ᠠᠶᠢᠮᠠᠭ ᠤᠨ ᠵᠠᠰᠠᠮᠠᠯ ᠵᠠᠮ ᠤᠨ ᠬᠠᠮᠢᠶᠠᠷᠤᠯᠳᠠ ᠵᠢᠨ ᠳᠤᠪᠴᠢᠶ᠎ᠠ ︽ᠠᠶᠤᠯᠭᠦᠢ ᠦᠢᠯᠡᠳᠪᠦᠷᠢᠯᠡᠯ ᠤᠨ ᠰᠠᠷ᠎ᠠ ︾ ᠵᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020-06-24
     ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠵᠢᠨ ᠠᠵᠢᠯᠯᠠᠭ᠎ᠠ ᠵᠢ ᠨᠡᠩ ᠰᠠᠶᠢᠨ ᠵᠶᠠᠷ ᠦᠷᠨᠢᠭᠦᠯᠬᠦ ᠵᠢᠨ ᠳᠦᠯᠦᠭᠡ᠂ ᠠᠶᠢᠮᠠᠭ ᠤᠨ ᠵᠠᠰᠠᠮᠠᠯ ᠵᠠᠮ ᠤᠨ ᠬᠠᠮᠢᠶᠠᠷᠤᠯᠳᠠ ᠵᠢᠨ ᠳᠤᠪᠴᠢᠶ᠎ᠠ ᠡᠯ᠎ᠡ ᠠᠵᠢᠯ ᠤᠨ ᠳᠤᠭᠤᠷᠢᠭ ᠵᠶᠠᠨ ᠵᠤᠬᠢᠶᠠᠨ ᠪᠠᠶᠢᠭᠤᠯᠤᠨ ᠤᠯᠠᠨ ᠶᠠᠩᠵᠤ ᠬᠡᠯᠪᠡᠷᠢ ᠵᠢᠨ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠦᠨ ᠠᠮᠤᠷ ᠳᠦᠪᠰᠢᠨ ᠤ ᠠᠵᠢᠯ ᠢ ᠪᠦᠬᠦ ᠳᠠᠯ᠎ᠠ ᠪᠠᠷ ᠴᠢᠩᠭᠠᠳᠬᠠᠵᠤ ᠪᠠᠶᠢᠨ᠎ᠠ᠃       ᠵᠠᠰᠠᠮᠠᠯ ᠵᠠᠮ ᠤᠨ ᠬᠠᠮᠢᠶᠠᠷᠤᠯᠳᠠ ᠵᠢᠨ ᠳᠤᠪᠴᠢᠶ᠎ᠠ ᠵᠢᠨ ᠬᠤᠶᠠᠳᠤᠭᠠᠷ ᠠᠵᠢᠯ ᠤᠨ ᠳᠤᠭᠤᠷᠢᠭ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠵᠢᠨ ᠠᠵᠢᠯ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠵᠢᠯᠤᠭᠤᠳᠬᠤ ᠦᠵᠡᠯ ᠰᠠᠨᠠᠭ᠎ᠠ ᠪᠠ ᠠᠵᠢᠯ ᠤᠨ ᠬᠠᠷᠠᠯᠳᠠ ᠪᠠᠨ ᠳᠤᠳᠤᠷᠬᠠᠢᠢᠯᠠᠨ᠂ ᠠᠵᠢᠯᠯᠠᠭ᠎ᠠ ᠵᠢᠨ ᠤᠳᠤᠷᠢᠳᠬᠤ ᠳᠤᠭᠤᠢᠢᠯᠠᠩ ᠢ ᠪᠠᠶᠢᠭᠤᠯᠤᠨ ᠳᠤᠰᠬᠠᠢ ᠳᠦᠷᠦᠯ ᠤᠨ ᠠᠵᠢᠯᠯᠠᠭ᠎ᠠ ᠵᠢᠨ ᠲᠦᠰᠦᠪ ᠪᠠ ᠬᠡᠷᠡᠭᠵᠢᠭᠦᠯᠬᠦ ᠲᠦᠯᠦᠪᠵᠢᠭᠦᠯᠭᠡ ᠵᠢ ᠳᠤᠭᠳᠠᠭᠠᠵᠤ᠂ ︽ᠡ᠊ᠨᠳᠡᠯ ᠤᠨ ᠭᠡᠮ ᠰᠤᠭᠤᠭ ᠢ ᠠᠷᠢᠯᠭᠠᠵᠤ᠂ ᠠᠮᠤᠷ ᠳᠦᠪᠰᠢᠨ ᠤ ᠬᠠᠯᠬᠠᠪᠴᠢ ᠱᠤᠭᠤᠮ ᠢ ᠪᠠᠶᠢᠭᠤᠯᠤᠶ᠎ᠡ︾ ᠭᠡᠬᠦ ᠭᠤᠤᠯ ᠰᠡᠳᠤᠪ ᠵᠶᠠᠷ ᠤᠬᠠᠭᠤᠯᠭ᠎ᠠ ᠬᠢᠵᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠵᠢ ᠳᠦᠭᠡᠮᠡᠯᠵᠢᠭᠦᠯᠵᠡᠢ᠃ ᠳᠠᠷᠠᠭ᠎ᠠ ᠠᠯᠬᠤᠮ ᠳᠤ ᠳᠤᠰ ᠳᠤᠭᠤᠷᠢᠭ ᠠᠶᠤᠯᠭᠦᠢ ᠦᠢᠯᠡᠳᠪᠦᠷᠢᠯᠡᠯ ᠤᠨ ᠭᠡᠮ ᠰᠤᠭᠤᠭ ᠢ ᠦᠪᠡᠰᠦᠪᠡᠨ ᠰᠢᠯᠭᠠᠵᠤ ᠦᠪᠡᠰᠦᠪᠡᠨ ᠪᠠᠶᠢᠴᠠᠭᠠᠬᠤ ᠠᠵᠢᠯᠯᠠᠭ᠎ᠠ ᠵᠢ ᠦᠷᠨᠢᠭᠦᠯᠦᠨ᠂ ᠵᠠᠰᠠᠮᠠᠯ ᠵᠠᠮ ᠢ ᠠᠷᠠᠴᠢᠯᠠᠵᠤ ᠬᠠᠮᠠᠭᠠᠯᠠᠬᠤ ᠦᠢᠯᠡᠳᠪᠦᠷᠢᠯᠡᠯ ᠤᠨ ᠡᠮᠦᠨ᠎ᠡ ᠹᠷᠤᠨᠲ ᠵᠶᠠᠷ ᠬᠦᠨᠵᠡᠭᠡᠶᠢᠷᠡᠨ᠂ ᠬᠦᠬᠦᠷᠭᠡ᠂ ᠵᠠᠮ ᠤᠨ ᠨᠢᠭᠤᠷ᠂ ᠵᠠᠮ ᠳᠠᠭᠠᠭᠰᠠᠨ ᠳᠤᠨᠤᠭ ᠳᠦᠭᠦᠭᠡᠷᠦᠮᠵᠢ ᠵᠡᠷᠭᠡ ᠵᠢᠨ ᠠᠮᠤᠷ ᠲᠦᠪᠰᠢᠨ ᠤ ᠭᠡᠮ ᠰᠤᠭᠤᠭ ᠢ ᠪᠦᠬᠦ ᠳᠠᠯ᠎ᠠ ᠪᠠᠷ ᠪᠠᠶᠢᠴᠠᠭᠠᠵᠤ᠂ ᠠᠮᠤᠷ ᠳᠦᠪᠰᠢᠨ ᠤ ᠭᠡᠮ ᠰᠤᠭᠤᠭ ᠤᠨ ᠡ᠊ᠨᠳᠡᠯ ᠡᠭᠦᠰᠬᠦ ᠵᠢ ᠡᠷᠡᠰ ᠬᠤᠷᠢᠬᠯᠠᠨ᠎ᠠ᠃       ᠳᠠᠪᠤᠳᠤᠭᠠᠷ ᠠᠵᠢᠯ ᠤᠨ ᠳᠤᠭᠤᠷᠢᠭ ︽ᠡ᠊ᠨᠳᠡᠯ ᠤᠨ ᠭᠡᠮ ᠰᠤᠭᠤᠭ ᠢ ᠠᠷᠢᠯᠭᠠᠵᠤ᠂ ᠠᠮᠤᠷ ᠳᠦᠪᠰᠢᠨ ᠤ ᠬᠠᠯᠬᠠᠪᠴᠢ ᠱᠤᠭᠤᠮ ᠢ ᠪᠠᠶᠢᠭᠤᠯᠤᠶ᠎ᠠ︾ ᠭᠡᠬᠦ ᠭᠤᠤᠯ ᠰᠡᠳᠤᠪ ᠤᠨ ᠳᠤᠭᠤᠷᠢᠨ ᠳᠤ ᠨᠡᠶᠢᠭᠡᠮ ᠳᠤᠭᠤᠷᠢᠭ᠂ ᠰᠤᠷᠭᠠᠭᠤᠯᠢ᠂ ᠠᠵᠤ ᠠᠬᠤᠢᠢᠯᠠᠯ᠂ ᠬᠦᠳᠡᠭᠡ ᠳᠤᠰᠬᠤᠨ ᠮᠠᠯᠵᠢᠬᠤ ᠤᠷᠤᠨ᠂ ᠭᠡᠷ ᠪᠦᠯᠢ ᠪᠠᠷ ᠬᠦᠷᠴᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠳᠦᠷᠢᠮ ᠢ ᠤᠬᠠᠭᠤᠯᠤᠨ᠂ ᠤᠬᠠᠭᠤᠯᠭ᠎ᠠ ᠵᠢᠨ ᠬᠠᠭᠤᠳᠠᠰᠤ ᠳᠠᠷᠬᠠᠭᠠᠵᠤ᠂ ᠠᠵᠢᠯᠳᠠᠨ ᠤᠯᠠᠨ ᠵᠢᠴᠢ ᠨᠡᠶᠢᠭᠡᠮ ᠤᠨ ᠤᠯᠠᠨ ᠳᠦᠮᠡᠨ ᠤ ᠠᠮᠤᠷ ᠳᠦᠪᠰᠢᠨ ᠤ ᠤᠬᠠᠮᠰᠠᠷ ᠢ ᠳᠡᠭᠡᠭᠰᠢᠯᠡᠭᠦᠯᠵᠤ ᠪᠤᠢ᠃       ᠨᠢᠭᠡᠳᠦᠭᠡᠷ ᠠᠵᠢᠯ ᠤᠨ ᠳᠤᠭᠤᠷᠢᠭ ᠺᠠᠳ᠋ᠷ ᠠᠵᠢᠯᠳᠠᠨ ᠵᠶᠠᠨ ᠵᠤᠬᠢᠶᠠᠨ ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠵᠢᠨ ᠠᠰᠠᠭᠤᠨ ᠯᠠᠪᠯᠠᠯᠳᠠ ᠵᠢᠨ ᠡᠳᠦᠷ ᠤᠨ ᠠᠵᠢᠯᠯᠠᠭ᠎ᠠ ᠦᠷᠨᠢᠭᠦᠯᠵᠤ᠂ ᠳᠡᠭᠡᠳᠤ ᠬᠤᠷᠳᠤᠴᠠᠳᠤ ᠵᠠᠰᠠᠮᠠᠯ ᠵᠠᠮ ᠤᠨ ᠤᠷᠤᠵᠤ ᠭᠠᠷᠬᠤ ᠵᠠᠮ᠂ ᠵᠠᠮ ᠳᠠᠭᠠᠤ ᠠᠶᠢᠯ ᠳᠤᠰᠬᠤᠨ᠂ ᠳᠤᠰᠤ ᠨᠡᠮᠡᠬᠦ ᠦᠷᠳᠡᠭᠡ ᠵᠡᠷᠭᠡ ᠭᠠᠵᠠᠷ ᠲᠤ ᠠᠶᠤᠯᠭᠦᠢ ᠦᠢᠯᠡᠳᠪᠦᠷᠢᠯᠡᠯ ᠤᠨ ᠪᠢᠴᠢᠭᠡᠰᠤ ᠡᠯᠭᠦᠨ᠂ ᠤᠬᠠᠭᠤᠯᠭ᠎ᠠ ᠵᠢᠨ ᠬᠠᠭᠤᠳᠠᠰᠤ ᠳᠠᠷᠬᠠᠭᠠᠵᠤ᠂ ᠨᠢᠭᠤᠷ ᠳᠡᠭᠡᠷ᠎ᠡ ᠨᠢ ᠳᠠᠶᠢᠯᠪᠤᠷᠢᠯᠠᠬᠤ ᠠᠷᠭ᠎ᠠ ᠬᠡᠯᠪᠡᠷᠢ ᠪᠠᠷ ︽ᠠᠶᠤᠯᠭᠦᠢ ᠦᠢᠯᠡᠳᠪᠦᠷᠢᠯᠡᠯ ᠤᠨ ᠬᠠᠤᠯᠢ ︾᠂ ᠵᠠᠰᠠᠮᠠᠯ ᠵᠠᠮ ᠤᠨ ᠠᠶᠦᠯᠭᠦᠢ ᠦᠢᠯᠡᠳᠪᠦᠷᠢᠯᠡᠯ ᠤᠨ ᠵᠢᠵᠢᠭ ᠮᠡᠳᠡᠯᠭᠡ᠂ ᠵᠠᠰᠠᠮᠠᠯ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠠᠭᠠᠯᠠᠯᠳᠠ ᠵᠢᠨ ᠳᠦᠷᠢᠮ ᠵᠡᠷᠭᠡ ᠠᠮᠤᠷ ᠳᠦᠪᠰᠢᠨ ᠤ ᠮᠡᠳᠡᠯᠭᠡ ᠵᠢ ᠤᠬᠠᠭᠤᠯᠵᠤ᠂ ᠠᠵᠢᠯᠯᠠᠭ᠎ᠠ ᠵᠢᠨ ᠳᠤᠬᠠᠢ ᠵᠢᠨ ᠡᠳᠦᠷ ᠲᠤ 200 ᠢᠯᠡᠭᠦᠦ ᠬᠤᠪᠢ ᠤᠬᠠᠭᠤᠯᠭ᠎ᠠ ᠵᠢᠨ ᠬᠠᠭᠤᠳᠠᠰᠤ ᠳᠠᠷᠬᠠᠭᠠᠭᠰᠠᠨ ᠪᠠᠶᠢᠨ᠎ᠠ᠃       ᠳᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠤᠯᠠᠨ ᠳᠦᠮᠡᠨ ᠳᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠵᠢ ᠤᠢᠢᠯᠠᠭᠠᠭᠤᠯᠵᠤ᠂ ᠠᠮᠤᠷ ᠳᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ︽ᠬᠦᠮᠦᠨ ᠪᠦᠬᠦᠨ ᠠᠮᠤᠷ ᠳᠦᠪᠰᠢᠨ ᠢ ᠡᠷᠭᠢᠮᠯᠡᠵᠤ᠂ ᠶᠠᠪᠤᠳᠠᠯ ᠪᠤᠯᠭᠠᠨ ᠳᠤ ᠠᠮᠤᠷ ᠳᠦᠪᠰᠢᠨ ᠪᠠᠶᠢᠬᠤ︾ ᠠᠭᠤᠷ ᠠᠮᠢᠰᠬᠤᠯ ᠢ ᠪᠤᠢ ᠪᠤᠯᠭᠠᠵᠤ ᠂ ᠠᠶᠤᠯᠭᠦᠢ ᠦᠢᠯᠡᠳᠪᠦᠷᠢᠯᠡᠯ ᠤᠨ ᠪᠤᠳᠠᠳᠤ ᠠᠮᠵᠢᠯᠳᠠ ᠴᠢᠨᠠᠷ ᠢ ᠳᠡᠰ ᠳᠡᠪᠰᠢᠭᠦᠯᠦᠭᠰᠡᠨ ᠪᠠᠶᠢᠨ᠎ᠠ᠃  
 
ᠢᠷᠡᠯᠲᠡ᠄ ᠬᠢᠩᠭᠠᠨ ‍ᠤ ᠡᠳᠦᠷ ‍ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠡᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠡᠷ ᠬᠠᠭᠤᠯᠪᠤᠷᠢᠯᠠᠬᠤ ᠵᠢ ᠡᠷᠡᠰ ᠬᠤᠷᠢᠭᠯᠠᠨ᠎ᠠ 蒙ICP备05070829号