠭᠤᠯᠵᠠᠢ | ᠬᠠᠯᠠᠭᠠᠢ ᠳᠤᠮᠳᠠ ᠠᠩᠭᠢ 2011 ᠣᠨ ᠳᠤ ᠪᠠᠶᠢᠭᠤᠯᠤᠭᠳᠠᠪᠠ᠂ ᠣᠲᠣ 10 ᠴᠠᠭᠳᠠᠭ᠎ᠠ ᠶᠢᠨ ᠲᠣᠮᠳᠠ | ᠮᠣᠩᠭᠤᠯ ᠦᠠᠳᠣᠰᠣᠳᠠᠨ 6 ᠪᠠᠶᠢᠳᠠᠭ᠃ ᠲᠣᠰ ᠳᠤᠮᠳᠠ ᠠᠩᠭᠢ ᠨᠢ ᠮᠠᠨ ᠤ ᠠᠶᠢᠮᠠᠭ ᠤᠨ ᠵᠤᠭᠠᠴᠠᠯ ᠤᠨ ᠭᠤᠤᠯ | ᠱᠤᠭᠤᠮ ᠤᠨ G302 ᠳᠤᠮᠳᠠ ᠬᠡᠰᠡᠭ ᠲᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠮᠤᠭ ᠡᠷᠲᠡ ᠪᠠᠶᠢᠭᠤᠯᠤᠭᠳᠠᠭᠰᠠᠨ ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠴᠠᠭᠳᠠᠭ᠎ᠠ ᠶᠢᠨ ᠣᠶᠢᠯᠡᠴᠢᠯᠡᠭᠡᠨ ᠤ | ᠥᠷᠲᠡᠭᠡ ᠪᠣᠯᠤᠨ᠎ᠠ᠃ | ᠰᠠᠭᠤᠭ᠎ᠠ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠨᠡᠩ ᠨᠢᠭᠳᠠᠷᠠᠨ | ᠪᠦᠯᠭᠦᠮᠳᠡᠵᠦ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠬᠤ ᠶᠢᠨ ᠲᠥᠯᠥᠭᠡ | ᠲᠤᠰ ᠳᠤᠮᠳᠠ ᠠᠩᠭᠢ ᠨᠢ ᠪᠦᠲᠦᠭᠡᠨ ᠪᠠᠶᠢᠭᠤᠯᠤᠯᠲᠠ ᠶᠢᠨ ᠳᠤᠮᠳᠠ ᠪᠠᠨ ᠮᠣᠩᠭᠤᠯ ᠶᠤᠸᠠᠨ ᠤ ᠰᠣᠶᠣᠯ ᠢ ᠭᠦᠢᠴᠡᠳ | ᠰᠢᠩᠭᠡᠭᠡᠨ ᠠᠪᠴᠤ ᠯᠠᠪᠯᠠᠯᠲᠠ ᠪᠣᠯᠭᠠᠨ᠂ ᠳᠤᠮᠳᠠ ᠠᠩᠭᠢ ᠶᠢ ᠵᠤᠭᠠᠴᠠᠵᠤ ᠪᠣᠯᠬᠤ᠂ ᠰᠣᠨᠢᠷᠬᠠᠵᠤ ᠪᠣᠯᠬᠤ᠂ ᠠᠮᠠᠷᠠᠵᠤ | ᠪᠣᠯᠬᠤ ᠦᠨᠳᠦᠰᠦᠲᠡᠨ ᠤ ᠣᠨᠴᠠᠯᠢᠭᠲᠤ ᠴᠠᠭᠳᠠᠭᠠᠨ ᠤ ᠭᠠᠵᠠᠷ ᠪᠣᠯᠭᠠᠨ ᠪᠠᠶᠢᠭᠤᠯᠪᠠ᠃ ᠬᠠᠯᠠᠭᠠᠢ ᠵᠠᠮ | ᠬᠠᠷᠢᠯᠴᠠᠭᠠᠨ ᠤ ᠲᠣᠭᠤᠷᠢᠨ ᠴᠠᠭᠳᠠᠬᠤ ᠳᠤᠮᠳᠠ ᠠᠩᠭᠢ ᠳᠤ ᠬᠦᠷᠬᠦ ᠳᠤ ᠦᠨᠳᠦᠰᠦᠲᠡᠨ ᠤ ᠬᠡᠪ ᠨᠠᠮᠪᠠ ᠲᠠᠢ | ᠵᠤᠭᠠᠴᠠᠯ ᠤᠨ ᠦᠷᠳᠡᠭᠡ ᠶᠢᠨ ᠮᠣᠩᠭᠤᠯ ᠭᠡᠷ ᠬᠦᠷᠢᠶᠡᠨ ᠤ ᠲᠥᠪ ᠲᠤ ᠪᠠᠶᠢᠷᠢᠯᠠᠳᠠᠭ᠂ ᠡᠨᠡ ᠨᠢ ᠮᠠᠨ ᠤ ᠠᠶᠢᠮᠠᠭ ᠤᠨ | ᠵᠤᠭᠠᠴᠠᠯ ᠤᠨ ᠭᠤᠣᠯ ᠱᠤᠭᠤᠮ ᠳᠡᠭᠡᠷᠡᠬᠢ ᠦᠨᠳᠦᠰᠦᠲᠡᠨ ᠤ ᠰᠣᠶᠣᠯ ᠪᠠ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠢ ᠤᠬᠠᠭᠤᠯᠤᠨ ᠳᠡᠯᠭᠡᠨ ᠦᠵᠡᠭᠦᠯᠬᠦ ᠲᠠᠪᠴᠠᠩ ᠪᠣᠯᠤᠨ᠎ᠠ᠃ ᠮᠦᠨ ᠴᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ | ᠴᠢᠬᠤᠯᠠ ᠵᠢᠭᠰᠠᠭᠠᠯ ᠤᠨ ᠭᠠᠵᠠᠷ ᠪᠣᠯᠤᠨ᠎ᠠ᠃ ᠮᠣᠩᠭᠤᠯ ᠭᠡᠷ ᠤᠨ ᠳᠣᠲᠣᠷᠠᠬᠢ ᠠᠷᠠᠳ ᠤᠨ ᠵᠠᠩ ᠦᠢᠯᠡ ᠶᠢᠨ | ᠴᠢᠮᠡᠭᠯᠡᠯ ᠪᠠ ᠡᠳ᠋ᠯᠡᠯ ᠬᠡᠷᠡᠭᠰᠡᠯ ᠨᠢ ᠦᠨᠳᠦᠰᠦᠲᠡᠨ ᠤ ᠰᠣᠶᠣᠯ ᠢ ᠳᠡᠯᠭᠡᠨ ᠦᠵᠡᠭᠦᠯᠵᠦ᠂ ᠦᠨᠳᠦᠰᠦᠲᠡᠨ ᠤ | ᠪᠦᠲᠦᠭᠡᠭᠳᠡᠬᠦᠨ ᠢ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠭᠤᠯᠤᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ | ᠡᠭᠦᠨ ᠤ ᠬᠠᠮᠲᠤ᠂ ᠲᠤᠰ ᠳᠤᠮᠳᠠ ᠠᠩᠭᠢ ᠨᠢ ᠪᠠᠰᠠ ᠬᠥᠨᠳᠡᠯᠡᠨ ᠪᠢᠴᠢᠭᠡᠰᠦ ᠡᠯᠭᠦᠬᠦ᠂ ᠮᠠᠲ᠋ᠧᠷᠢᠶᠠᠯ | ᠲᠠᠷᠬᠠᠭᠠᠬᠤ᠂ ᠬᠠᠮᠲᠤ ᠶᠢᠨ ᠤᠬᠠᠭᠤᠯᠭ᠎ᠠ ᠵᠡᠷᠭᠡ ᠤᠬᠠᠭᠤᠯᠭ᠎ᠠ ᠬᠢᠬᠦ ᠵᠡᠷᠭᠡ ᠬᠥᠮᠦᠵᠢᠯ ᠤᠨ ᠠᠷᠭ᠎ᠠ ᠬᠡᠯᠪᠡᠷᠢ ᠪᠠᠷ | ᠳᠠᠮᠵᠢᠨ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠬᠡᠪ ᠰᠤᠷᠲᠠᠯ ᠢ ᠰᠤᠷᠳᠠᠯᠴᠢᠯᠠᠵᠦ ᠣᠯᠠᠨ | ᠦᠨᠳᠦᠰᠦᠲᠡᠨ ᠬᠠᠮᠲᠤ ᠪᠠᠷ ᠨᠢᠭᠡ ᠭᠡᠷ ᠤᠨ ᠬᠥᠮᠦᠨ ᠮᠡᠳᠦ ᠭᠦᠨ ᠵᠤᠵᠠᠭᠠᠨ ᠦᠨᠳᠦᠰᠦᠲᠡᠨ ᠤ ᠬᠠᠶᠢᠷ᠎ᠠ | ᠰᠡᠳᠬᠢᠯᠭᠡ ᠶᠢ ᠥᠷᠭᠡᠨ ᠣᠯᠠᠨ ᠲᠦᠮᠡᠨ ᠳᠤ ᠦᠨᠡᠨᠬᠦ ᠣᠶᠢᠯᠠᠭᠠᠭᠤᠯᠵᠠᠢ᠃ | ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ︽ᠣᠶᠢᠯᠡᠴᠢᠯᠡᠬᠦ ᠮᠠᠶ᠋ᠢᠭ︾ ᠤᠨ | ᠴᠠᠭᠳᠠᠭᠠᠨ ᠤ ᠬᠤᠸᠠᠷᠠᠨ ᠢ ᠢᠳᠡᠪᠬᠢᠲᠡᠶ ᠴᠣᠭᠴᠠᠯᠠᠵᠠᠢ | ᠲᠤᠰ ᠳᠤᠮᠳᠠ ᠠᠩᠭᠢ ᠨᠢ ᠣᠯᠠᠨ ᠲᠦᠮᠡᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠪᠣᠳᠠᠲᠠᠶ | ᠠᠰᠠᠭᠤᠳᠠᠯ ᠪᠣᠯᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠣᠯᠠᠨ ᠲᠦᠮᠡᠨ ᠤ ᠪᠣᠳᠣᠵᠤ ᠪᠠᠶᠢᠭ᠎ᠠ | ᠵᠣᠶᠢᠯ ᠢ ᠪᠣᠳᠣᠯᠬᠢᠯᠠᠵᠤ᠂ ᠣᠯᠠᠨ ᠲᠦᠮᠡᠨ ᠤ ᠶᠠᠭᠠᠷᠠᠵᠤ ᠪᠠᠶᠢᠭ᠎ᠠ ᠵᠣᠶᠢᠯ ᠢ ᠪᠣᠳᠣᠳᠠᠭ᠃ ᠴᠥᠭᠡᠨ ᠲᠣᠭᠠᠲᠤ | ᠦᠨᠳᠦᠰᠦᠲᠡᠨ ᠤ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷᠲᠡᠶ | ᠶᠠᠪᠤᠳᠠᠯ ᠢ ᠨᠢ ᠰᠢᠢᠳᠪᠦᠷᠢᠯᠡᠵᠦ ᠥᠭᠬᠦ ᠪᠠᠷ ᠴᠢᠷᠮᠠᠶᠢᠵᠤ᠂ ᠴᠠᠭᠳᠠᠭ᠎ᠠ ᠠᠷᠠᠳ ᠤᠨ ᠵᠢᠭᠠᠰᠤ ᠤᠰᠤᠨ ᠤ | ᠬᠠᠷᠢᠴᠠᠭ᠎ᠠ ᠶᠢ ᠲᠠᠰᠤᠷᠠᠯᠲᠠ ᠥᠬᠡᠶ ᠨᠢᠭᠳᠠᠷᠠᠭᠤᠯᠵᠠᠢ᠃ | ᠬᠠᠯᠠᠭᠠᠢ ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠳᠤᠮᠳᠠ ᠠᠩᠭᠢ ᠨᠢ ᠠᠷᠠᠳ ᠲᠦᠮᠡᠨ ᠳᠤ | ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠪᠠᠷ ᠠᠵᠢᠯ ᠤᠨ ᠵᠤᠷᠢᠯᠳᠠ ᠪᠠ ᠲᠤᠰᠤᠯᠲᠠ ᠪᠣᠯᠭᠠᠵᠤ᠂ ︽ᠵᠠᠮ | ᠬᠠᠷᠢᠯᠴᠠᠭ᠎ᠠ ᠲᠣᠭᠤᠷᠢᠨ ᠴᠠᠭᠳᠠᠬᠤ ᠶᠢ ᠨᠢᠭᠡᠳᠬᠡᠬᠦ︾ ᠪᠥᠬᠦ ᠣᠷᠣᠨ ᠪᠦᠰᠡ ᠶᠢᠨ ᠵᠤᠭᠠᠴᠠᠯ ᠳᠤ ᠣᠢᠢᠯᠡᠴᠢᠯᠡᠬᠦ | ᠢᠨᠵᠧᠨᠧᠷᠢᠩ ᠳᠤ ᠲᠦᠰᠢᠭᠯᠡᠨ᠂ ︽ᠣᠶᠢᠯᠡᠴᠢᠯᠡᠭᠡᠨ ᠤ ᠬᠠᠤᠯᠢ ᠬᠡᠷᠡᠭᠵᠢᠭᠦᠯᠦᠯᠲᠡ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠭᠤᠯᠭ᠎ᠠ᠂ ᠠᠷᠠᠳ ᠲᠤ ᠲᠥᠬᠦᠮ ᠦᠵᠡᠭᠦᠯᠬᠦ ᠣᠶᠢᠯᠡᠴᠢᠯᠡᠭᠡ︾ ᠭᠤᠷᠪᠠ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠣᠶᠢᠯᠡᠴᠢᠯᠡᠭᠡᠨ ᠤ ᠬᠡᠯᠪᠡᠷᠢ ᠶᠢᠨ ᠥᠷᠲᠡᠭᠡ ᠶᠢ ᠪᠠᠶᠢᠭᠤᠯᠪᠠ᠃ 2019 | ᠣᠨ ᠳᠤ᠂ ᠲᠣᠰ ᠳᠤᠮᠳᠠ ᠠᠩᠭᠢ ᠨᠢ ᠦᠨᠳᠦᠰᠦᠨ ᠱᠠᠲᠤᠨ ᠤ ᠲᠣᠭᠤᠷᠢᠨ ᠴᠠᠭᠳᠠᠬᠤ ᠳᠤᠮᠳᠠ ᠠᠩᠭᠢ ᠶᠢᠨ | ᠪᠠᠶᠢᠭᠤᠯᠤᠯᠲᠠ ᠶᠢᠨ ᠵᠠᠭᠪᠤᠷ ᠪᠣᠯᠤᠭᠰᠠᠨ ᠤ ᠬᠤᠪᠢ ᠳᠤ ᠪᠥᠬᠦ ᠠᠶᠢᠮᠠᠭ ᠤᠨ ᠬᠡᠪᠴᠢᠶᠡᠨ ᠳᠤ ᠳᠡᠯᠭᠡᠷᠡᠭᠦᠯᠪᠡ᠃ | ᠳᠤᠮᠳᠠ ᠠᠩᠭᠢ ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ᠂ | ᠴᠠᠭᠳᠠᠭ᠎ᠠ ᠠᠷᠠᠳ ᠤᠨ ᠭᠡᠷ ᠵᠡᠷᠭᠡ ᠴᠢᠳᠠᠮᠵᠢᠲᠤ ᠣᠷᠣᠨ ᠪᠦᠰᠡ ᠭᠠᠷᠭᠠᠵᠤ᠂ ᠳᠣᠲᠣᠭᠠᠳᠤ ᠶᠢ ᠬᠠᠮᠠᠭᠠᠯᠠᠬᠤ | ᠥᠭᠡᠷᠡᠴᠢᠯᠡᠯᠲᠡ ᠪᠠ ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠠᠵᠢᠯ ᠢ ᠲᠠᠰᠤᠷᠠᠯᠲᠠ ᠦᠭᠡᠢ ᠤᠷᠲᠤᠳᠬᠠᠵᠤ᠂ | ᠡᠯ᠎ᠡ ᠦᠨᠳᠦᠰᠦᠲᠡᠨ ᠤ ᠣᠯᠠᠨ ᠲᠦᠮᠡᠨ ᠣᠶᠢᠯᠡᠴᠢᠯᠡᠭᠡᠨ ᠤ ᠥᠷᠲᠡᠭᠡ ᠳᠤ ᠢᠷᠡᠵᠦ ᠵᠠᠮ ᠬᠠᠷᠢᠯᠴᠠᠭᠠᠨ ᠤ | ᠲᠦᠷᠢᠮ ᠠᠴᠠ ᠵᠦᠷᠢᠴᠡᠭᠰᠡᠨ ᠪᠠᠶᠢᠳᠠᠯ ᠢ ᠪᠠᠶᠢᠴᠠᠭᠠᠨ ᠯᠠᠪᠯᠠᠬᠤ᠂ ᠮᠠᠰᠢᠨᠲᠤ ᠲᠡᠷᠭᠡ ᠵᠢᠴᠢ ᠵᠢᠯᠣᠭᠤᠴᠢ ᠶᠢᠨ | ᠦᠨᠡᠮᠯᠡᠯ ᠢ ᠬᠢᠨᠠᠨ ᠰᠢᠯᠭᠠᠬᠤ ᠵᠡᠷᠭᠡ ᠭᠠᠷᠳᠠᠮ ᠢ ᠬᠦᠢᠴᠡᠳᠬᠡᠵᠦ᠂ ︽ᠲᠤᠭ᠎ᠠ ᠪᠠᠷᠢᠮᠲᠠ ᠶᠢ ᠢᠯᠡᠭᠦᠤ ᠭᠦᠶᠦᠯᠭᠡᠬᠦ᠂ | ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠪᠡ᠃ ᠬᠠᠯᠠᠭᠠᠢ ᠳᠤᠮᠳᠠ ᠠᠩᠭᠢ ᠪᠠᠰᠠ ᠬᠠᠷᠢᠶ᠎ᠠ | ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ | ᠬᠦᠷᠳᠡᠭᠡᠬᠦ ᠠᠯᠢ ᠣᠯᠠᠨ ᠠᠷᠭ᠎ᠠ ᠬᠡᠮᠵᠢᠶ᠎ᠡ ᠠᠪᠴᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡᠨ ᠳᠤ ᠮᠣᠩᠭᠤᠯ | ᠬᠢᠲᠠᠳ ᠬᠤᠤᠰ ᠬᠡᠯᠡᠨ ᠤ ᠲᠤᠬᠠᠶᠢᠯᠠᠭᠰᠠᠨ ᠠᠵᠢᠯ ᠤᠨ ᠴᠣᠩᠬᠤ ᠲᠣᠬᠢᠷᠠᠭᠤᠯᠵᠤ᠂ ᠮᠣᠩᠭᠤᠯ ᠦᠨᠳᠦᠰᠦᠲᠡᠨ ᠤ | ᠣᠯᠠᠨ ᠲᠦᠮᠡᠨ ᠤ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠪᠠ᠃ ᠪᠠᠰᠠ ᠴᠠᠭ ᠲᠤᠨᠢ ᠲᠤᠬᠢᠷᠠᠭᠤᠯᠤᠨ ︽ | ᠴᠠᠭᠳᠠᠭᠠᠨ ᠤ ᠠᠩᠭᠢ ᠶᠢᠨ ᠨᠡᠭᠡᠭᠡᠯᠲᠡ ᠶᠢᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠡᠷᠬᠢᠯᠡᠵᠦ᠂ ᠮᠠᠯᠴᠢᠨ | ᠲᠠᠷᠢᠶᠠᠴᠢᠣᠨ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠤᠯᠠᠮ ᠨᠢᠭᠡ ᠠᠯᠬᠤᠮ ᠠᠷᠢᠯᠭᠠᠵᠤ᠂ | ᠮᠠᠯᠴᠢᠨ ᠲᠠᠷᠢᠶᠠᠴᠢᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ᠂ ᠲᠣᠰ ᠳᠤᠮᠳᠠ ᠠᠩᠭᠢ ᠨᠢ | ᠳᠠᠷᠤᠶ ᠳᠤᠨᠢ ᠬᠠᠷᠢᠶ᠎ᠠ ᠣᠷᠣᠨ ᠤ ᠭᠤᠤᠯ ᠵᠠᠮ ᠤᠨ ᠠᠭᠤᠯᠵᠠᠷ ᠪᠠ ᠰᠦᠢᠳᠬᠡᠯ ᠬᠤᠷᠢᠶᠠᠬᠤ ᠥᠷᠲᠡᠭᠡ ᠵᠡᠷᠭᠡ | ᠭᠤᠤᠯᠳᠠᠯᠭ᠎ᠠ ᠲᠠᠢ ᠣᠷᠣᠨ ᠪᠦᠰᠡ ᠳᠤ ᠪᠠᠶᠢᠴᠠᠭᠠᠬᠤ ᠴᠡᠭ ᠭᠠᠷᠭᠠᠵᠤ᠂ ᠨᠠᠰᠢ ᠴᠠᠰᠢ ᠥᠩᠭᠡᠷᠡᠬᠦ ᠬᠥᠮᠦᠰ᠂ ᠲᠡᠷᠭᠡ | ᠬᠥᠰᠬᠡ ᠳᠤ 24 ᠴᠠᠭ ᠤᠨ ᠳᠡᠩᠰᠡᠯᠡᠯᠲᠡ ᠬᠢᠵᠦ ᠪᠠᠶᠢᠴᠠᠭᠠᠪᠠ᠃ ᠡᠭᠦᠨ ᠤ ᠬᠠᠮᠲᠤ᠂ ᠣᠷᠣᠨ ᠪᠠᠶᠢᠷᠢ ᠶᠢᠨ | ᠳᠠᠪᠠᠭᠤᠯᠢᠭ ᠢ ᠠᠰᠢᠭᠯᠠᠨ᠂ ᠵᠠᠮ ᠱᠤᠭᠤᠮ ᠳᠠᠭᠠᠤ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠳᠤ | ᠭᠦᠨᠵᠡᠭᠡᠶᠢᠷᠡᠵᠦ᠂ ᠮᠠᠯᠴᠢᠨ ᠲᠠᠷᠢᠶᠠᠴᠢᠨ ᠲᠦᠮᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ | ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠳᠤ ᠢᠳᠡᠪᠬᠢ ᠣᠶᠢᠯᠡᠳᠦᠯ | ᠦᠵᠡᠭᠦᠯᠵᠡᠶ᠃ ᠬᠡᠷᠡᠭ ᠪᠦᠷᠢ ᠶᠢ ᠵᠣᠬᠢᠰᠳᠠᠢ ᠰᠢᠢᠳᠪᠣᠷᠢᠯᠡᠭᠰᠠᠨ ᠠᠴᠠ᠂ ᠡᠯ᠎ᠡ ᠦᠨᠳᠦᠰᠦᠲᠡᠨ ᠤ ᠣᠯᠠᠨ ᠲᠦᠮᠡᠨ ᠤ | ᠳᠡᠮᠵᠢᠯᠭᠡ ᠶᠢ ᠣᠯᠵᠤ᠂ ᠴᠠᠭᠳᠠᠭ᠎ᠠ ᠠᠷᠠᠳ ᠢᠶᠠᠨ ᠬᠠᠶᠢᠷᠠᠯᠠᠬᠤ᠂ ᠠᠷᠠᠳ ᠴᠠᠭᠳᠠᠭ᠎ᠠ ᠪᠠᠨ ᠬᠦᠷᠢᠶᠡᠯᠡᠬᠦ᠂ ᠴᠠᠭᠳᠠᠭ᠎ᠠ | ᠠᠷᠠᠳ ᠨᠢᠭᠡ ᠭᠡᠷ ᠪᠦᠯᠢ ᠶᠢᠨ ᠬᠢᠨ ᠤ ᠪᠠᠶᠢᠳᠠᠯ ᠢ ᠪᠣᠳᠠᠳᠠᠶᠢᠵᠢᠭᠤᠯᠵᠠᠢ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢᠨ ᠠᠵᠢᠯ ᠢ ᠠᠬᠢᠭᠤᠯᠵᠤ᠂ ︽ᠤᠶᠤᠨᠴᠢᠯᠠᠭᠰᠠᠨ︾ | ᠴᠠᠭᠳᠠᠭᠠᠨ ᠤ ᠬᠤᠸᠠᠷᠠᠨ ᠢ ᠲᠦᠷᠭᠡᠳᠬᠡᠨ ᠪᠠᠶᠢᠭᠤᠯᠵᠠᠢ | ᠨᠢᠳᠣᠨᠣᠨ ᠵᠢᠯ ᠤᠨ ᠡᠬᠢᠨ ᠳᠤ᠂ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠶᠡᠭᠡ ᠠᠩᠭᠢ ᠨᠢ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ | ᠬᠦᠴᠦᠷᠬᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ᠬᠠᠯᠠᠭᠠᠢ ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠳᠤᠮᠳᠠ | ᠠᠩᠭᠢ ᠶᠢᠨ ᠴᠢᠬᠤᠯᠠ ᠬᠠᠷᠢᠶᠠᠲᠤ ᠣᠷᠣᠨ ᠤ ᠪᠠᠶᠢᠷᠢ ᠶᠢ ᠦᠨᠳᠦᠰᠦᠯᠡᠨ᠂ ᠳᠤᠮᠳᠠ ᠠᠩᠭᠢ ᠳᠤ ᠮᠠᠰᠢᠨᠲᠤ ᠲᠡᠷᠭᠡ ᠶᠢ | ᠨᠡᠬᠡᠮᠵᠢᠯᠡᠨ ᠪᠠᠷᠢᠪᠴᠢᠯᠠᠬᠤ ᠡᠵᠡᠮᠰᠢᠯ᠂ ᠴᠠᠭ ᠲᠤᠬᠠᠶ ᠳᠤᠨᠢ ᠬᠢᠨᠠᠨ ᠡᠵᠡᠮᠳᠡᠬᠦ᠂ ᠵᠢᠯᠣᠭᠤᠳᠤᠨ ᠲᠣᠬᠢᠷᠠᠭᠤᠯᠬᠤ᠂ | ᠬᠠᠷᠠᠭᠠᠨ ᠳᠠᠪᠲᠠᠮᠵᠢ ᠬᠠᠳᠠᠭᠠᠯᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠵᠢᠯᠣᠭᠤᠳᠬᠤ ᠲᠥᠪ ᠢ | ᠰᠢᠨ᠎ᠡ ᠪᠠᠷ ᠪᠠᠶᠢᠭᠤᠯᠪᠠ᠃ ᠪᠣᠰᠤᠭ᠎ᠠ ᠴᠣᠭᠴᠠᠲᠤ ᠴᠠᠭᠳᠠᠭᠠᠨ ᠤ ᠶᠠᠪᠤᠳᠠᠯ ᠤᠨ ᠵᠠᠭᠪᠤᠷ ᠢ ᠪᠠᠶᠢᠭᠤᠯᠵᠤ᠂ ᠳᠤᠮᠳᠠ | ᠠᠩᠭᠢ ᠶᠢᠨ ᠮᠡᠳᠡᠭᠡ ᠵᠠᠩᠭᠢ ᠶᠢᠨ ᠵᠢᠯᠣᠭᠤᠳᠣᠯᠭ᠎ᠠ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠬᠦ᠂ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ᠂ ᠶᠡᠷᠦᠩᠬᠡᠶᠢᠯᠡᠭᠰᠡᠨ ᠣᠶᠢᠯᠡᠴᠢᠯᠡᠭᠡ ᠶᠢᠨ ᠤᠶᠤᠨᠴᠢᠯᠠᠭᠰᠠᠨ | ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠠᠢ᠃ | ᠤᠯᠤᠰ ᠤᠨ ᠵᠠᠮ ᠪᠠ ᠮᠤᠵᠢ ᠶᠢᠨ ᠬᠤᠭᠤᠷᠣᠠᠳᠣᠬᠢ ᠵᠠᠰᠠᠮᠨᠯ ᠵᠠᠮ ᠢ ᠬᠠᠮᠢᠶᠠᠷᠤᠨ ᠡᠵᠡᠮᠳᠡᠬᠦ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠠᠯᠠᠭᠠᠢ ᠵᠠᠮ ᠬᠠᠷᠢᠯᠴᠠᠭᠠᠨ ᠤ ᠲᠣᠭᠤᠷᠢᠨ ᠴᠠᠭᠳᠠᠬᠤ | ᠳᠤᠮᠳᠠ ᠠᠩᠭᠢ G302 ᠱᠤᠭᠤᠮ ᠳᠡᠭᠡᠷ᠎ᠡ 4 ᠬᠡᠰᠡᠭ ᠤᠨ ᠬᠤᠭᠤᠷᠣᠨᠳᠣᠬᠢ ᠬᠤᠷᠳᠤᠴᠠ ᠶᠢ ᠬᠡᠮᠵᠢᠬᠦ ᠲᠣᠭᠤᠷᠢᠭ | ᠭᠠᠷᠭᠠᠵᠠᠶ᠃ ᠡᠭᠦᠨ ᠤ ᠬᠠᠮᠲᠤ ᠣᠷᠣᠨ ᠵᠠᠶ ᠶᠢᠨ ᠬᠤᠷᠳᠤᠴᠠ ᠬᠡᠮᠵᠢᠬᠦ ᠲᠥᠬᠦᠭᠡᠷᠦᠮᠵᠢ ᠳᠡᠭᠡᠷ᠎ᠡ ᠬᠠᠷᠠᠭᠠᠨ | ᠳᠠᠪᠲᠠᠮᠵᠢ ᠶᠢᠨ ᠬᠢᠨᠠᠨ ᠡᠵᠡᠮᠰᠢᠭᠦᠷ ᠤᠭᠰᠠᠷᠠᠵᠠᠶ᠃ ᠨᠠᠰᠢ ᠴᠠᠰᠢ ᠶᠠᠪᠤᠵᠤ ᠪᠠᠶᠢᠭ᠎ᠠ ᠲᠡᠷᠭᠡ ᠬᠥᠰᠬᠡ ᠶᠢ ᠴᠠᠭ | ᠲᠤᠬᠠᠶ ᠳᠤᠨᠢ ᠬᠢᠨᠠᠨ ᠡᠵᠡᠮᠳᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ | ᠬᠠᠮᠠᠭᠠᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠠᠢ᠃ | ᠨᠢᠳᠣᠨᠣᠨ᠂ ᠲᠣᠰ ᠳᠤᠮᠳᠠ ᠠᠩᠭᠢ ᠶᠢᠨ ᠬᠠᠷᠢᠶ᠎ᠠ ᠣᠷᠣᠨ ᠤ G302 ᠱᠤᠭᠤᠮ ᠤᠨ ᠵᠠᠮ ᠬᠠᠷᠢᠯᠴᠠᠭᠠᠨ ᠤ | ᠡ᠊ᠡᠳᠠᠯ 2018 ᠣᠨ ᠤ ᠬᠢ ᠠᠴᠠ 26 ᠤᠳᠠᠭ᠎ᠠ ᠪᠠᠭᠠᠰᠴᠤ᠂ ᠡ᠊ᠡᠳᠠᠯ ᠤᠨ ᠨᠣᠷᠮ᠎ᠠ ᠠᠳᠠᠯᠢ | ᠬᠤᠭᠤᠴᠠᠭᠠᠨ ᠤ ᠬᠢ ᠠᠴᠠ 52% ᠪᠠᠭᠤᠷᠠᠪᠠ︔ ᠡᠳ᠋ ᠬᠥᠷᠥᠩᠭᠡ ᠶᠢᠨ ᠬᠤᠬᠢᠷᠠᠯ 16 ᠲᠦᠮᠡᠨ ᠲᠥᠭᠦᠷᠢᠭ | ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 15.5% ᠪᠠᠭᠤᠷᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠪᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠪᠣᠯ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ | ᠠᠬᠢᠭᠤᠯᠬᠤ ᠰᠠᠭᠤᠷᠢ ᠮᠥᠨ᠃ ᠬᠠᠯᠠᠭᠠᠢ ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠳᠤᠮᠳᠠ ᠠᠩᠭᠢ ᠨᠢ ᠮᠠᠯᠵᠢᠬᠤ | ᠲᠠᠷᠢᠶᠠᠯᠠᠬᠤ ᠣᠷᠣᠨ ᠳᠤ ᠦᠢᠯᠡᠴᠢᠯᠡᠬᠦ ᠲᠣᠭᠤᠷᠢᠨ ᠴᠠᠭᠳᠠᠬᠤ ᠥᠷᠲᠡᠭᠡ ᠪᠣᠯᠤᠭᠰᠠᠨ ᠤ ᠬᠤᠪᠢ ᠳᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠮᠠᠷᠠᠲᠤ ᠬᠢᠯᠢ ᠶᠢᠨ ᠵᠠᠮ | ᠬᠠᠷᠢᠯᠴᠠᠭᠠᠨ ᠤ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠣᠭᠴᠠᠯᠠᠬᠤ ᠶᠢᠨ ᠬᠠᠮᠲᠤ ᠦᠨᠳᠦᠰᠦᠲᠡᠨ ᠤ | ᠪᠦᠯᠬᠦᠮᠳᠡᠯ ᠪᠣᠯᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠣᠶᠢᠯᠡᠴᠢᠯᠡᠭᠡᠨ ᠢ ᠭᠦᠨᠵᠡᠭᠡᠶ ᠠᠭᠤᠰᠤᠯᠴᠠᠭᠤᠯᠵᠤ᠂ | ᠬᠦᠠᠵᠡᠬᠡᠢ ᠬᠦᠭᠵᠢᠬᠦᠯᠣᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ | ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ ᠪᠤᠢ᠃ |