ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠵᠢᠨ ᠵᠢᠨ ᠱᠠᠨ ᠭᠠᠴᠠᠭ᠎ᠠ ᠵᠢᠨ ᠶᠠᠳᠠᠭᠤ ᠡᠴᠠ | ᠠᠩᠬᠢᠵᠢᠷᠠᠭᠤᠯᠬᠤ ᠵᠢᠯᠤᠭᠤᠳᠬᠤ ᠭᠠᠵᠠᠷ ᠲᠤ ᠤᠯᠠᠨ ᠵᠶᠠᠷ ᠵᠶᠠᠨ ᠡᠭᠡᠯᠵᠢ ᠵᠠᠯᠭᠠᠨ ᠴᠠᠭ ᠤᠷᠳᠤᠳᠬᠠᠵᠤ ᠠᠵᠢᠯᠯᠠᠨ᠂ | ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠢ ᠡᠷᠦᠬᠡ ᠵᠢᠨ ᠬᠠᠮᠢᠶ᠎ᠠ ᠪᠦᠬᠦᠢ ᠪᠢᠴᠢᠭ ᠮᠡᠲ᠋ᠧᠷᠢᠶᠠᠯ ᠢ ᠪᠢᠴᠢᠨ | ᠳᠡᠮᠳᠡᠭᠯᠡᠵᠤ ᠶᠠᠭᠠᠷᠠᠨ᠎ᠠ᠃ ᠳᠡᠳᠡᠨ ᠤ ᠳᠤᠳᠤᠷ᠎ᠠ ᠶᠠᠳᠠᠭᠤ ᠵᠢ ᠳᠡᠳᠬᠦᠬᠦ ᠳᠤᠰᠬᠠᠢ ᠺᠠᠳ᠋ᠷ ᠺᠠᠩ ᠯᠢᠩ ᠰᠢᠶᠠ ᠨᠡᠩ ᠴᠤ | ᠶᠠᠭᠠᠷᠠᠯᠳᠠᠢ ᠠᠵᠢᠯᠯᠠᠬᠤ ᠵᠢᠨ ᠲᠠᠭᠠᠤ ︽ᠡᠳᠡᠭᠡᠷ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ᠂ ᠬᠠᠪᠰᠤᠷᠤᠨ | ᠳᠡᠳᠬᠦᠬᠦ ᠠᠷᠭ᠎ᠠ ᠪᠤᠳᠤᠯᠭ᠎ᠠ ᠵᠢ ᠪᠢ ᠬᠠᠮᠤᠭ ᠡᠴᠠ ᠢᠯᠡᠭᠦᠦ ᠮᠡᠳᠡᠵᠤ ᠤᠢᠢᠯᠠᠭᠠᠨ᠎ᠠ᠂ ᠤᠴᠢᠷ ᠨᠢ ᠪᠢ ᠪᠤᠯ | ᠦᠪᠡᠷ ᠤᠨ ᠪᠡᠶ᠎ᠡ ᠪᠠᠷ ᠵᠶᠠᠨ ᠠᠰᠢᠭ ᠬᠦᠷᠳᠡᠭᠴᠢ ᠪᠤᠯᠤᠨ᠎ᠠ︾ ᠭᠡᠵᠤ ᠤᠯᠠᠨ ᠳᠤ ᠶᠠᠷᠢᠵᠤ ᠦᠭᠭᠦᠨ᠎ᠡ᠃ | ᠡᠨᠡ ᠵᠢᠯ ᠬᠤᠷᠢᠨ ᠭᠤᠷᠪᠠᠳᠠᠢ ᠺᠠᠩ ᠯᠢᠩ ᠰᠢᠶᠠ ᠪᠤᠯ ᠵᠢᠨ ᠱᠠᠨ ᠭᠠᠴᠠᠭ᠎ᠠ ᠵᠢᠨ ᠡᠩ ᠤᠨ ᠨᠢᠭᠡᠨ ᠵᠠᠯᠠᠭᠤ | ᠡᠮᠡᠭᠳᠡᠢ᠃ ᠦᠵᠡᠬᠦ ᠳᠤ ᠨᠠᠮᠬᠠᠨ ᠵᠦᠭᠡᠯᠡᠨ ᠳᠡᠷᠡ ᠦᠨᠡᠨ ᠳᠡᠭᠡᠨ ᠭᠡᠷ ᠤᠨ ᠵᠶᠠᠨ ᠳᠤᠯᠭᠤᠷ ᠬᠦᠴᠦᠨ ᠪᠤᠯᠵᠦ ᠬᠦᠴᠢᠷ | ᠵᠤᠪᠠᠯᠠᠩ ᠢ ᠰᠦᠷᠦᠨ ᠤᠷᠤᠭᠰᠢᠯᠠᠬᠤ ᠰᠦᠰᠦ ᠵᠤᠷᠢᠭ ᠲᠠᠢ ᠬᠦᠮᠦᠨ ᠪᠢᠯᠡ᠃ 2014 ᠤᠨ ᠳᠤ ᠺᠠᠩ ᠯᠢᠩ ᠰᠢᠶᠠ | ᠶᠡᠭᠡ ᠰᠤᠷᠭᠠᠭᠤᠯᠢ ᠳᠤ ᠰᠢᠯᠭᠠᠭᠤᠯᠤᠨ ᠤᠷᠤᠭᠰᠠᠨ ᠪᠠᠶᠠᠷ ᠪᠠᠶᠠᠰᠤᠯ ᠤᠨ ᠳᠤᠮᠳᠠ ᠪᠠᠨ ᠰᠤᠭᠳᠤᠭᠤᠷᠠᠵᠤ ᠪᠠᠶᠢᠳᠡᠯ᠎ᠠ | ᠭᠡᠨᠡᠳᠳᠡ ᠪᠠᠷ ᠢᠷᠡᠭᠰᠡᠨ ᠭᠠᠢ ᠵᠤᠪᠠᠯᠠᠩ ᠨᠢ ᠳᠡᠳᠡᠨ ᠤ ᠤᠤᠯ ᠡᠴᠠ ᠪᠠᠨ ᠴᠢᠨᠡᠬᠡᠯᠢᠭ ᠪᠤᠰᠤ ᠠᠮᠢᠳᠤᠷᠠᠯ ᠳᠤ ᠬᠦᠴᠢᠷ | ᠵᠤᠪᠠᠭᠤᠷᠢ ᠨᠡᠮᠡᠭᠳᠡᠭᠦᠯᠦᠯ᠎ᠡ᠃ ᠳᠡᠭᠦᠨ ᠤ ᠠᠪᠤ ᠨᠢ ᠬᠡᠨᠡᠳᠳᠡ ᠪᠠᠷ ᠬᠦᠨᠳᠤ ᠡᠪᠡᠳᠴᠢᠯᠡᠵᠤ᠂ ᠺᠠᠩ ᠯᠢᠩ ᠰᠢᠶᠠ ᠵᠢᠨ | ᠰᠤᠷᠤᠯᠭ᠎ᠠ ᠵᠢᠨ ᠰᠦᠢᠳᠭᠡᠯ᠂ ᠠᠪᠤ ᠵᠢᠨ ᠬᠢᠨᠢ ᠮᠠᠰᠠ ᠵᠠᠰᠠᠯ ᠤᠨ ᠰᠦᠢᠳᠭᠡᠯ ᠢ ᠨᠡᠶᠢᠯᠡᠭᠦᠯᠦᠭᠡᠳ ᠭᠡᠷ ᠤᠨ ᠪᠠᠭ᠎ᠠ | ᠰᠠᠭ᠎ᠠ ᠬᠤᠷᠠᠮᠳᠤᠭᠤᠯᠭ᠎ᠠ ᠪᠠᠨ ᠪᠦᠬᠦᠨ ᠢ ᠪᠠᠷᠠᠭᠰᠠᠨ ᠤ ᠳᠠᠷᠠᠭ᠎ᠠ ᠦᠷᠢ ᠰᠢᠷᠢ ᠨᠢ ᠠᠷᠪᠢᠳᠴᠤ᠂ ᠠᠮᠢᠳᠤᠷᠠᠯ ᠨᠢ | ᠳᠦᠢᠯ ᠤᠨ ᠬᠦᠴᠢᠷᠳᠡᠯᠳᠡᠢ ᠪᠤᠯᠪᠠ᠃ ᠳᠡᠳᠡ ᠶᠠᠭ ᠰᠠᠶ᠋ᠢᠬᠠᠨ ᠭᠠᠷ ᠵᠶᠠᠨ ᠨᠤᠬᠤᠯᠠᠨ ᠭᠠᠴᠢᠭᠳᠠᠵᠤ ᠪᠠᠶᠢᠳᠠᠯ᠎ᠠ᠂ ᠨᠠᠮ | ᠵᠠᠰᠠᠭ ᠡᠴᠠ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠵᠢ ᠬᠡᠷᠡᠭᠵᠢᠭᠦᠯᠵᠤ᠂ ᠳᠡᠳᠡᠨ ᠤ ᠬᠢᠨ ᠢ ᠳᠠᠩᠰᠠᠯᠠᠵᠤ | ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠦᠬᠡ ᠪᠠᠷ ᠢᠯᠭᠠᠨ ᠳᠤᠭᠳᠠᠭᠠᠵᠤ᠂ 15000 ᠲᠦᠭᠦᠷᠢᠭ ᠤᠨ | ᠰᠤᠷᠤᠯᠭ᠎ᠠ ᠵᠢᠨ ᠳᠡᠳᠭᠦᠮᠵᠢ ᠵᠢᠨ ᠮᠦᠩᠬᠦ ᠤᠯᠭᠤᠵᠤ ᠰᠤᠷᠤᠯᠭ᠎ᠠ ᠵᠢ ᠨᠢ ᠳᠡᠮᠵᠢᠪᠡ᠃ ︽ᠨᠠᠮ ᠤᠨ ᠳᠦᠷᠦ ᠵᠢᠨ | ᠪᠤᠳᠤᠯᠭ᠎ᠠ ᠵᠢᠨ ᠰᠠᠶᠢᠨ ᠵᠶᠠᠷ ᠪᠢᠳᠡ ᠨᠢᠭᠡ ᠭᠡᠷ ᠵᠶᠠᠷ ᠵᠶᠠᠨ ᠠᠰᠢᠭ ᠬᠦᠷᠳᠡᠵᠤ᠂ 2014 ᠤᠨ ᠳᠤ ᠳᠠᠩᠰᠠᠯᠠᠵᠤ | ᠺᠠᠷᠳ᠋ᠯᠠᠭᠰᠠᠨ ᠶᠠᠳᠠᠭᠤ ᠬᠦᠴᠢᠷᠳᠡᠢ ᠡᠷᠦᠬᠡ ᠪᠠᠷ ᠳᠤᠭᠳᠠᠭᠠᠭᠳᠠᠭᠰᠠᠨ ᠤ ᠳᠠᠷᠠᠭ᠎ᠠ ᠨᠠᠭᠠᠳᠤ ᠵᠠᠬ᠎ᠠ ᠵᠢᠨ ᠠᠮᠢᠳᠤᠷᠠᠯ ᠤᠨ | ᠪᠠᠳᠤᠯᠠᠪᠤᠷᠢ᠂ ᠡᠮ ᠡᠮᠨᠡᠯᠭᠡ ᠵᠢᠨ ᠪᠠᠳᠤᠯᠠᠪᠤᠷᠢ ᠵᠡᠷᠭᠡ ᠡᠯ᠎ᠡ ᠳᠦᠷᠦᠯ ᠤᠨ ᠶᠠᠳᠠᠭᠤ ᠵᠢ ᠳᠡᠳᠬᠦᠬᠦ ᠳᠦᠷᠦ ᠵᠢᠨ | ᠪᠤᠳᠤᠯᠭ᠎ᠠ ᠵᠢ ᠬᠦᠷᠳᠡᠵᠤ᠂ ᠭᠠᠴᠠᠭᠠᠨ ᠤ ᠬᠠᠮᠳᠤ ᠨᠡᠶᠢᠳᠡ ᠵᠢᠨ ᠠᠵᠤ ᠠᠬᠤᠢ ᠡᠴᠠ ᠠᠰᠢᠭ ᠤᠷᠤᠯᠭ᠎ᠠ | ᠬᠤᠪᠢᠶᠠᠷᠢᠯᠠᠬᠤ ᠪᠤᠯᠤᠭᠰᠠᠨ ᠮᠦᠷᠳᠡᠭᠡᠨ ᠬᠦᠨᠳᠤ ᠡᠪᠡᠳᠴᠢᠨ ᠢ ᠠᠪᠤᠷᠠᠨ ᠳᠤᠰᠠᠯᠠᠬᠤ ᠮᠦᠩᠬᠦ ᠵᠢ ᠴᠤ ᠤᠯᠵᠤ᠂ | ᠠᠮᠢᠳᠤᠷᠠᠯ ᠡᠳᠦᠷ ᠡᠴᠠ ᠡᠳᠦᠷ ᠰᠠᠶᠢᠵᠢᠷᠠᠪᠠ᠃ ᠦᠪᠡᠷᠳᠡᠭᠡᠨ ᠵᠠᠰᠠᠬᠤ ᠤᠷᠤᠨ ᠤ ᠶᠠᠳᠠᠭᠤ ᠵᠢ ᠳᠡᠳᠭᠦᠬᠦ ᠠᠯᠪᠠᠨ | ᠭᠡᠷ ᠤᠨ ᠠᠵᠤ ᠦᠢᠯᠡᠰ ᠵᠶᠠᠷ ᠳᠡᠳᠭᠦᠨ ᠳᠡᠮᠵᠢᠭᠰᠡᠨ ᠨᠢ ᠪᠢᠳᠡᠨ ᠤ ᠶᠠᠳᠠᠭᠤ ᠡᠴᠠ ᠪᠠᠨ ᠠᠩᠬᠢᠵᠢᠷᠠᠵᠤ ᠪᠠᠶᠠᠵᠢᠨ | ᠴᠢᠨᠡᠬᠡᠯᠢᠭᠵᠢᠬᠦ ᠵᠢ ᠨᠡᠩ ᠳᠦᠷᠭᠡᠳᠭᠡᠵᠤ᠂ 2016 ᠤᠨ ᠤ ᠰᠡᠭᠦᠯᠴᠢ ᠪᠠᠷ ᠪᠢᠳᠡ ᠶᠠᠳᠠᠭᠤ ᠡᠴᠠ ᠪᠠᠨ ᠠᠩᠬᠢᠵᠢᠷᠠᠵᠤ | ᠂ 2017 — 2018 ᠤᠨ ᠳᠤ ︿ᠳᠤᠪᠶᠤᠭ ᠮᠠᠶ᠋ᠢᠭ ﹀ ᠤᠨ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠪᠠᠷ | ᠬᠦᠷᠢᠶ᠎ᠡ ᠬᠠᠰᠢᠶᠠᠨ ᠳᠠᠭᠠᠨ ᠳᠡᠵᠢᠭᠡᠵᠤ ᠦᠷᠡᠵᠢᠭᠦᠯᠬᠦ ᠦᠢᠯᠡᠰ ᠢ ᠬᠦᠭᠵᠢᠭᠦᠯᠦᠭᠡᠳ ᠤᠳᠤ 100 ᠦᠯᠴᠢᠷ ᠬᠤᠨᠢ᠂ | 2 ᠠᠯᠠᠰᠢᠨ ᠦᠬᠡᠷ᠂ 4 ᠭᠠᠭ᠋ᠠᠢ ᠳᠡᠵᠢᠭᠡᠵᠤ᠂ ᠬᠦᠮᠦᠨ ᠳᠤᠮᠳᠠᠴᠢ ᠵᠢᠯ ᠤᠨ ᠤᠷᠤᠯᠭ᠎ᠠ 2014 ᠤᠨ ᠤ 2300 | ᠲᠦᠭᠦᠷᠢᠭ ᠡᠴᠠ ᠪᠠᠨ 2019 ᠤᠨ ᠳᠤ 1 ᠲᠦᠮᠡᠨ ᠲᠦᠭᠦᠷᠢᠭ ᠪᠤᠯᠤᠯ᠎ᠠ︾ ᠭᠡᠵᠤ ᠺᠠᠩ ᠯᠢᠩ ᠰᠢᠶᠠ | ᠶᠠᠳᠠᠭᠤ ᠡᠴᠠ ᠪᠠᠨ ᠠᠩᠬᠢᠵᠢᠷᠠᠵᠤ ᠪᠠᠶᠠᠵᠢᠨ ᠴᠢᠨᠡᠬᠡᠯᠢᠭᠵᠢᠭᠰᠡᠨ ᠳᠤᠬᠠᠢ ᠪᠠᠨ ᠪᠠᠶᠠᠷᠯᠠᠨ ᠬᠡᠯᠡᠨ᠎ᠡ᠃ | ᠨᠠᠮ ᠤᠨ ᠠᠴᠢ ᠭᠠᠪᠢᠶ᠎ᠠ ᠵᠢ ᠬᠠᠷᠢᠭᠤᠯᠵᠤ᠂ ᠤᠯᠠᠨ ᠳᠦᠮᠡᠨ ᠳᠡᠭᠡᠨ ᠰᠠᠶᠢᠳᠤᠷ ᠦᠢᠯᠡᠴᠢᠯᠡᠬᠦ ᠪᠤᠯ ᠺᠠᠩ | ᠯᠢᠩ ᠰᠢᠶᠠ ᠵᠢᠨ ᠶᠡᠭᠡ ᠰᠤᠷᠭᠠᠭᠤᠯᠢ ᠪᠠᠨ ᠳᠡᠭᠦᠰᠴᠤ ᠨᠤᠳᠤᠭ ᠲᠠᠭᠠᠨ ᠪᠤᠴᠠᠨ ᠢᠷᠡᠭᠰᠡᠨ ᠤ ᠬᠦᠳᠡᠯᠭᠡᠬᠦ ᠬᠦᠴᠦᠨ᠃ | 2019 ᠤᠨ ᠤ 12 ᠰᠠᠷ᠎ᠠ ᠳᠤ᠂ ᠭᠠᠴᠠᠭ᠎ᠠ ᠵᠢᠨ ᠵᠦᠪᠯᠡᠯ ᠡᠴᠠ ᠺᠠᠩ ᠯᠢᠩ ᠰᠢᠶᠠ ᠵᠢ ᠶᠠᠳᠠᠭᠤ ᠵᠢ ᠳᠡᠳᠬᠦᠬᠦ | ᠳᠤᠰᠬᠠᠢ ᠺᠠᠳ᠋ᠷ ᠵᠶᠠᠷ ᠤᠷᠢᠵᠤ ᠬᠡᠷᠡᠭᠯᠡᠨ᠂ ︽ᠪᠤᠰᠤᠳ ᠤᠨ ᠬᠠᠪᠰᠤᠷᠤᠯᠭ᠎ᠠ ᠵᠢ ᠤᠯᠵᠤ ᠪᠠᠶᠢᠭᠰᠠᠨ︾ ᠡᠴᠠ ᠪᠠᠨ ︽ | ᠪᠤᠰᠤᠳ ᠢ ᠬᠠᠪᠰᠤᠷᠬᠤ︾ ᠪᠤᠯᠤᠨ ᠬᠤᠪᠢᠷᠠᠵᠤ᠂ ᠡᠷᠦᠬᠡ ᠪᠠᠷ ᠬᠦᠷᠴᠤ ᠰᠤᠷᠪᠤᠯᠵᠢᠯᠠᠬᠤ᠂ ᠳᠦᠷᠦ ᠵᠢᠨ | ᠪᠤᠳᠤᠯᠭ᠎ᠠ ᠵᠢᠨ ᠤᠬᠠᠭᠤᠯᠭ᠎ᠠ ᠬᠢᠬᠦ ᠨᠢ ᠳᠡᠭᠦᠨ ᠤ ᠡᠳᠦᠷ ᠳᠤᠳᠤᠮ ᠤᠨ ᠠᠵᠢᠯ ᠪᠤᠯᠵᠤ᠂ ᠶᠠᠳᠠᠭᠤ ᠵᠢ ᠳᠡᠳᠬᠦᠬᠦ | ᠳᠠᠶᠢᠯᠠᠯᠳᠤᠭᠠᠨ ᠤ ᠳᠠᠯᠠᠪᠤᠷ ᠲᠤ ᠬᠦᠴᠦ ᠬᠦᠯᠦᠰᠤ ᠪᠠᠨ ᠤᠷᠤᠰᠬᠠᠨ ᠬᠠᠷᠠᠮ ᠦᠭᠡᠢ ᠵᠢᠳᠭᠦᠯᠡᠵᠤ᠂ ᠵᠠᠯᠠᠭᠤ | ᠨᠠᠰᠤᠨ ᠤ ᠴᠤᠭ ᠵᠢᠪᠬᠤᠭ᠎ᠠ ᠪᠠᠨ ᠬᠢᠯᠡᠷᠠᠭᠤᠯᠤᠨᠠ ᠪᠢᠯᠡ᠃ |