ᠪᠦᠬᠦ ᠠᠶᠢᠮᠠᠭ ᠤᠨ ︽ᠮᠦᠡᠭᠭᠦᠨ ᠬᠤᠨᠭ᠍ᠬ᠎ᠠ︾ ᠬᠤᠨᠳᠠᠭᠠᠲᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠤᠰ ᠬᠡᠯᠡᠨ ᠤ ᠢᠷᠠᠭᠤ ᠨᠠᠶᠢᠷᠠᠭ ᠤᠨ ᠤᠷᠠᠨ ᠣᠡᠭᠰᠢᠯᠭ᠎ᠠ ᠶᠢᠨ ᠤᠷᠤᠯᠳᠣᠭᠠᠨ ᠳᠤ ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠬᠢᠯᠠᠯᠵᠠᠮ᠎ᠠ ᠠᠮᠵᠢᠯᠲᠠ ᠤᠯᠪᠠ
ᠨᠡᠶᠢᠲᠡᠯᠡᠭᠰᠡᠨ ᠴᠠᠭ᠄
2021/1/15
      ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠦᠭᠡᠮᠡᠯᠵᠢᠬᠦᠯᠦᠨ ᠳᠡᠯᠭᠡᠷᠡᠭᠦᠯᠬᠦ ᠠᠵᠢᠯ ᠢ ᠲᠦᠯᠬᠢᠨ ᠠᠬᠢᠭᠤᠯᠵᠤ᠂ ᠴᠦᠬᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠢᠳᠡᠪᠬᠢᠵᠢᠯ ᠢ ᠲᠠᠶᠢᠴᠢᠯᠠᠨ᠂ ᠬᠤᠣᠰ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠪᠠᠷ᠂ ᠦᠢᠷ᠎ᠠ ᠳᠤ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ ᠵᠢᠴᠢ ᠠᠶᠢᠮᠠᠭ ᠤᠨ ᠷᠠᠳᠢᠣ᠋ ᠲᠧᠯᠸᠢᠰ ᠬᠤᠷᠢᠶ᠎ᠠ ᠠᠴᠠ ᠬᠠᠮᠲᠤᠷᠠᠨ ᠡᠷᠬᠢᠯᠡᠭᠰᠡᠨ ︽ᠳᠤᠮᠳᠠᠳᠤ ᠶᠢᠨ ᠦᠨᠳᠦᠰᠦᠲᠡᠨ ᠨᠢᠭᠡᠨ ᠭᠡᠷ ᠪᠦᠯᠢ ᠮᠡᠲᠦ ᠲᠤᠲᠤᠨᠤᠰᠤᠭ᠂ ᠰᠡᠳᠬᠢᠯ ᠨᠢᠭᠡᠲᠦᠨ ᠳᠤᠮᠳᠠᠳᠤ ᠶᠢᠨ ᠬᠦᠰᠡᠯ ᠵᠡᠭᠦᠲᠦ ᠪᠠᠨ ᠬᠠᠮᠲᠤ ᠪᠠᠷ ᠲᠡᠷᠭᠡᠯᠰᠢᠭᠦᠯᠤᠶ᠎ᠠ︾ ᠭᠡᠬᠦ ᠭᠤᠤᠯ ᠰᠡᠳᠦᠪᠲᠦ ᠬᠦᠮᠦᠵᠢᠯ ᠵᠢᠴᠢ ᠪᠦᠬᠦ ᠠᠶᠢᠮᠠᠭ ᠤᠨ ᠠᠷᠪᠠᠨ ᠨᠢᠭᠡᠳᠦᠭᠡᠷ ᠬᠤᠭᠤᠴᠠᠭᠠᠨ ᠤ ︽ᠮᠦᠡᠭᠭᠦᠨ ᠬᠤᠨᠭ᠍ᠬᠤ︾ ᠬᠤᠨᠳᠠᠭᠠᠲᠤ ᠳᠣᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠤᠰ ᠬᠡᠯᠡᠨ ᠤ ᠢᠷᠠᠭᠤ ᠨᠠᠶᠢᠷᠠᠭ ᠤᠨ ᠤᠷᠠᠨ ᠣᠡᠭᠰᠢᠯᠭ᠎ᠠ ᠶᠢᠨ ᠤᠷᠤᠯᠳᠤᠭᠠᠨ ᠳᠤ ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠬᠢᠯᠠᠯᠵᠠᠮ᠎ᠠ ᠠᠮᠵᠢᠯᠲᠠ ᠣᠯᠪᠠ᠃      ᠤᠨᠠᠭᠠᠨ ᠪᠠᠭ᠎ᠠ ᠨᠠᠰᠤᠨ ᠠᠴᠠ ᠪᠠᠨ ᠡᠬᠡ ᠬᠡᠯᠡᠨ ᠤ ᠪᠠᠨ ᠤᠭᠤᠷᠠᠭ ᠰᠢᠮ᠎ᠡ ᠶᠢ ᠬᠦᠷᠲᠡᠵᠦ᠂ ᠢᠷᠠᠭᠤ ᠲᠠᠩᠰᠤᠭ ᠰᠢᠯᠦᠭ ᠳᠠᠭᠤᠯᠠᠯ ᠢ ᠲᠠᠷᠢᠬᠢᠨ ᠳᠤ ᠪᠠᠨ ᠰᠢᠩᠭᠡᠭᠡᠨ ᠶᠠᠪᠤᠭ᠎ᠠ ᠡᠯ᠎ᠡ ᠬᠤᠰᠢᠭᠤ ᠰᠢᠶᠠᠨ ᠬᠤᠳᠠ ᠶᠢᠨ ᠤᠩᠰᠢᠭᠴᠢᠳ ᠠᠶᠢᠮᠠᠭ ᠤᠨ ᠷᠠᠳᠢᠣ᠋ ᠲᠧᠯᠸᠢᠰ ᠬᠤᠷᠢᠶᠠᠨ ᠤ ᠲᠤᠭᠯᠠᠯᠲᠠ ᠶᠢᠨ ᠦᠷᠦᠭᠡ ᠳᠤ ᠬᠤᠷᠠᠨ ᠴᠤᠭᠯᠠᠷᠠᠵᠤ᠂ ᠢᠷᠠᠭᠤ ᠨᠠᠶᠢᠷᠠᠭ ᠤᠨ ᠰᠠᠶᠢᠬᠠᠨ ᠰᠣᠨᠤᠰᠬᠤᠯᠠᠩ ᠢ ᠬᠠᠨᠭ᠍ᠭᠢᠨᠠᠭᠤᠯᠵᠤ᠂ ᠤᠷᠠᠨ ᠣᠡᠭᠰᠢᠯᠭ᠎ᠠ ᠶᠢᠨ ᠷᠢᠳᠢ ᠰᠢᠲᠢ ᠶᠢ ᠭᠠᠶᠢᠬᠠᠭᠤᠯᠪᠠ᠃ ᠪᠦᠬᠦᠯᠢ ᠡᠳᠦᠷ ᠤᠨ ᠬᠤᠷᠴᠠ ᠰᠢᠷᠦᠭᠦᠨ ᠦᠷᠢᠰᠦᠯᠳᠦᠭᠡᠨ ᠪᠠ ᠬᠢᠨᠠᠭᠴᠢᠳ ᠤᠨ ᠲᠥᠪ ᠭᠤᠣᠯᠴᠢ ᠬᠢᠨᠠᠯᠲᠠ ᠪᠠᠷ ᠲᠡᠭᠡᠳᠦ ᠳᠤᠮᠳᠠᠳᠤ ᠶᠢᠨ ᠲᠤᠭᠤᠶᠢᠯᠠᠩ ᠳᠤ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠦᠡᠭ ᠲᠤᠭᠴᠢᠨ ᠲᠡᠷᠢᠭᠦᠯᠡᠵᠤ ︽ᠮᠠᠩᠯᠠᠢ ᠬᠤᠨᠳᠠᠭ᠎ᠠ︾ ᠲᠣᠰᠴᠤ᠂ ᠸᠠᠩ ᠽᠸᠡᠭ ᠷᠦᠩ ᠬᠤᠶᠠᠳᠤᠭᠠᠷ ᠳᠡᠰ ᠲᠤ ᠲᠤᠳᠤᠷᠠᠵᠤ᠂ ᠡᠬᠡ ᠰᠤᠷᠭᠠᠭᠤᠯᠢ ᠳᠤ ᠪᠠᠨ ᠦᠩᠭᠡ ᠭᠡᠷᠡᠯ ᠨᠡᠮᠡᠷᠢᠯᠡᠪᠡ᠃ ᠵᠠᠩ ᠯᠢ ᠮᠸᠢ ᠪᠠᠭᠰᠢ ᠪᠠ ᠯᠢᠣ ᡁᠢ ᠶᠤᠸᠠᠨ ᠪᠠᠭᠰᠢ ᠲᠤᠰ ᠲᠤᠰ ︽ᠰᠢᠯᠢᠳᠡᠭ ᠵᠢᠯᠤᠭᠤᠳᠤᠭᠴᠢ ᠪᠠᠭᠰᠢ︾ ᠪᠠᠷ ᠦᠨᠡᠯᠡᠭᠳᠡᠭᠰᠡᠨ ᠪᠠᠶᠢᠨ᠎ᠠ᠃       ᠲᠣᠰ ᠤᠳᠠᠭᠠᠨ ᠤ ᠣᠷᠤᠯᠳᠤᠭᠠᠨ ᠢᠶᠠᠷ ᠲᠠᠮᠵᠢᠭᠤᠯᠵᠦ ᠮᠣᠩᠭᠤᠯ ᠢᠶᠠᠷ ᠬᠢᠴᠢᠶᠡᠯᠯᠡᠵᠤ ᠪᠠᠶᠢᠭ᠎ᠠ ᠰᠤᠷᠤᠭᠴᠢᠳ ᠤᠨ ᠬᠡᠯᠡᠨ ᠤ ᠮᠡᠳᠡᠷᠡᠮᠵᠢ ᠶᠢᠨ ᠭᠠᠶᠢᠬᠠᠮᠰᠢᠭ ᠪᠠ ᠤᠷᠠᠨ ᠤᠡᠭᠰᠢᠯᠭ᠎ᠠ ᠶᠢᠨ ᠰᠤᠶᠤᠯ ᠤᠨ ᠦᠨᠳᠦᠷ ᠲᠦᠪᠰᠢᠨ ᠢ ᠢᠯᠡᠷᠡᠭᠦᠯᠦᠭᠰᠡᠨ ᠮᠦᠷᠲᠡᠭᠡᠨ ᠰᠤᠷᠤᠭᠴᠢᠳ ᠤᠨ ᠬᠤᠤᠰ ᠬᠡᠯᠡ ᠪᠠᠷ ᠶᠠᠷᠢᠬᠤ ᠴᠢᠳᠠᠪᠤᠷᠢ ᠬᠤᠣᠰ ᠬᠡᠯᠡ ᠶᠢ ᠡᠵᠡᠮᠰᠢᠵᠦ ᠪᠠᠶᠢᠭ᠎ᠠ ᠬᠡᠯᠡᠨ ᠤ ᠮᠡᠳᠡᠷᠡᠮᠵᠢ ᠶᠢ ᠣᠯᠵᠤ ᠬᠠᠷᠠᠭᠰᠠᠨ ᠪᠠᠶᠢᠨ᠎ᠠ᠃ ᠬᠢᠨᠠᠭᠴᠢᠳ ᠤᠨ ᠲᠦᠯᠦᠭᠡᠯᠡᠭᠴᠢ ᠲᠤᠰ ᠤᠳᠠᠭᠠᠨ ᠤ ᠤᠷᠤᠯᠳᠤᠭᠠᠨ ᠤ ᠠᠮᠵᠢᠯᠲᠠ ᠲᠠᠢ ᠲᠠᠯ᠎ᠠ ᠶᠢ ᠳ᠋ᠦᠩᠨᠡᠨ ᠨᠤᠲᠠᠯᠠᠬᠤ ᠶᠢᠨ ᠳᠠᠭᠠᠦ ᠬᠦᠷᠦᠯᠴᠡᠬᠦ ᠦᠭᠡᠢ ᠲᠠᠯ᠎ᠠ ᠶᠢ ᠰᠠᠨᠠᠭᠤᠯᠤᠨ᠂ ᠳᠠᠷᠠᠭᠠᠴᠢ ᠶᠢᠨ ᠤᠷᠤᠯᠳᠤᠭᠠᠨ ᠳᠤ ᠨᠡᠩ ᠦᠨᠳᠦᠷ ᠠᠮᠵᠢᠯᠳᠠ ᠤᠯᠬᠤ ᠶᠢ ᠬᠦᠰᠡᠨ ᠵᠦᠩᠨᠡᠵᠠᠢ᠃ ︵ᠵᠠᠩ ᠯᠢ ᠮᠸᠢ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号