ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠢᠳᠡᠪᠬᠢᠯᠡᠨ ᠰᠤᠷᠤᠯᠴᠠᠵᠤ ᠪᠤᠢ
ᠨᠡᠶᠢᠲᠡᠯᠡᠭᠰᠡᠨ ᠴᠠᠭ᠄
2021/1/15
     ᠤᠢᠢᠷ᠎ᠠ ᠶᠢᠨ ᠡᠳᠤᠷ᠂ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠪᠦᠬᠦ ᠨᠠᠮ ᠤᠨ ᠭᠡᠰᠢᠬᠦᠨ ᠪᠠᠭᠰᠢ ᠨᠠᠷ ᠢᠶᠠᠨ ᠲᠠᠶᠢᠴᠢᠯᠠᠨ ᠨᠠᠮ ᠤᠨ ᠠᠷᠪᠡ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠵᠢᠴᠢ ᠰᠢ ᠶᠢᠨ ᠫᠢᠩ ᠵᠡᠷᠦᠩᠬᠡᠢ ᠱᠦᠵᠢ ᠶᠢᠨ ᠨᠠᠮ ᠤᠨ ᠲᠦᠪ ᠬᠤᠷᠢᠶᠠᠨ ᠤ ᠤᠯᠤᠰ ᠲᠦᠷᠥ ᠶᠢᠨ ᠲᠤᠪᠴᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠭᠡᠯ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠠ ᠶᠢᠨ ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠤᠪᠵᠢᠬᠦᠯᠭᠡ ᠵᠢᠴᠢ 2035 ᠤᠨ ᠤ ᠬᠠᠷᠠᠯᠳᠠ ᠶᠢ ᠲᠤᠭᠳᠠᠭᠠᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠰᠠᠨᠠᠭᠤᠯᠭ᠎ᠠ ᠶᠢ ᠬᠢᠨᠠᠨ ᠵᠦᠪᠯᠡᠭᠰᠡᠨ ᠪᠠᠳᠤᠯᠠᠪᠤᠷᠢ ᠶᠢ ᠰᠤᠷᠤᠯᠴᠠᠭᠰᠠᠨ ᠪᠠᠶᠢᠨ᠎ᠠ᠃       ︽ᠪᠢ ᠨᠢᠭᠡᠨ ᠨᠠᠮ ᠤᠨ ᠭᠡᠰᠢᠬᠦᠨ ᠪᠤᠯᠤᠭᠰᠠᠨ ᠤ ᠬᠤᠪᠢ ᠳᠤ ᠲᠠᠭᠠᠭᠤᠯᠤᠭᠴᠢ ᠦᠢᠯᠡᠳᠤᠯ ᠢᠶᠠᠨ ᠪᠠᠳᠠᠷᠠᠭᠤᠯᠬᠤ ᠬᠡᠷᠡᠭᠳᠡᠢ ᠭᠡᠳᠡᠭ ᠢ ᠲᠤᠰ ᠤᠳᠠᠭᠠᠨ ᠤ ᠰᠤᠷᠤᠯᠴᠠᠯᠭ᠎ᠠ ᠪᠠᠷ ᠲᠠᠮᠵᠢᠨ ᠮᠡᠳᠡᠯ᠎ᠠ᠃ ᠡᠩ ᠲᠡᠷᠢᠬᠦᠨ ᠳᠤ᠂ ᠮᠠᠷᠺᠰ ᠯᠧᠨᠢᠨ ᠤ ᠦᠵᠡᠯ᠂ ᠮᠠᠥ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠥ ᠫᠢᠩ ᠤᠨ ᠤᠨᠤᠯ᠂ ᠭᠤᠷᠪᠠ ᠶᠢ ᠲᠦᠯᠤᠭᠡᠯᠡᠬᠦ ᠴᠢᠬᠤᠯᠠ ᠦᠵᠡᠯ ᠰᠠᠨᠠᠭ᠎ᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠥᠮ ᠤᠨ ᠦᠵᠡᠯ ᠰᠠᠨᠠᠭ᠎ᠠ᠂ ᠨᠠᠮ ᠤᠨ ᠱᠤᠭᠤᠮ᠂ ᠴᠢᠭᠯᠡᠯᠳᠡ᠂ ᠲᠦᠷᠥ ᠶᠢᠨ ᠪᠤᠳᠤᠯᠭ᠎ᠠ ᠵᠢᠴᠢ ᠲᠤᠬᠠᠢᠢᠯᠠᠭᠰᠠᠨ ᠠᠵᠢᠯ ᠤᠨ ᠮᠡᠳᠡᠯᠭᠡ ᠮᠡᠷᠭᠡᠵᠢᠯ ᠢ ᠴᠢᠷᠮᠠᠶᠢᠨ ᠰᠤᠷᠤᠯᠴᠠᠵᠤ᠂ ᠠᠷᠠᠳ ᠲᠦᠮᠡᠨ ᠳᠤ ᠰᠠᠶᠢᠳᠤᠷ ᠦᠢᠯᠡᠴᠢᠯᠡᠬᠦ ᠤᠬᠠᠮᠰᠠᠷ ᠴᠢᠳᠠᠪᠤᠷᠢ ᠪᠠᠨ ᠲᠡᠭᠡᠭᠰᠢᠯᠡᠬᠦᠯᠤᠨ᠎ᠠ᠃ ᠬᠤᠶᠠᠷ ᠲᠤ᠂ ᠨᠠᠮ ᠤᠨ ᠱᠤᠭᠤᠮ᠂ ᠴᠢᠭᠯᠡᠯᠳᠡ᠂ ᠲᠦᠷᠥ ᠶᠢᠨ ᠪᠤᠳᠤᠯᠭ᠎ᠠ ᠶᠢ ᠪᠤᠳᠠᠳᠠᠢ ᠠᠵᠢᠯ ᠲᠠᠢ ᠪᠠᠨ ᠤᠶᠠᠯᠳᠤᠭᠤᠯᠵᠦ᠂ ᠦᠭᠡᠷᠡᠴᠢᠯᠡᠯᠳᠠ ᠨᠡᠭᠡᠭᠡᠯᠳᠠ ᠪᠠ ᠨᠡᠶᠢᠭᠡᠮ ᠵᠢᠷᠤᠮᠳᠤ ᠤᠳᠤᠬᠢᠴᠢᠯᠠᠯᠳᠠ ᠶᠢᠨ ᠪᠦᠳᠤᠭᠡᠨ ᠪᠠᠶᠢᠭᠤᠯᠤᠯᠳᠠ ᠳᠤ ᠢᠳᠡᠪᠬᠢᠯᠠᠨ ᠤᠷᠤᠯᠴᠠᠨ᠎ᠠ ᠃ ᠭᠤᠷᠪᠠ ᠳᠤ᠂ ᠨᠠᠮ ᠪᠠ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ ᠳᠤ ᠲᠠᠯᠪᠢᠵᠦ᠂ ᠬᠦᠴᠢᠷ ᠢ ᠤᠷᠢᠳᠠᠪᠡᠷ ᠲᠤᠭᠤᠯᠵᠦ᠂ ᠵᠤᠯ ᠵᠢᠷᠭᠠᠯ ᠢ ᠬᠤᠶᠢᠨ᠎ᠠ ᠨᠢ ᠡᠳ᠋ᠯᠡᠵᠤ᠂ ᠬᠡᠥᠬᠡᠳ ᠤᠨ ᠢᠶᠠᠨ ᠲᠦᠯᠤᠭᠡ ᠠᠯᠢᠪᠠ ᠪᠠᠨ ᠵᠤᠷᠢᠭᠤᠯᠤᠨ᠎ᠠ᠃ ᠲᠦᠷᠪᠡ ᠳᠤ᠂ ᠨᠠᠮ ᠤᠨ ᠰᠠᠬᠢᠯᠭ᠎ᠠ ᠪᠠᠳᠤ ᠶᠤᠰᠤ ᠲᠦᠷᠢᠮ᠂ ᠤᠯᠤᠰ ᠤᠨ ᠬᠠᠥᠯᠢ ᠴᠠᠭᠠᠵᠠ ᠬᠠᠥᠯᠢ ᠲᠤᠭᠳᠠᠭᠠᠯ ᠢ ᠤᠬᠠᠮᠰᠠᠷ ᠠᠴᠠ ᠪᠠᠨ ᠰᠠᠬᠢᠵᠤ᠂ ᠵᠤᠬᠢᠶᠠᠨ ᠪᠠᠶᠢᠭᠤᠯᠤᠯᠳᠠ ᠠᠴᠠ ᠲᠠᠭᠠᠭᠠᠯᠭᠠᠬᠰᠠᠨ ᠡᠭᠦᠷᠭᠡ ᠶᠢ ᠰᠠᠶᠢᠳᠤᠷ ᠪᠡᠶᠡᠯᠡᠭᠦᠯᠵᠦ᠂ ᠨᠠᠮ ᠳᠤ ᠪᠠᠨ ᠦᠨᠡᠨᠴᠢ ᠰᠢᠳᠤᠷᠭᠤ ᠦᠢᠯᠡᠴᠢᠯᠡᠨ᠎ᠠ᠃ ᠬᠠᠮᠤᠭ ᠰᠡᠬᠦᠯ ᠳᠤ᠂ ᠨᠡᠶᠢᠭᠡᠮ ᠵᠢᠷᠤᠮ ᠤᠨ ᠰᠢᠨ᠎ᠠ ᠬᠡᠪ ᠰᠤᠷᠳᠠᠯ ᠢ ᠪᠠᠳᠠᠷᠠᠭᠤᠯᠵᠤ᠂ ᠨᠡᠶᠢᠭᠡᠮ ᠵᠢᠷᠥᠮ ᠤᠨ ᠭᠤᠥᠯᠯᠠᠭᠴᠢ ᠦᠷᠳᠡᠭ ᠤᠨ ᠦᠵᠡᠯᠳᠠ ᠪᠤᠯᠤᠨ ᠨᠡᠶᠢᠭᠡᠮ ᠵᠢᠷᠤᠮ ᠤᠨ ᠢᠷᠠᠭᠤ ᠠᠯᠳᠠᠷ ᠤᠨ ᠦᠵᠡᠯᠳᠡ ᠶᠢ ᠪᠠᠳᠤ ᠴᠡᠭᠡᠵᠢᠯᠡᠵᠦ᠂ ᠢᠴᠢᠬᠦᠷᠢ ᠭᠤᠳᠤᠮᠰᠢᠭ ᠶᠢ ᠢᠯᠭᠠᠨ ᠲᠠᠨᠢᠵᠦ᠂ ᠶᠤᠰᠤ ᠲᠦᠷᠢᠮ ᠢ ᠡᠷᠬᠢᠮᠯᠡᠵᠤ᠂ ᠲᠤᠮᠳᠠᠳᠤ ᠶᠢᠨ ᠦᠨᠳᠤᠰᠤᠳᠡᠨ ᠤ ᠤᠯᠠᠮᠵᠢᠯᠠᠯᠳᠤ ᠰᠤᠷᠳᠠᠯ ᠢ ᠪᠠᠳᠠᠷᠠᠭᠤᠯᠤᠨ᠂ ᠤᠯᠤᠰ ᠤᠷᠤᠨ ᠪᠠ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢᠨ ᠲᠦᠯᠤᠭᠡ ᠬᠦᠴᠢᠷ ᠵᠤᠪᠠᠭᠤᠷᠢ ᠠᠶᠤᠯ ᠲᠦᠭᠰᠢᠬᠦᠷᠢ ᠲᠤᠯᠭᠠᠷᠠᠬᠤ ᠦᠶ᠎ᠠ ᠳᠤ ᠴᠡᠭᠡᠵᠢ ᠲᠡᠨᠢᠢᠨ ᠤᠷᠤᠬᠰᠢᠯᠠᠵᠦ᠂ ᠦᠷᠡᠭᠳᠡᠯ ᠰᠦᠢᠳᠤᠯ ᠠᠴᠠ ᠠᠶᠤᠬᠤ ᠦᠭᠡᠢ ᠪᠠᠷ ᠠᠵᠢᠯ ᠳᠤ ᠪᠠᠨ ᠰᠢᠭᠤᠷᠬᠠᠢᠢᠯᠠᠨ᠎ᠠ︾ ᠭᠡᠵᠤ ᠪᠠᠢ ᠰᠠᠷᠠᠨ᠎ᠠ ᠪᠠᠭᠰᠢ ᠰᠤᠷᠤᠯᠴᠠᠭᠰᠠᠨ ᠲᠦᠷᠥᠭᠳᠡᠯ ᠢᠶᠠᠨ ᠬᠤᠪᠢᠶᠠᠯᠴᠠᠨ᠎ᠠ᠃  ︵ᠰᠤᠷᠪᠤᠯᠵᠢᠯᠠᠭᠴᠢ ᠴᠤᠯᠮᠤᠨ︶  
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号