ᠯᠢᠦ ᠵᠢᠶᠠᠨ ᠰᠢ ᠲᠦᠴᠢᠤᠸᠠᠨ ᠰᠢᠶᠠᠨ ᠳᠤ ᠶᠠᠳᠠᠭᠤ ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠰᠢᠨᠵᠢᠯᠡᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2020-06-24
      6 ᠰᠠᠷ᠎ᠠ ᠵᠢᠨ 19 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠯᠢᠦ ᠵᠢᠶᠠᠨ ᠰᠢ ᠲᠦᠴᠢᠤᠸᠠᠨ ᠰᠢᠶᠠᠨ ᠳᠤ ᠬᠦᠷᠴᠦ ᠶᠠᠳᠠᠭᠤ ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠰᠢᠨᠵᠢᠯᠡᠨ ᠪᠠᠶᠢᠴᠠᠭᠠᠯᠳᠠ ᠬᠢᠪᠡ᠃       ᠯᠢᠦ ᠰᠢᠶᠠᠨ ᠰᠢ ᠯᠢᠦ ᠬᠤ᠋ ᠪᠠᠯᠭᠠᠰᠦ ᠵᠢᠨ ᠶᠠᠳᠠᠭᠤ ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠮᠡᠳᠡᠬᠦᠯᠦᠯᠳᠡ ᠵᠢ ᠰᠤᠨᠤᠰᠴᠦ᠂ ᠮᠠᠨ ᠤ ᠠᠶᠢᠮᠠᠭ ᠤᠨ ᠰᠢᠢᠳᠪᠦᠷᠢᠳᠦ ᠲᠠᠶᠢᠯᠠᠯᠳᠤᠭᠠᠨ ᠤ ᠰᠢᠢᠳᠪᠦᠷᠢᠳᠦ ᠢᠯᠠᠯᠳᠠ ᠵᠢ ᠤᠯᠬᠤ ︽ᠵᠠᠭᠤᠨ ᠡᠳᠦᠷ ᠤᠨ ᠪᠤᠭᠤᠮᠳᠠ ᠰᠢᠪᠳᠤᠯᠬᠤ︾ ᠠᠵᠢᠯᠯᠠᠭ᠎ᠠ ᠵᠢᠨ ᠶᠠᠪᠤᠴᠠ ᠳᠤ ᠢᠯᠡᠷᠡᠬᠦᠯᠦᠭᠰᠡᠨ ᠲᠤᠪᠤᠶᠢᠮ᠎ᠠ ᠠᠰᠠᠭᠤᠳᠠᠯ ᠢ ᠵᠤᠷᠪᠤᠰ ᠲᠠᠷᠠᠭᠠᠯᠠᠨ ᠠᠰᠠᠭᠤᠵᠦ᠂ ᠶᠠᠳᠠᠭᠤ ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠮᠤ ᠪᠠᠶᠢᠴᠠᠭᠠᠯᠳᠠ ᠵᠢᠨ ᠶᠠᠪᠤᠴᠠ ᠳᠤ ᠢᠯᠡᠷᠡᠬᠦᠯᠦᠭᠰᠡᠨ ᠰᠢᠨ᠎ᠡ ᠠᠰᠠᠭᠤᠳᠠᠯ ᠰᠢᠨ᠎ᠡ ᠪᠠᠶᠢᠳᠠᠯ ᠪᠠ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠵᠢᠨ ᠪᠠᠶᠢᠳᠠᠯ ᠢ ᠨᠠᠷᠢᠨ ᠬᠢᠨᠠᠮᠠᠭᠠᠢ ᠤᠢᠢᠯᠠᠭᠠᠬᠤ ᠵᠢᠨ ᠬᠠᠮᠳᠦ ᠴᠡᠭᠴᠡᠯᠡᠨ ᠰᠠᠶᠢᠵᠢᠷᠠᠭᠤᠯᠬᠤ ᠠᠵᠢᠯ ᠳᠤ ᠵᠢᠯᠤᠭᠤᠳᠬᠤ ᠴᠢᠨᠠᠷᠳᠠᠢ ᠰᠠᠨᠠᠯ ᠲᠤᠷᠠᠳᠤᠭᠰᠠᠨ ᠪᠠᠶᠢᠨ᠎ᠠ᠃       ᠯᠢᠦ ᠵᠢᠶᠠᠨ ᠰᠢ ᠴᠢᠩᠭᠠᠳᠬᠠᠭᠰᠠᠨ ᠨᠢ᠂ ᠶᠠᠳᠠᠭᠤ ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠨᠢᠭᠡᠨᠳᠡ ᠰᠢᠪᠳᠤᠷᠭᠠᠨ ᠳᠤ ᠪᠠᠨ ᠤᠷᠤᠪᠠ᠃ ᠡᠭᠦᠨ ᠳᠤ ᠪᠢᠳᠡ ᠤᠯᠤᠰ ᠤᠨ ᠶᠠᠳᠠᠭᠤ ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠨᠡᠶᠢᠳᠡᠮ ᠪᠠᠶᠢᠴᠠᠭᠠᠵᠦ ᠬᠢᠨᠠᠨ ᠰᠢᠯᠭᠠᠬᠤ ᠡᠯ᠎ᠠ ᠲᠦᠷᠦᠯ ᠤᠨ ᠪᠡᠯᠡᠳᠭᠡᠯ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠨᠤᠮᠤ ᠵᠢᠨ ᠬᠦᠪᠴᠢ ᠪᠠᠨ ᠦᠷᠬᠦᠯᠵᠢᠯᠡᠨ ᠴᠢᠩᠭᠠᠷᠠᠭᠤᠯᠤᠨ ᠬᠦᠴᠦᠯᠡᠨ ᠴᠢᠷᠮᠡᠶᠢᠵᠦ᠂ ᠪᠤᠭᠤᠮᠳᠠ ᠰᠢᠪᠳᠤᠯᠬᠤ ᠬᠠᠷᠢᠭᠤᠴᠠᠯᠭ᠎ᠠ ᠪᠠᠨ ᠴᠢᠩᠭᠠᠷᠠᠭᠤᠯᠵᠦ᠂ ᠶᠡᠭᠡ ᠪᠠᠶᠢᠴᠠᠭᠠᠯᠳᠠ ᠲᠠᠬᠢᠨ ᠪᠠᠶᠢᠴᠠᠭᠠᠯᠳᠠ ᠵᠢᠨ ᠪᠠᠷᠢᠮᠵᠢᠶ᠎ᠡ ᠶᠤᠰᠤᠭᠠᠷ ᠪᠦᠬᠦ ᠲᠠᠯ᠎ᠠ ᠪᠠᠷ ᠡᠮᠬᠢᠯᠡᠨ ᠪᠠᠶᠢᠴᠠᠭᠠᠵᠦ᠂ ᠠᠰᠠᠭᠤᠳᠠᠯ ᠲᠤᠳᠠᠭᠤᠳᠠᠯ ᠵᠶᠠᠨ ᠤᠨᠤᠴᠠᠳᠠᠢ ᠡᠷᠢᠵᠦ᠂ ᠰᠢᠨ᠎ᠡ ᠪᠠᠷ ᠨᠡᠮᠡᠭᠳᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠯᠢᠭ ᠪᠤᠳᠠᠳᠠᠢ ᠠᠳᠬᠤᠵᠦ᠂ ᠪᠤᠢ ᠪᠦᠬᠦᠢ ᠠᠰᠠᠭᠤᠳᠠᠯ ᠢ ᠲᠤᠭᠳᠠᠭᠰᠠᠨ ᠬᠤᠭᠤᠴᠠᠭᠠᠨ ᠲᠤᠳᠤᠷ᠎ᠠ ᠪᠦᠬᠦᠨ ᠢ ᠰᠢᠢᠳᠪᠦᠷᠢᠯᠡᠵᠦ᠂ ᠤᠯᠤᠰ ᠤᠨ ᠶᠠᠳᠠᠭᠤ ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠨᠡᠶᠢᠳᠡᠮ ᠪᠠᠶᠢᠴᠠᠭᠠᠯᠳᠠ ᠳᠤ ᠬᠢᠷᠢ ᠲᠡᠩᠴᠡᠬᠦ ᠵᠢ ᠪᠠᠳᠤᠯᠠᠬᠤ ᠬᠡᠷᠡᠭᠳᠡᠢ᠃       ᠯᠢᠦ ᠵᠢᠶᠠᠨ ᠰᠢ ᠪᠠᠰᠠ ᠲᠠᠭᠠᠭᠠᠴᠢᠯᠠᠨ ᠬᠠᠷᠢᠯᠴᠠᠬᠤ ᠲᠠᠩᠰᠠ ᠪᠠᠶᠢᠭᠤᠯᠤᠭᠰᠠᠨ 5 ᠶᠠᠳᠠᠭᠤ ᠬᠦᠴᠢᠷᠳᠡᠯᠳᠡᠢ ᠡᠷᠦᠭᠡ ᠪᠠᠷ ᠬᠦᠨᠵᠡᠭᠡᠶᠢᠷᠡᠨ᠂ ᠲᠡᠳᠡᠨᠡᠷ ᠲᠠᠢ ᠲᠤᠳᠤᠨᠤ ᠪᠠᠷ ᠶᠠᠷᠢᠯᠴᠠᠨ᠂ ᠰᠤᠷᠠᠭ ᠵᠠᠩᠬᠢ ᠵᠢᠨ ᠬᠦᠰᠦᠨᠦᠭᠳᠦ ᠵᠢ ᠨᠠᠷᠢᠨ ᠬᠢᠨᠠᠮᠠᠭᠠᠢ ᠪᠠᠶᠢᠴᠠᠭᠠᠵᠦ᠂ ᠠᠵᠢᠯ ᠤᠯᠤᠭᠰᠠᠨ ᠪᠠᠶᠢᠳᠠᠯ᠂ ᠪᠡᠶ᠎ᠡ ᠮᠠᠬᠠᠪᠤᠳ ᠤᠨ ᠪᠠᠶᠢᠳᠠᠯ᠂ ᠭᠡᠷ ᠪᠦᠯᠢ ᠵᠢᠨ ᠤᠷᠤᠯᠭ᠎ᠠ ᠪᠠ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠵᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠤᠢᠢᠯᠠᠭᠠᠵᠦ᠂ ᠶᠠᠳᠠᠭᠤ ᠬᠦᠴᠢᠷᠳᠡᠯᠳᠡᠢ ᠡᠷᠦᠭᠡ ᠵᠢᠨ ᠤᠷᠤᠯᠭ᠎ᠠ ᠵᠢ ᠨᠢᠭᠡ ᠨᠢᠭᠡ ᠪᠠᠷ ᠪᠤᠳᠤᠵᠦ᠂ ᠶᠠᠳᠠᠭᠤ ᠡᠴᠠ ᠠᠩᠬᠢᠵᠢᠷᠠᠭᠤᠯᠬᠤ ᠳᠤ ᠢᠳᠡᠭᠡᠯ ᠵᠤᠷᠢᠭ ᠵᠶᠠᠨ ᠬᠦᠪᠴᠢᠯᠡᠨ᠂ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠪᠠ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠵᠶᠠᠨ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠡᠷᠡᠭᠳᠡᠢ ᠭᠡᠵᠦ ᠵᠤᠷᠢᠭᠵᠢᠭᠤᠯᠤᠭᠰᠠᠨ ᠪᠠᠶᠢᠨ᠎ᠠ᠃  
 
ᠢᠷᠡᠯᠲᠡ᠄ ᠬᠢᠩᠭᠠᠨ ‍ᠤ ᠡᠳᠦᠷ ‍ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠡᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠡᠷ ᠬᠠᠭᠤᠯᠪᠤᠷᠢᠯᠠᠬᠤ ᠵᠢ ᠡᠷᠡᠰ ᠬᠤᠷᠢᠭᠯᠠᠨ᠎ᠠ 蒙ICP备05070829号