ᠵᠠᠩ ᠧᠨ ᠬᠤᠢ ᠬᠤᠷᠴᠢᠨ ᠪᠠᠷᠡᠭᠤᠨ ᠭᠠᠷᠣᠨ ᠡᠮᠦᠨᠡᠲᠦ ᠬᠤᠰᠢᠭᠤᠨ ᠤ ᠮᠥᠨᠳᠥᠷ ᠤᠨ ᠭᠠᠮᠰᠢᠭ ᠤᠨ ᠪᠠᠶᠢᠳᠠᠯ ᠢ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠵᠶᠠᠷ ᠭᠠᠮᠰᠢᠭ ᠲᠠᠢ ᠲᠡᠮᠡᠴᠡᠵᠦ ᠭᠠᠮᠰᠢᠭ ᠡᠴᠠ ᠠᠪᠤᠷᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠪᠦᠬᠦ ᠬᠦᠴᠦᠨ ᠵᠶᠠᠷ ᠵᠶᠠᠨ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2020-06-24
      6 ᠰᠠᠷ᠎ᠠ ᠵᠢᠨ 20 ᠤ ᠡᠳᠦᠷ ᠤᠨ ᠦᠳᠡ ᠵᠢᠨ ᠬᠤᠶᠢᠨ᠎ᠠ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠨᠥᠯᠥᠭᠡ ᠡᠴᠠ ᠪᠣᠯᠵᠤ᠂ ᠮᠠᠨ ᠤ ᠠᠶᠢᠮᠠᠭ ᠲᠤ ᠣᠬᠤᠷ ᠬᠤᠭᠤᠴᠠᠭᠠᠨ ᠤ ᠰᠢᠷᠦᠭᠦᠨ ᠪᠣᠷᠣᠭᠠᠨ ᠪᠠ ᠮᠥᠨᠳᠥᠷ ᠪᠠᠭᠤᠵᠦ᠂ ᠬᠡᠰᠡᠭ ᠭᠠᠵᠠᠷ ᠣᠷᠣᠨ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠵᠠᠶ᠃ 6 ᠰᠠᠷ᠎ᠠ ᠵᠢᠨ 22 ᠤᠨ ᠡᠳᠦᠷ ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠵᠢᠨ ᠭᠡᠰᠢᠭᠦᠨ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠧᠨ ᠬᠤᠶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠥᠨᠳᠥᠷ ᠤᠨ ᠭᠠᠮᠰᠢᠭ ᠲᠤ ᠲᠠᠭᠠᠷᠢᠬᠳᠠᠭᠰᠠᠨ ᠭᠠᠵᠠᠷ ᠤᠷᠤᠨ ᠵᠶᠠᠷ ᠬᠦᠨᠵᠡᠭᠡᠶᠢᠷᠡᠨ ᠭᠠᠮᠰᠢᠭᠳᠠᠭᠰᠠᠨ ᠪᠠᠶᠢᠳᠠᠯ ᠳᠤ ᠰᠢᠨᠵᠢᠯᠡᠨ ᠪᠠᠶᠢᠴᠠᠭᠠᠯᠳᠠ ᠬᠢᠵᠦ᠂ ᠭᠠᠮᠰᠢᠭ ᠲᠠᠢ ᠲᠡᠮᠡᠴᠡᠨ ᠭᠠᠮᠰᠢᠭ ᠡᠴᠠ ᠠᠪᠤᠷᠬᠠᠤ ᠠᠵᠢᠯ ᠤᠨ ᠲᠤᠬᠠᠶ ᠵᠢᠭᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠠᠶᠢᠮᠠᠭ ᠲᠠᠶᠠᠭᠠᠷ ᠠᠷᠠᠳ ᠲᠦᠮᠡᠨ ᠵᠶᠠᠷ ᠭᠤᠤᠯ ᠪᠣᠯᠭᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠣᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠵᠶᠠᠷ ᠭᠠᠮᠰᠢᠭ ᠲᠠᠢ ᠲᠡᠮᠡᠴᠡᠵᠦ ᠭᠠᠮᠰᠢᠭ ᠡᠴᠠ ᠠᠪᠤᠷᠠᠬᠤ ᠠᠵᠢᠯ ᠢ ᠯᠠᠪᠳᠠᠭᠤᠨ ᠪᠠᠲᠤᠲᠠᠶ ᠬᠢᠵᠦ᠂ ᠠᠷᠭ᠎ᠠ ᠪᠦᠬᠦᠨ ᠢ ᠰᠦᠪᠡᠭᠴᠢᠯᠡᠨ ᠭᠠᠮᠰᠢᠭ ᠤᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠬᠢᠵᠠᠭᠠᠷᠯᠠᠵᠦ᠂ ᠭᠠᠮᠰᠢᠭᠳᠠᠭᠰᠠᠨ ᠣᠯᠠᠨ ᠲᠦᠮᠡᠨ ᠢ ᠪᠦᠬᠦ ᠬᠦᠴᠦᠨ ᠵᠶᠠᠷ ᠵᠶᠠᠨ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠬᠡᠪ ᠤᠨ ᠪᠠᠶᠢᠳᠡᠯ ᠢ ᠨᠢ ᠰᠡᠷᠭᠦᠭᠡᠬᠦ ᠬᠡᠷᠡᠭᠲᠡᠶ᠃       ᠵᠠᠩ ᠧᠨ ᠬᠤᠢ ᠤᠷᠢᠳ ᠬᠤᠵᠢᠳ ᠡᠮᠦᠨᠡᠲᠦ ᠬᠤᠰᠢᠭᠤᠨ ᠤ ᠪᠤᠷᠭᠠᠰᠤᠲᠠᠶ ᠰᠢᠶᠠᠩ ᠤᠨ ᠢ ᠾᠧ ᠲᠣᠰᠬᠤᠨ᠂ ᠬᠤᠷᠴᠢᠨ ᠪᠠᠯᠭᠠᠰᠤᠨ ᠤ ᠶᠤᠸᠠᠨ ᠬᠤᠸᠠ ᠲᠣᠰᠬᠤᠨ᠂ ᠲᠠᠪᠠᠭᠠᠨ ᠭᠤᠤ ᠲᠣᠰᠬᠤᠨ᠂ ᠵᠢᠷᠦᠭᠡᠨ ᠪᠠᠯᠭᠠᠰᠤᠨ ᠤ ᠬᠤᠩ ᠹᠧᠩ ᠲᠣᠰᠬᠤᠨ᠂ ᠬᠤᠩ ᠵᠦᠩ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠵᠡᠷᠭᠡ ᠭᠠᠮᠰᠢᠭᠳᠠᠭᠰᠠᠨ ᠭᠠᠵᠠᠷ ᠤᠷᠤᠨ ᠵᠶᠠᠷ ᠭᠦᠨᠵᠡᠭᠡᠶᠢᠷᠡᠵᠦ᠂ ᠦᠨᠳᠦᠰᠦᠨ ᠱᠠᠲᠤᠨ ᠤ ᠺᠠᠳ᠋ᠷ᠂ ᠮᠠᠯᠴᠢᠨ ᠲᠠᠷᠢᠶᠠᠴᠢᠨ ᠲᠠᠢ ᠰᠠᠨᠠᠯ ᠵᠶᠠᠨ ᠭᠦᠨᠵᠡᠭᠡᠶ ᠰᠣᠯᠢᠯᠴᠠᠵᠤ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ᠂ ᠭᠠᠮᠰᠢᠭᠳᠠᠭᠰᠠᠨ ᠬᠡᠮᠵᠢᠶ᠎ᠡ ᠵᠢᠴᠢ ᠲᠣᠰᠬᠤᠨ ᠤ ᠠᠷᠠᠳ ᠤᠨ ᠥᠪᠡᠷ ᠢ ᠪᠠᠨ ᠠᠪᠤᠷᠠᠬᠤ ᠠᠷᠭ᠎ᠠ ᠬᠡᠮᠵᠢᠶ᠎ᠡ ᠵᠢ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ ᠪᠠᠶᠢᠴᠠᠭᠠᠨ ᠦᠵᠡᠬᠦ ᠵᠢᠨ ᠬᠠᠮᠲᠤ ᠭᠠᠮᠰᠢᠭ ᠲᠠᠢ ᠲᠡᠮᠡᠴᠡᠨ ᠭᠠᠮᠰᠢᠭ ᠡᠴᠠ ᠠᠪᠤᠷᠠᠬᠤ ᠠᠵᠢᠯ ᠢ ᠰᠠᠶᠢᠲᠤᠷ ᠠᠳᠬᠤᠬᠤ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠡ᠃       ᠵᠠᠩ ᠧᠨ ᠬᠤᠢ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠮᠥᠨᠳᠥᠷ ᠤᠨ ᠭᠠᠮᠰᠢᠭ ᠢᠷᠡᠭᠰᠡᠨ ᠨᠢ ᠲᠦᠷᠭᠡᠨ᠂ ᠡᠪᠳᠡᠯᠡᠭᠡ ᠵᠢᠨ ᠴᠢᠨᠠᠷ ᠵᠶᠠᠷ ᠴᠢᠩᠭ᠎ᠠ᠂ ᠲᠠᠷᠢᠶᠠᠯᠠᠩ ᠦᠢᠯᠡᠳᠪᠦᠷᠢᠯᠡᠯ ᠪᠠ ᠤᠯᠠᠨ ᠲᠦᠮᠡᠨ ᠤ ᠠᠮᠢᠳᠤᠷᠠᠯ ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠪᠠᠶᠢᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠭᠡᠷ ᠹᠷᠣᠨᠲ ᠲᠤ ᠴᠠᠭ ᠲᠤᠬᠠᠶ ᠳᠤᠨᠢ ᠭᠦᠨᠵᠡᠭᠡᠶᠢᠷᠡᠨ ᠭᠠᠮᠰᠢᠭ ᠤᠨ ᠪᠠᠶᠢᠳᠠᠯ ᠤᠨ ᠲᠤᠬᠠᠢ ᠣᠶᠢᠯᠠᠭᠠᠵᠤ᠂ ᠭᠠᠮᠰᠢᠭ ᠤᠨ ᠳᠠᠷᠠᠭᠠᠬᠢ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠵᠢᠨ ᠠᠵᠢᠯ ᠢ ᠱᠠᠯᠠᠪᠳᠠᠨ ᠵᠣᠬᠢᠴᠠᠭᠤᠯᠤᠨ ᠰᠠᠶᠢᠲᠤᠷ ᠬᠢᠬᠦ ᠬᠡᠷᠡᠭᠲᠡᠶ᠃ ᠲᠤᠬᠠᠶ ᠵᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠭᠠᠮᠰᠢᠭᠳᠠᠭᠰᠠᠨ ᠣᠯᠠᠨ ᠲᠦᠮᠡᠨ ᠢ ᠬᠠᠪᠰᠤᠷᠤᠨ ᠪᠣᠳᠠᠲᠠᠶ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠭᠠᠮᠰᠢᠭ ᠤᠨ ᠬᠤᠬᠢᠷᠠᠯ ᠢ ᠬᠠᠮᠤᠭ ᠲᠤᠤᠷ᠎ᠠ ᠬᠡᠮᠵᠢᠶ᠎ᠡ ᠪᠤᠯᠳᠠᠯ᠎ᠠ ᠬᠢᠵᠠᠭᠠᠷᠯᠠᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠪᠡᠷᠬᠡ ᠪᠣᠭᠤᠮᠲᠠ ᠵᠢ ᠲᠤᠭᠤᠯᠵᠤ᠂ ᠣᠨᠴᠠᠭᠠᠶᠢᠯᠠᠨ ᠭᠠᠮᠰᠢᠭ ᠡᠴᠠ ᠪᠣᠯᠵᠤ ᠶᠠᠳᠠᠭᠤᠷᠠᠬᠤ ᠲᠠᠬᠢᠨ ᠶᠠᠳᠠᠭᠤᠷᠠᠬᠤ ᠵᠢ ᠡᠷᠡᠰ ᠰᠡᠷᠭᠡᠶᠢᠯᠡᠬᠦ ᠬᠡᠷᠡᠭᠲᠡᠶ᠃ ᠲᠠᠷᠢᠶᠠᠯᠠᠩ ᠤᠨ ᠰᠠᠯᠠᠭ᠎ᠠ ᠮᠥᠴᠢᠷ ᠤᠨ ᠬᠢᠨ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠵᠢᠨ ᠤᠬᠠᠭᠤᠯᠭ᠎ᠠ ᠪᠣᠯᠤᠨ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠦ᠂ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠳᠠᠷᠦ᠋ᠢᠬᠠᠨ ᠵᠣᠬᠢᠶᠠᠨ ᠪᠠᠶᠢᠭᠤᠯᠵᠤ᠂ ᠭᠠᠮᠰᠢᠭᠳᠠᠭᠰᠠᠨ ᠣᠯᠠᠨ ᠲᠦᠮᠡᠨ ᠢ ᠬᠠᠪᠰᠤᠷᠤᠨ ᠣᠶᠢᠯᠡᠳᠪᠦᠷᠢᠯᠡᠯ ᠵᠶᠠᠷ ᠥᠪᠡᠷ ᠢ ᠪᠠᠨ ᠠᠪᠤᠷᠠᠬᠤ᠂ ᠵᠠᠪᠳᠤᠨ ᠲᠠᠷᠢᠵᠤ ᠨᠥᠬᠦᠵᠦ ᠲᠠᠷᠢᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠠᠨ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠵᠢ ᠲᠡᠭᠦᠯᠳᠡᠷᠵᠢᠭᠦᠯᠦᠨ᠎ᠠ᠃ ᠡᠯ᠎ᠠ ᠰᠠᠯᠠᠭ᠎ᠠ ᠮᠥᠴᠢᠷ ᠤᠨ ᠬᠤᠭᠤᠷᠣᠨᠳᠣᠬᠢ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠭᠤᠯᠬᠤ ᠬᠤᠯᠪᠣᠭᠠᠯᠠᠨ ᠬᠥᠳᠡᠯᠦᠯᠴᠡᠬᠦ ᠵᠢ ᠴᠢᠩᠭᠠᠷᠠᠭᠤᠯᠵᠤ᠂ ᠬᠥᠮᠦᠨ ᠤ ᠬᠦᠴᠦ ᠪᠠᠷ ᠴᠠᠭ ᠠᠭᠤᠷ ᠤᠨ ᠪᠠᠶᠢᠳᠠᠯ ᠢ ᠠᠷᠭᠠᠴᠠᠭᠠᠵᠦ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠭᠠᠮᠰᠢᠭ ᠤᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠬᠠᠷᠭᠤᠭᠤᠯᠵᠤ᠂ ᠳᠡᠭᠡᠳᠦ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠠᠮᠰᠢᠭ ᠡᠴᠠ ᠠᠪᠤᠷᠠᠬᠤ ᠳᠡᠮᠵᠢᠯᠭᠡ ᠵᠢ ᠣᠯᠬᠤ ᠪᠠᠷ ᠴᠢᠷᠮᠠᠶᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠬᠤ ᠬᠡᠷᠡᠭᠲᠡᠶ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠶᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠷᠰᠢᠯᠭ᠎ᠠ ᠰᠤᠷᠭᠠᠮᠵᠢ ᠪᠠᠨ ᠢᠳᠡᠪᠬᠢᠲᠡᠢ ᠳ᠋ᠦᠩᠨᠡᠵᠦ᠂ ᠨᠢᠭᠡ ᠡᠴᠠ ᠨᠥᠭᠦᠭᠡ ᠵᠢ ᠮᠡᠳᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠭᠠᠮᠰᠢᠭ ᠡᠴᠠ ᠠᠪᠤᠷᠠᠬᠤ ᠥᠨᠳᠥᠷ ᠪᠦᠲᠦᠮᠵᠢᠲᠡᠶ ᠭᠠᠮᠰᠢᠭ ᠡᠴᠠ ᠠᠪᠤᠷᠠᠬᠤ ᠵᠢ ᠴᠢᠬᠤᠯᠠᠴᠢᠯᠠᠬᠤ ᠬᠡᠷᠡᠭᠳᠠᠢ᠃ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠳᠤᠭ ᠪᠡᠯᠴᠢᠭᠡᠷ᠂ ᠤᠰᠤᠨ ᠠᠰᠢᠭᠯᠠᠯᠲᠠ᠂ ᠤᠯᠤᠰ ᠤᠨ ᠭᠠᠵᠠᠷ ᠰᠢᠷᠣᠶ ᠵᠡᠷᠭᠡ ᠡᠬᠢ ᠪᠠᠶᠠᠯᠢᠭ ᠤᠨ ᠬᠦᠴᠦᠨ ᠢ ᠨᠢᠭᠡᠳᠦᠯᠲᠡᠶ ᠲᠥᠯᠥᠪᠯᠡᠵᠦ᠂ ᠡᠮᠦᠨᠡᠬᠢ ᠬᠤᠭᠤᠴᠠᠭᠠᠨ ᠳᠤ ᠰᠡᠷᠭᠡᠶᠢᠯᠡᠯᠲᠡ ᠲᠠᠢ᠂ ᠳᠤᠮᠳᠠ ᠬᠤᠭᠤᠴᠠᠭᠠᠨ ᠳᠤ ᠪᠠᠲᠤᠯᠠᠭ᠎ᠠ ᠲᠠᠢ᠂ ᠰᠡᠭᠦᠯᠴᠢ ᠵᠢᠨ ᠬᠤᠭᠤᠴᠠᠭᠠᠨ ᠳᠤ ᠠᠷᠭᠠᠴᠠᠭᠠᠬᠤ ᠴᠢᠳᠠᠪᠤᠷᠢ ᠲᠠᠢ ᠪᠣᠯᠭᠠᠬᠤ ᠬᠡᠷᠡᠭᠲᠡᠶ᠃ ᠡᠯ᠎ᠡ ᠲᠦᠷᠦᠯ ᠤᠨ ᠪᠠᠶᠢᠭᠠᠯᠢ ᠵᠢᠨ ᠭᠠᠮᠰᠢᠭ ᠡᠭᠦᠰᠬᠦ ᠵᠢ ᠪᠦᠲᠦᠮᠵᠢᠲᠡᠶ ᠰᠡᠷᠭᠡᠶᠢᠯᠡᠨ ᠠᠷᠭᠠᠴᠠᠭᠠᠵᠤ᠂ ᠶᠠᠳᠠᠭᠤ ᠡᠴᠠ ᠠᠩᠭᠢᠵᠢᠷᠠᠭᠤᠯᠬᠤ ᠪᠡᠷᠬᠡ ᠠᠰᠠᠭᠤᠳᠡᠯ ᠢ ᠰᠢᠢᠳᠪᠦᠷᠢᠯᠡᠬᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠰᠢᠢᠳᠪᠦᠷᠢᠲᠦ ᠢᠯᠠᠯᠲᠠ ᠵᠢ ᠤᠯᠬᠤ ᠬᠠᠷᠠᠯᠲᠠ ᠡᠭᠦᠷᠭᠡ ᠵᠢ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠵᠢ ᠦᠨᠡᠨ ᠬᠦ ᠪᠠᠲᠤᠯᠠᠬᠤ ᠬᠡᠷᠡᠭᠳᠠᠢ᠃       ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠢᠤᠢ ᠪᠦᠦ ᠴᠢᠤᠸᠠᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠵᠢᠨ ᠱᠦᠵᠢ ᠵᠦ ᠴᠧᠩ ᠪᠠᠩ᠂ ᠠᠶᠢᠮᠠᠭ ᠤᠨ ᠳᠡᠳ᠋ ᠳᠠᠷᠤᠭ᠎ᠠ ᠵᠠᠩ ᠪᠢᠩ ᠢᠦᠶ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤ ᠬᠠᠷᠢᠭᠤᠴᠠᠯᠭᠠᠲᠠᠳ ᠰᠢᠨᠵᠢᠯᠡᠨ ᠪᠠᠶᠢᠴᠠᠭᠠᠯᠳᠠ ᠳᠤ ᠣᠷᠣᠯᠴᠠᠵᠠᠶ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠡᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠡᠷ ᠬᠠᠭᠤᠯᠪᠤᠷᠢᠯᠠᠬᠤ ᠵᠢ ᠡᠷᠡᠰ ᠬᠤᠷᠢᠭᠯᠠᠨ᠎ᠠ 蒙ICP备05070829号