ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠰᠧᠨ ᠸᠠᠩ ᠰᠠᠭᠤᠭᠠᠯᠢ ᠠᠷᠠᠳ ᠤᠨ ᠵᠥᠪᠯᠡᠯ ᠵᠢᠷᠭᠤᠳᠤᠭᠠᠷ ᠬᠤᠭᠤᠴᠠᠭᠠᠨ ᠤ ︽ᠪᠦᠬᠦ ᠤᠯᠤᠰ ᠤᠨ ᠪᠣᠯᠪᠠᠰᠤᠨ ᠨᠢᠭᠡᠴᠢ ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/1/15
      2020 ᠤᠨ ᠤ 11 ᠰᠠᠷ᠎ᠠ ᠶᠢᠨ 20 ᠤ ᠡᠳᠦᠷ᠂ ᠪᠦᠬᠦ ᠤᠯᠤᠰ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠬᠤᠷᠠᠯᠳᠤᠵᠤ᠂ ᠵᠢᠷᠭᠤᠳᠤᠭᠠᠷ ᠬᠤᠭᠤᠴᠠᠭᠠᠨ ᠤ ︽ᠪᠦᠬᠦ ᠤᠯᠤᠰ ᠤᠨ ᠪᠣᠯᠪᠠᠰᠤᠨ‌ᠨᠢᠭᠡᠴᠢ︾ ᠶᠢᠨ ᠨᠡᠷᠡᠰ ᠢ ᠨᠡᠶᠢᠲᠡᠯᠡᠪᠡ᠂ ᠮᠠᠨ ᠤ ᠠᠶᠢᠮᠠᠭ ᠤᠨ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠰᠧᠨ ᠸᠠᠩ ᠰᠠᠭᠤᠭᠠᠯᠢ ᠠᠷᠠᠳ ᠤᠨ ᠵᠥᠪᠯᠡᠯ ᠵᠢᠷᠭᠤᠳᠤᠭᠠᠷ ᠬᠤᠭᠤᠴᠠᠭᠠᠨ ᠤ ︽ᠪᠦᠬᠦ ᠤᠯᠤᠰ ᠤᠨ ᠪᠣᠯᠪᠠᠰᠤᠨ ᠨᠢᠭᠡᠴᠢ︾ ᠶᠢᠨ ᠢᠷᠠᠭᠤ ᠠᠯᠳᠠᠷ ᠢ ᠬᠦᠷᠳᠡᠪᠡ᠃      ᠰᠧᠨ ᠸᠠᠩ ᠰᠠᠭᠤᠭᠠᠯᠢ ᠠᠷᠠᠳ ᠤᠨ ᠵᠥᠪᠯᠡᠯ 2012 ᠣᠨ ᠳᠤ ᠪᠠᠶᠢᠭᠤᠯᠤᠭᠳᠠᠵᠦ᠂ ᠣᠳᠣᠬᠠᠨ ᠳᠤ ᠨᠡᠶᠢᠭᠡᠮ ᠲᠣᠭᠤᠷᠢᠭ ᠲᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ ᠶᠡᠭᠡ ᠲᠠᠩᠬᠢᠮ᠂ ᠶᠡᠷᠦᠩᠬᠡᠶᠢᠯᠡᠭᠰᠡᠨ ᠰᠣᠶᠣᠯ ᠤᠨ ᠠᠵᠢᠯᠯᠠᠭᠠᠨ ᠤ ᠲᠥᠪ᠂ ᠨᠣᠮ ᠤᠩᠰᠢᠬᠤ ᠲᠠᠰᠤᠭ ᠭᠡᠬᠦ ᠮᠡᠳᠦ ᠶᠢᠨ ᠤᠨᠴᠠᠯᠢᠬᠳᠦ ᠦᠷᠦᠭᠡ ᠶᠢ ᠢᠵᠢ ᠪᠦᠷᠢᠳᠦᠨ᠂ ᠦᠷᠦᠭᠡ ᠨᠢᠭᠡ ᠪᠦᠷᠢ ᠨᠢ ᠪᠡᠶ᠎ᠠ ᠪᠠᠨ ᠳᠠᠭᠠᠭᠠᠭᠰᠠᠨ ᠰᠣᠶᠣᠯ ᠤᠨ ᠤᠬᠠᠭᠤᠯᠭ᠎ᠠ᠂ ᠨᠠᠮ ᠤᠨ ᠭᠡᠰᠢᠭᠦᠨ ᠤ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠵᠡᠷᠭᠡ ᠠᠵᠢᠯᠯᠠᠭ᠎ᠠ ᠥᠷᠨᠢᠭᠦᠯᠬᠦ ᠨᠥᠬᠦᠴᠡᠯ ᠲᠠᠢ ᠪᠠᠶᠢᠵᠦ᠂ ᠨᠡᠶᠢᠭᠡᠮ ᠳᠤᠭᠤᠷᠢᠭ ᠤᠨ ᠰᠠᠭᠤᠭᠠᠯᠢ ᠠᠷᠠᠳ ᠲᠤ ᠰᠤᠶᠢᠳᠭᠡᠯ ᠬᠤᠷᠢᠶᠠᠬᠤ ᠦᠭᠡᠢ ᠪᠠᠷ ᠴᠢᠯᠥᠭᠡᠲᠡᠶ ᠨᠡᠭᠡᠭᠡᠵᠦ ᠪᠤᠢ᠃      ᠣᠶᠢᠷ᠎ᠠ ᠶᠢᠨ ᠵᠢᠯ ᠳᠤ᠂ ᠰᠧᠨ ᠸᠠᠩ ᠰᠠᠭᠤᠭᠠᠯᠢ ᠠᠷᠠᠳ ᠤᠨ ᠵᠥᠪᠯᠡᠯ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠪᠦᠬᠦ ᠤᠯᠤᠰ ᠤᠨ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠂ ︽ᠳᠤᠨᠤᠭ ᠳᠦᠭᠦᠬᠡᠷᠦᠮᠵᠢ ᠶᠢ ᠪᠦᠷᠢᠨᠰᠢᠭᠦᠯᠦᠨ᠂ ᠰᠠᠭᠤᠭᠠᠯᠢ ᠠᠷᠠᠳ ᠲᠤ  ᠦᠢᠯᠡᠴᠢᠯᠡᠬᠦ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠦ᠂  ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂  ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ᠂ ᠣᠶᠢᠯᠡᠴᠢᠯᠡᠭᠡᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠯᠳᠠ ᠶᠢᠨ ᠣᠶᠢᠯᠡᠳᠦᠯ ᠢ ᠴᠢᠷᠮᠠᠶᠢᠨ ᠪᠠᠳᠠᠷᠠᠭᠤᠯᠵᠤ᠂ ᠡᠯ᠎ᠡ ᠳᠦᠷᠦᠯ ᠤᠨ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠰᠢᠨ᠎ᠡ ᠴᠠᠭ ᠦᠶ᠎ᠡ ᠶᠢᠨ ᠠᠷᠠᠳ ᠢᠷᠭᠡᠨ ᠤ ᠶᠣᠰᠣ ᠰᠤᠷᠲᠠᠬᠤᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ ᠬᠡᠷ ᠪᠦᠯᠢ ᠶᠢᠨ ᠪᠤᠯᠪᠠᠰᠦᠨ ᠰᠤᠷᠲᠠᠯ᠂ ᠬᠤᠪᠢ ᠬᠥᠮᠦᠨ ᠤ ᠵᠠᠩ ᠮᠣᠷᠠᠯ ᠤᠨ ᠬᠥᠮᠦᠵᠢᠯ ᠢ ᠥᠷᠭᠡᠨ ᠳᠡᠯᠭᠡᠷ ᠥᠷᠨᠢᠭᠦᠯᠤᠨ᠂ ᠪᠠᠶᠢᠭᠤᠯᠭ᠎ᠠ ᠨᠢᠭᠡᠴᠢ ᠶᠢᠨ ᠠᠵᠢᠯᠳᠠᠨ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠨᠠᠮ ᠤᠨ ᠵᠤᠬᠢᠶᠠᠨ ᠪᠠᠶᠢᠭᠤᠯᠤᠯᠲᠠ ᠪᠠ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠯᠳᠠ ᠶᠢᠨ ᠣᠶᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢ ᠪᠠᠳᠠᠷᠠᠭᠤᠯᠤᠭᠠᠳ ᠣᠯᠠᠨ ᠲᠦᠮᠡᠨ ᠤ ᠳᠤᠰᠬᠠᠬᠰᠠᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠢᠳᠡᠪᠬᠢᠲᠡᠶ ᠪᠠᠷ  ᠰᠢᠢᠳᠪᠦᠷᠢᠯᠡᠵᠠᠢ᠃ ︽ᠨᠠᠮ ᠤᠨ ᠪᠠᠶᠢᠭᠤᠯᠤᠯᠲᠠ + ᠪᠣᠯᠪᠠᠰᠤᠨ ᠤ ᠪᠠᠶᠢᠭᠤᠯᠤᠯᠳᠠ︾ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠠᠮ ᠤᠨ ᠭᠡᠰᠢᠭᠦᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ᠂ ᠰᠠᠭᠤᠭᠠᠯᠢ ᠠᠷᠠᠳ᠂ ᠵᠠᠯᠠᠭᠤᠴᠤᠳ ᠪᠠᠭᠠᠴᠤᠳ ᠢᠶᠠᠷ ᠪᠦᠷᠢᠯᠳᠦᠭᠰᠡᠨ ᠰᠠᠶᠢᠨ ᠳᠤᠷᠠᠴᠤᠳ ᠤᠨ ᠣᠶᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠰᠣᠶᠣᠯ ᠪᠡᠶ᠎ᠡ ᠲᠠᠮᠢᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠶᠢ ᠲᠡᠳᠬᠦᠬᠦ ᠬᠠᠶᠢᠷ᠎ᠠ ᠬᠠᠯᠠᠮᠵᠢᠳᠦ ᠠᠵᠢᠯᠯᠠᠭ᠎ᠠ ᠵᠡᠷᠭᠡ ᠶᠢ ᠢᠳᠡᠪᠬᠢᠳᠡᠢ ᠦᠷᠨᠢᠭᠦᠯᠦᠭᠰᠡᠨ ᠮᠦᠷᠳᠡᠬᠡᠨ ᠰᠠᠭᠤᠭᠠᠯᠢ ᠠᠷᠠᠳ ᠤᠨ ᠠᠮᠢ ᠠᠬᠤᠢ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠡᠷᠡᠭᠦᠯ ᠡᠩᠬᠡ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠮᠠᠶ᠋ᠢᠭ ᠢ ᠳᠠᠰᠤᠷᠠᠯᠳᠠ ᠦᠭᠡᠢ ᠰᠤᠷᠳᠠᠯᠴᠢᠯᠠᠨ ᠤᠬᠠᠭᠤᠯᠤᠭᠠᠳ ᠮᠠᠰᠢ ᠰᠠᠶᠢᠨ ᠨᠡᠶᠢᠭᠡᠮ ᠤᠨ ᠦᠷ᠎ᠡ ᠠᠰᠢᠭ ᠤᠯᠤᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号