ᠬᠢᠩᠭᠠᠨ ᠤᠯᠠᠭᠠᠨᠮᠦ᠋ᠴᠢᠷ ᠤᠨ ᠬᠢᠨ ᠲᠤᠭᠯᠠᠭᠴᠢᠳ ᠤᠨ ᠢᠶᠠᠨ ᠲᠤᠬᠠᠢᠢᠯᠠᠭᠰᠠᠨ ᠠᠵᠢᠯ ᠳᠤ ᠰᠢᠯᠭᠠᠨ ᠪᠠᠶᠢᠴᠠᠭᠠᠯᠳᠠ ᠬᠢᠵᠠᠢ
ᠨᠡᠶᠢᠲᠡᠯᠡᠭᠰᠡᠨ ᠴᠠᠭ᠄
2021/1/15
      1 ᠰᠠᠷ᠎ᠠ ᠶᠢᠨ 11 ᠤ ᠡᠳᠤᠷ᠂ ᠬᠢᠩᠭᠠᠨ ᠤᠯᠠᠭᠠᠨᠮᠦ᠋ᠴᠢᠷ ᠤᠨ ᠬᠢᠨ ᠲᠤᠭᠯᠠᠭᠴᠢᠳ ᠤᠨ ᠢᠶᠠᠨ ᠲᠤᠬᠠᠢᠢᠯᠠᠭᠰᠠᠨ ᠠᠵᠢᠯ ᠳᠤ ᠰᠢᠯᠭᠠᠨ ᠪᠠᠶᠢᠴᠠᠭᠠᠯᠳᠠ ᠬᠢᠪᠡ᠃ ᠲᠤᠭᠯᠠᠭᠴᠢᠳ ᠠᠴᠠ ᠬᠦᠭᠵᠢᠮ ᠬᠦᠭᠵᠢᠮᠳᠡᠬᠦ᠂ ᠲᠠᠭᠤᠥ ᠲᠠᠭᠤᠯᠠᠬᠤ ᠪᠠ ᠪᠦᠵᠢᠭ ᠪᠦᠵᠢᠭᠯᠡᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠦᠪᠠᠷ ᠤᠨ ᠲᠤᠬᠠᠢᠢᠯᠠᠭᠰᠠᠨ ᠠᠵᠢᠯ ᠤᠨ ᠴᠢᠳᠠᠪᠤᠷᠢ ᠪᠠᠨ ᠲᠡᠯᠭᠡᠨ ᠦᠵᠡᠬᠦᠯᠥᠭᠰᠡᠨ ᠪᠠᠶᠢᠨ᠎ᠠ᠃      ᠰᠢᠯᠭᠠᠨ ᠪᠠᠶᠢᠴᠠᠭᠠᠯᠳᠠ ᠨᠢ ᠨᠢᠭᠡ ᠡᠳᠤᠷ ᠤᠨ ᠬᠤᠭᠤᠴᠠᠭ᠎ᠠ ᠲᠠᠢ ᠶᠠᠪᠤᠬᠳᠠᠵᠤ᠂ ᠲᠤᠭᠯᠠᠭᠴᠢᠳ ᠦᠪᠠᠷ ᠤᠨ ᠠᠪᠢᠶᠠᠰ ᠴᠢᠳᠠᠪᠤᠷᠢ ᠪᠠᠨ ᠭᠠᠶᠢᠬᠠᠭᠤᠯᠵᠤ᠂ ᠲᠤᠬᠠᠢ ᠶᠢᠨ ᠲᠠᠯᠠᠪᠠᠢ ᠶᠢᠨ ᠬᠢᠨᠠᠭᠴᠢᠳ ᠤᠨ ᠦᠨᠳᠤᠷ ᠦᠨᠡᠯᠡᠯᠳᠠ ᠶᠢ ᠤᠯᠵᠠᠢ᠃ ᠲᠤᠰ ᠤᠳᠠᠭᠠᠨ ᠤ ᠰᠢᠯᠭᠠᠨ ᠪᠠᠶᠢᠴᠠᠭᠠᠯᠳᠠ ᠪᠠᠨ ︽ᠲᠤᠥᠷ ᠰᠦᠯᠵᠢᠶ᠎ᠠ +︾ ᠬᠡᠯᠪᠡᠷᠢ ᠪᠠᠷ ᠲᠤᠬᠠᠢ ᠶᠢᠨ ᠲᠠᠯᠠᠪᠠᠢ ᠶᠢᠨ ᠰᠢᠭᠤᠳ ᠨᠡᠪᠳᠡᠷᠡᠬᠦᠯᠭᠡ ᠬᠢᠵᠤ᠂ ᠤᠯᠠᠭᠠᠨᠮᠦ᠋ᠴᠢᠷ ᠤᠨ ᠲᠤᠭᠯᠠᠭᠴᠢᠳ ᠤᠨ ᠤᠷᠠᠨ ᠰᠠᠶᠢᠬᠠᠨ ᠤ ᠲᠤᠭᠯᠠᠯᠳᠠ ᠶᠢ ᠬᠦᠮᠤᠰ ᠲᠤ ᠰᠤᠨᠢᠷᠬᠠᠭᠤᠯᠵᠤ᠂ ᠠᠷᠪᠠ ᠭᠠᠷᠤᠢ ᠲᠦᠮᠠᠨ ᠰᠦᠯᠵᠢᠶᠡᠨ ᠠᠨᠳᠠ ᠶᠢᠨ ᠬᠠᠯᠠᠭᠤᠨ ᠬᠦᠷᠢᠶᠡᠯᠡᠯ ᠪᠠ ᠲᠠᠭᠠᠰᠢᠶᠠᠯ ᠢ ᠬᠦᠷᠳᠡᠭᠰᠡᠨ ᠪᠠᠶᠢᠨ᠎ᠠ᠃       ᠲᠤᠬᠠᠢᠢᠯᠠᠭᠰᠠᠨ ᠠᠵᠢᠯ ᠤᠨ ᠰᠢᠯᠭᠠᠨ ᠪᠠᠶᠢᠴᠠᠭᠠᠯᠳᠠ ᠪᠠᠷ ᠲᠠᠮᠵᠢᠨ᠂ ᠬᠢᠩᠭᠠᠨ ᠤᠯᠠᠭᠠᠨᠮᠦ᠋ᠴᠢᠷ ᠤᠨ ᠬᠢᠨ ᠡᠩᠨᠡᠭᠡ ᠶᠢᠨ ᠬᠡᠪ ᠴᠢᠨᠠᠷ ᠢᠶᠠᠨ ᠰᠢᠯᠢᠳᠡᠭᠵᠢᠬᠦᠯᠤᠨ᠂ ᠭᠡᠰᠢᠬᠦᠳ ᠤᠨ ᠴᠢᠳᠠᠪᠤᠷᠢ ᠶᠢ ᠲᠡᠭᠡᠭᠰᠢᠯᠡᠬᠦᠯᠵᠤ᠂ ᠬᠢᠷᠢ ᠲᠡᠩᠴᠡᠭᠰᠡᠨ ︽ᠲᠠᠯ᠎ᠠ ᠨᠤᠳᠤᠭ ᠤᠨ ᠬᠤᠪᠢᠰᠬᠠᠯᠳᠤ ᠬᠦᠩᠭᠡᠨ ᠮᠤᠷᠢᠳᠤ ᠴᠡᠷᠢᠭ︾ ᠪᠠ ︽ᠲᠠᠯ᠎ᠠ ᠨᠤᠳᠤᠭ ᠤᠨ ᠬᠤᠪᠢᠰᠬᠠᠯᠳᠤ ᠰᠤᠶᠤᠯ ᠤᠷᠠᠯᠢᠭ ᠤᠨ ᠤᠬᠠᠭᠤᠯᠤᠭᠴᠢ︾ ᠪᠤᠯᠬᠤ ᠵᠤᠷᠢᠯᠭ᠎ᠠ ᠳᠤ ᠪᠠᠨ ᠬᠦᠷᠦᠭᠰᠡᠨ ᠪᠠᠶᠢᠨ᠎ᠠ᠃ ︵ᠵᠥ ᠲᠢᠶᠠᠨ ᠶᠤᠸᠠᠢ ᠮᠡᠳᠡᠭᠡᠯᠡᠪᠡ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号